ᠦᠥᠰᠢᠨᠵᠤᠤ ᠪᠠᠯᠭᠠᠰᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠠᠨ ᠤᠳᠬ᠎ᠠ ᠲᠡᠭᠦᠯᠳᠡᠷ ᠲᠡᠮᠲᠡᠭᠯᠡᠯ᠎ᠡ
ᠨᠡᠶᠢᠲᠡᠯᠡᠭᠰᠡᠨ ᠴᠠᠭ᠄
2019-07-23
     7 ᠰᠠᠷ᠎ᠠ ᠶᠢᠨ 16 ᠤ ᠡᠳᠦᠷ ᠠᠴᠠ 18 ᠤ ᠡᠳᠦᠷ᠂ ᠦᠥᠰᠢᠨᠵᠤᠤ ᠪᠠᠯᠭᠠᠰᠤᠨ ᠤ ᠦᠥᠰᠢᠨᠵᠤᠤ ᠭᠠᠴᠠᠭ᠎ᠠ ︽ᠮᠠᠯᠴᠢᠳ ᠤᠨ ᠦᠷᠡᠰ︾ ᠰᠤᠶᠤᠯ ᠪᠡᠶ᠎ᠡ ᠲᠠᠮᠢᠷ ᠤᠨ ᠴᠤᠭᠯᠠᠭᠠᠨ ᠢ ᠥᠷᠨᠢᠭᠦᠯᠵᠤ ᠡᠬᠡ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠳᠬ᠎ᠠ ᠲᠡᠭᠦᠯᠳᠡᠷ ᠲᠤᠷᠠᠰᠬᠠᠨ ᠲᠠᠮᠳᠡᠭᠯᠠᠯ᠎ᠠ᠃ ᠴᠤᠭᠯᠠᠭᠠᠨ ᠲᠡᠭᠡᠷ᠎ᠡ ᠡᠷ᠎ᠡ ᠶᠢᠨ ᠭᠤᠷᠪᠠᠨ ᠨᠠᠭᠠᠳᠤᠮ᠂  ᠲᠡᠭᠡᠰᠦ ᠲᠠᠲᠠᠬᠤ᠂ ᠬᠡᠢ ᠪᠦᠮᠪᠦᠭᠡ ᠲᠡᠯᠪᠡᠯᠡᠬᠦ᠂ ᠴᠠᠮ ᠪᠦᠵᠢᠭ᠂ ᠤᠯᠠᠭᠠᠨᠮᠦ᠋ᠴᠢᠷ  ᠤᠨ ᠲᠤᠭᠯᠠᠯᠲᠠ ᠵᠡᠷᠭᠡ ᠡᠯ᠎ᠡ ᠲᠦᠷᠦᠯ ᠤᠨ ᠠᠵᠢᠯᠯᠠᠭ᠎ᠠ ᠶᠢ ᠶᠠᠪᠤᠭᠳᠠᠭᠤᠯᠵᠦ ᠬᠤᠷᠠᠭᠰᠠᠨ ᠮᠠᠯᠴᠢᠳ ᠬᠠᠮᠲᠤᠪᠠᠷ ᠪᠠᠶᠠᠰᠤᠯ ᠲᠠᠢ ᠦᠩᠭᠡᠷᠡᠭᠡᠪᠡ᠃      ︽ᠮᠠᠯᠴᠢᠳ ᠤᠨ ᠦᠷᠡᠰ︾ ᠰᠤᠶᠤᠯ ᠪᠡᠶ᠎ᠡ ᠲᠠᠮᠢᠷ ᠤᠨ ᠴᠤᠭᠯᠠᠭᠠᠨ ᠢ 2004 ᠤᠨ ᠠᠴᠠ ᠡᠬᠢᠯᠡᠨ ᠬᠢᠭᠰᠡᠨ ᠠᠴᠠ ᠨᠠᠰᠢ ᠨᠤᠲᠤᠭ ᠤᠨ ᠮᠠᠯᠴᠢᠳ ᠤᠨ ᠬᠦᠷᠢᠶᠡᠯᠡᠯ ᠢ ᠣᠯᠵᠦ ᠡᠯ᠎ᠡ ᠭᠠᠴᠠᠭᠠᠨ ᠤ ᠮᠠᠯᠴᠢᠳ ᠵᠢᠯ ᠪᠦᠷᠢ ᠡᠭᠡᠯᠵᠢᠯᠡᠵᠤ ᠪᠠᠷᠢᠮᠲᠠᠯᠠᠨ ᠶᠠᠪᠤᠭᠳᠠᠭᠤᠯᠤᠭᠰᠠᠭᠠᠷ ᠢᠷᠡᠵᠦ ᠤᠷᠳᠤᠰ ᠲᠤᠭᠠᠯᠠᠯ ᠤᠨ ᠶᠢᠰᠦᠨ ᠰᠠᠷ᠎ᠠ ᠶᠢᠨ ᠠᠷᠪᠠᠨ ᠲᠠᠪᠤᠨ ᠤ ᠡᠳᠦᠷ ᠪᠤᠯᠳᠠᠭ ᠴᠠᠮ ᠪᠦᠵᠢᠭ ᠲᠠᠢ ᠲᠤᠬᠢᠶᠠᠯᠳᠤᠭᠤᠯᠤᠨ ᠬᠢᠳᠡᠭ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号