7 ᠰᠠᠷ᠎ᠠ ᠶᠢᠨ 16 ᠤ ᠡᠳᠦᠷ ᠠᠴᠠ 17 ᠤ ᠡᠳᠦᠷ ᠪᠤᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠤ ᠷᠦᠢ ᠵᠢᠶᠧ ᠮᠠᠨ ᠤ ᠬᠤᠰᠢᠭᠤᠨ ᠳᠤ | ᠢᠷᠠᠵᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ | ᠵᠢᠭᠠᠨ ᠵᠢᠯᠤᠭᠤᠳᠤᠯᠭ᠎ᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ ᠲᠡᠳ᠋ | ᠳᠠᠷᠤᠭ᠎ᠠ ᠵᠢᠩᠬᠢᠨᠢ ᠭᠠᠵᠠᠷ ᠤᠨ ᠳᠡᠰ ᠤᠨ ᠵᠤᠬᠢᠶᠠᠨ ᠪᠠᠶᠢᠭᠤᠯᠤᠭᠴᠢ ᠵᠠᠩ ᠫᠧᠩ ᠴᠧᠩ ᠵᠢᠴᠢ ᠬᠤᠲᠠ ᠶᠢᠨ ᠨᠠᠮ | ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠤ᠋ ᠰᠢᠨ | ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ | ᠡᠷᠬᠢᠯᠡᠭᠴᠢ ᠵᠤᠤ ᠶᠦᠩ ᠹᠧᠩ ᠪᠠᠷᠠᠳᠠᠨ ᠪᠠᠶᠢᠴᠠᠭᠠᠪᠠ᠃ | | | | | | | | | | | | | ᠵᠦᠩ ᠲᠢᠶᠠᠨ ᠾᠧ ᠴᠤᠸᠠᠩ ᠺᠤᠮᠫᠠᠨᠢ ᠶᠢᠨ ᠨᠡᠭᠦᠷᠡᠰᠦ ᠶᠢ ᠨᠠᠷᠢᠯᠢᠭ ᠪᠤᠯᠪᠠᠰᠤᠷᠠᠭᠤᠯᠬᠤ ᠳᠠᠭᠤᠷᠢᠶᠠᠯ | ᠲᠦᠷᠦᠯ ᠵᠦᠢᠯ ᠪᠠ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ 100 ᠲᠦᠮᠡᠨ ᠲᠤᠨ ᠤ ᠨᠡᠶᠢᠯᠡᠯᠭᠡ | ᠰᠢᠪᠲᠤᠷ 175 ᠲᠦᠮᠡᠨ ᠲᠤᠨ ᠤ ᠰᠢᠭᠡᠰᠦᠯᠢᠭ ᠡᠳ᠋ ᠤᠨ ᠲᠦᠷᠦᠯ ᠵᠦᠢᠯ ᠤᠨ ᠤᠷᠤᠨ ᠳᠤ ᠯᠢᠤ ᠷᠦᠢ ᠵᠢᠶᠧ ᠡᠯ᠎ᠡ | ᠲᠦᠷᠦᠯ ᠵᠦᠢᠯ ᠤᠨ ᠲᠤᠶᠢᠮᠤ ᠪᠠᠶᠢᠳᠠᠯ᠂ ᠦᠢᠯᠡᠳᠪᠦᠷᠢᠯᠡᠯ ᠤᠨ ᠶᠠᠪᠤᠴᠠ᠂ ᠦᠢᠯᠡᠳᠭᠦᠨ ᠤ ᠬᠡᠯᠬᠢᠶᠡᠵᠢᠯ ᠵᠡᠷᠭᠡ | ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠴᠤ ᠠᠵᠤ ᠠᠬᠤᠶᠢᠯᠠᠯ ᠤᠨ ᠨᠠᠮ ᠤᠨ ᠵᠤᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠪᠠ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠢ ᠦᠷᠨᠢᠭᠦᠯᠦᠭᠰᠡᠨ ᠪᠠᠶᠢᠳᠠᠯ ᠢ ᠨᠠᠷᠢᠯᠢᠭ ᠤᠶᠢᠯᠠᠭᠠᠭᠰᠠᠨ ᠤ | ᠳᠠᠷᠠᠭ᠎ᠠ ᠵᠢᠭᠠᠵᠦ ᠭᠠᠷᠭᠠᠬᠤ ᠳᠠᠭᠠᠨ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠢ ᠪᠤᠳᠠᠲᠠᠢ ᠦᠷᠨᠢᠭᠦᠯᠵᠦ ᠤᠨᠤᠯ ᠤᠨ ᠰᠤᠷᠤᠯᠴᠠᠯᠭ᠎ᠠ ᠪᠠᠨ | ᠴᠢᠩᠭᠠᠳᠬᠠᠨ ᠠᠵᠢᠯᠯᠠᠭᠠᠨ ᠤ ᠬᠡᠯᠪᠡᠷᠢ ᠪᠠᠨ ᠰᠢᠨᠡᠴᠢᠯᠡᠵᠦ ᠠᠵᠤ ᠠᠬᠤᠶᠢᠯᠠᠯ ᠤᠨ ᠴᠢᠨᠠᠷ ᠰᠠᠶᠢᠲᠠᠢ ᠬᠦᠭᠵᠢᠯᠲᠡ ᠶᠢᠨ | ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠬᠠᠷᠢᠴᠠᠭᠤᠯᠤᠨ ᠤᠯᠠᠮ ᠨᠢᠭᠡ ᠠᠯᠬᠤᠮ ᠪᠤᠳᠤᠯᠬᠢᠯᠠᠵᠦ ᠠᠷᠭ᠎ᠠ | ᠠᠪᠴᠠᠯ ᠢ ᠴᠢᠬᠤᠯᠴᠢᠯᠠᠨ ᠪᠤᠳᠠᠲᠤ ᠦᠢᠯᠠᠳᠦᠯ ᠢ ᠬᠦᠭᠡᠭᠡᠴᠡᠯᠳᠤᠵᠦ ᠭᠤᠤᠯ ᠰᠡᠳᠦᠪᠲᠦ ᠬᠦᠮᠦᠵᠢᠯ ᠢ ᠦᠷᠨᠢᠭᠦᠯᠭᠦ | ᠤᠷᠭᠢᠯᠤᠮ᠎ᠠ ᠰᠡᠳᠭᠢᠯ ᠪᠠ ᠡᠷᠴᠢ ᠴᠢᠳᠠᠯ ᠢᠶᠠᠨ ᠠᠵᠤ ᠠᠬᠤᠶᠢᠯᠠᠯ ᠤᠨ ᠬᠦᠭᠵᠢᠯᠲᠡ ᠶᠢ ᠲᠦᠯᠬᠢᠨ ᠠᠬᠢᠭᠤᠯᠬᠤ | ᠴᠢᠩᠭ᠎ᠠ ᠶᠡᠭᠡ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ | ᠤᠬᠠᠭᠤᠯᠭ᠎ᠠ ᠶᠢᠨ ᠰᠢᠨ᠎ᠠ ᠶᠢ ᠡᠭᠦᠳᠴᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠲᠤᠳᠤᠭᠠᠲᠤ | ᠠᠭᠤᠯᠬᠤᠨ ᠢ ᠳᠡᠭᠡᠭᠰᠢᠯᠡᠭᠦᠯᠤᠨ ᠨᠠᠮ ᠤᠨ ᠪᠠᠶᠢᠭᠤᠯᠤᠯᠲᠠ ᠶᠢᠨ ᠤᠳᠤᠷᠢᠳᠤᠨ ᠳᠠᠭᠠᠭᠤᠯᠬᠤ ᠪᠠ ᠨᠠᠮ ᠤᠨ ᠭᠡᠰᠢᠭᠦᠨ | ᠤ ᠳᠠᠭᠤᠷᠢᠶᠠᠯ ᠳᠠᠭᠠᠭᠤᠯᠤᠭᠴᠢ ᠶᠢᠨ ᠦᠢᠯᠠᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠢ᠃ ᠠᠵᠤ ᠠᠬᠤᠶᠢᠯᠠᠯ ᠤᠨ | ᠨᠠᠮ ᠤᠨ ᠪᠠᠶᠢᠭᠤᠯᠤᠯᠲᠠ ᠶᠢᠨ ᠠᠵᠢᠯ ᠤᠨ ᠭᠢᠯᠠᠰ ᠴᠡᠭ ᠤᠨᠴᠠᠭᠠᠶᠢᠯᠠᠨ ᠨᠡᠭᠦᠳᠡᠯ ᠨᠠᠮ ᠤᠨ ᠭᠡᠰᠢᠭᠦᠨ ᠤ | ᠬᠠᠮᠢᠶᠠᠷᠤᠯᠲᠠ ᠵᠡᠷᠭᠡ ᠲᠠᠯ᠎ᠠ ᠳᠠᠬᠢ ᠲᠤᠷᠰᠢᠯᠭ᠎ᠠ ᠠᠷᠭ᠎ᠠ ᠠᠪᠴᠠᠯ ᠢ ᠭᠦᠨᠵᠡᠭᠡᠢ ᠠᠭᠤᠲᠠᠯᠠᠵᠦ ᠤᠬᠠᠭᠤᠯᠤᠨ | ᠮᠡᠳᠡᠭᠡᠯᠡᠵᠦ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠦᠭᠵᠢᠯᠲᠡ ᠶᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ ᠭᠡᠵᠡᠢ᠃ | | | | | | | | | | ᠤᠯᠠᠭᠠᠨᠲᠤᠯᠤᠭᠠᠢ ᠪᠠᠯᠭᠠᠰᠤᠨ ᠤ ᠪᠠᠶᠠᠠᠭᠤᠤᠯ ᠭᠠᠴᠠᠭ᠎ᠠ᠂ ᠪᠠᠶ᠋ᠬᠠᠤᠪᠤᠭ᠎ᠠ ᠭᠠᠴᠠᠭ᠎ᠠ ᠪᠠ ᠰᠢᠷᠬᠤᠰᠣᠨ | ᠪᠠᠯᠭᠠᠰᠤᠨ ᠤ ᠸᠠᠩ ᠶᠤᠤ ᠸᠠᠨ ᠲᠤᠰᠬᠤᠨ ᠳᠤ ᠯᠢᠤ ᠷᠦᠢ ᠵᠢᠶᠧ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠠᠷᠢᠯᠢᠭ ᠤᠶᠢᠯᠠᠭᠠᠭᠰᠠᠨ ᠪᠦᠭᠡᠳ ᠲᠤᠬᠠᠢ ᠶᠢᠨ ᠭᠠᠵᠠᠷ ᠲᠤ | ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠪᠠᠶᠢᠭᠤᠯᠤᠯᠲᠠ᠂ ᠬᠤᠷᠰᠢᠭᠰᠠᠨ ᠠᠵᠤ ᠠᠬᠤᠢ ᠶᠢᠨ | ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠡᠭᠦᠷ ᠤᠨ | ᠪᠠᠷᠢᠮᠵᠢᠶᠠᠵᠢᠭᠤᠯᠤᠯᠲᠠ᠂ ᠳᠦᠷᠢᠮᠵᠢᠭᠦᠯᠦᠯᠲᠡ᠂ ᠪᠦᠲᠦᠭᠡᠨ ᠪᠠᠶᠢᠭᠤᠯᠤᠯᠲᠠ ᠵᠡᠷᠭᠡ ᠶᠢᠨ ᠪᠠᠶᠢᠳᠠᠯ ᠢ ᠪᠠᠶᠢᠴᠠᠭᠠᠨ | ᠦᠵᠡᠪᠡ᠃ ᠯᠢᠤ ᠷᠦᠢ ᠵᠢᠶᠧ ᠴᠢᠬᠤᠯᠠᠴᠢᠯᠠᠬᠤ ᠳᠤ ᠪᠠᠨ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠢ ᠤᠷᠢᠳᠴᠢᠯᠠᠨ ᠰᠤᠷᠤᠯᠴᠠᠬᠤ ᠵᠡᠷᠭᠡ | ᠬᠠᠮᠢᠶ᠎ᠠ ᠪᠦᠬᠦᠢ ᠪᠡᠯᠡᠳᠭᠡᠯ ᠠᠵᠢᠯ ᠢ ᠰᠠᠶᠢᠲᠤᠷ ᠬᠢᠵᠦ ᠡᠯ᠎ᠡ ᠭᠠᠴᠠᠭ᠎ᠠ ᠲᠤᠰᠬᠤᠨ ᠳᠤ ᠤᠷᠤᠰᠢᠵᠦ ᠪᠠᠶᠢᠭ᠎ᠠ | ᠠᠰᠠᠭᠤᠳᠠᠯ ᠳᠤ ᠴᠢᠭᠯᠡᠭᠦᠯᠦᠨ ᠭᠦᠨᠵᠡᠭᠡᠢ ᠪᠠᠶᠢᠴᠠᠭᠠᠯᠲᠠ ᠪᠠ ᠪᠦᠬᠦ ᠲᠠᠯ᠎ᠠ ᠶᠢᠨ ᠡᠮᠬᠢᠯᠡᠯ ᠬᠢᠵᠦ ︽ᠤᠭ ᠰᠠᠨᠠᠭ᠎ᠠ | ᠪᠠᠨ ᠪᠠᠷᠢᠮᠲᠠᠯᠠᠨ᠂ ᠡᠭᠦᠷᠭᠡ ᠲᠤᠰᠢᠶᠠᠯ ᠢᠶᠠᠨ ᠭᠥᠢᠴᠡᠳᠭᠡᠵᠤ᠂ ᠵᠦᠷᠢᠶ᠎ᠡ ᠶᠢ ᠡᠷᠢᠨ᠂ ᠨᠠᠶᠢᠳᠠᠪᠤᠷᠢᠵᠢᠭᠤᠯᠤᠯᠳᠠ ᠶᠢ | ᠠᠳᠬᠤᠬᠤ︾ ᠶᠡᠷᠤᠩᠬᠡᠢ ᠱᠠᠭᠠᠷᠳᠠᠯᠭ᠎ᠠ ᠶᠤᠰᠤᠭᠠᠷ ᠠᠰᠠᠭᠤᠳᠠᠯ ᠢ ᠨᠢᠭᠡ ᠨᠢᠭᠡ ᠪᠠᠷ ᠰᠢᠢᠳᠪᠦᠷᠢᠯᠡᠵᠦ ᠭᠤᠤᠯ | ᠰᠡᠳᠦᠪᠲᠦ ᠬᠦᠮᠦᠵᠢᠯ ᠤᠨ ᠦᠷᠨᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠠᠢ᠃ ᠦᠨᠳᠦᠰᠦᠨ ᠱᠠᠲᠤᠨ ᠤ | ᠨᠠᠮ ᠤᠨ ᠵᠤᠬᠢᠶᠠᠨ ᠪᠠᠶᠢᠭᠤᠯᠤᠯᠲᠠ ᠶᠢᠨ ᠵᠢᠯᠤᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠤᠨ ︽ᠨᠠᠮ ᠤᠨ | ᠪᠠᠶᠢᠭᠤᠯᠤᠯᠲᠠ+︾᠂ ︽ᠤᠷᠤᠨ ᠪᠦᠰᠡ ᠶᠢᠨ ᠴᠢᠨᠠᠷᠲᠠᠢ ᠨᠠᠮ ᠤᠨ ᠪᠠᠶᠢᠭᠤᠯᠤᠯᠲᠠ ᠶᠢᠨ ᠬᠠᠮᠲᠤ ᠶᠢᠨ ᠴᠤᠭᠴᠠ︾ | ᠵᠡᠷᠭᠡ ᠠᠵᠢᠯ ᠤᠨ ᠬᠡᠯᠪᠡᠷᠢ ᠶᠢ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠮᠠᠶ᠋ᠢᠭ ᠢᠶᠠᠷ ᠦᠨᠳᠦᠰᠦᠨ ᠱᠠᠳᠤᠨ ᠤ | ᠨᠠᠮ ᠤᠨ ᠪᠠᠶᠢᠭᠤᠯᠤᠯᠲᠠ ᠶᠢᠨ ᠠᠵᠢᠯ ᠢ ᠦᠷᠨᠢᠭᠦᠯᠤᠨ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠭᠠᠴᠠᠭ᠎ᠠ ᠲᠤᠰᠬᠤᠨ ᠤ ᠬᠠᠮᠲᠤ ᠶᠢᠨ | ᠠᠵᠤ ᠠᠬᠤᠢ ᠶᠢᠨ ᠲᠦᠯᠦᠪᠵᠢᠭᠦᠯᠭᠡ ᠶᠢ ᠰᠠᠶᠢᠲᠤᠷ ᠬᠢᠵᠦ ᠲᠤᠬᠠᠢ ᠶᠢᠨ ᠭᠠᠵᠠᠷ ᠲᠤ ᠨᠢ ᠲᠤᠭᠢᠷᠠᠭᠤᠯᠤᠨ ᠠᠮᠢ | ᠠᠬᠤᠢ ᠶᠢ ᠤᠷᠢᠳᠠᠪᠠᠷ ᠪᠤᠳᠤᠯᠭᠢᠯᠠᠭᠰᠠᠨ᠂ ᠪᠤᠬᠢᠷᠳᠤᠯ ᠦᠭᠡᠢ ᠬᠦᠭᠵᠢᠯᠲᠡ ᠶᠢ ᠪᠠᠷᠢᠮᠲᠠᠯᠠᠭᠰᠠᠨ᠂ ᠬᠠᠮᠲᠤ ᠶᠢᠨ ᠠᠵᠤ | ᠠᠬᠤᠢ ᠶᠢᠨ ᠪᠤᠳᠠᠲᠤ ᠭᠦᠴᠦᠨ ᠴᠢᠩᠭ᠎ᠠ᠂ ᠳᠠᠭᠠᠭᠤᠯᠤᠨ ᠪᠠᠶᠠᠵᠢᠬᠤ ᠴᠢᠳᠠᠪᠤᠷᠢ ᠪᠠᠷ ᠴᠢᠩᠭ᠎ᠠ ᠭᠠᠴᠠᠭ᠎ᠠ ᠲᠤᠰᠬᠤᠨ | ᠤ ᠬᠠᠮᠲᠤ ᠶᠢᠨ ᠠᠵᠤ ᠠᠬᠤᠢ ᠶᠢ ᠬᠦᠮᠦᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠮᠠᠯᠴᠢᠨ ᠲᠠᠷᠢᠶᠠᠴᠢᠨ ᠢ | ᠦᠷᠭᠡᠨ ᠢᠶᠠᠷ ᠲᠠᠳᠠᠨ ᠤᠷᠤᠯᠴᠠᠭᠤᠯᠵᠦ ᠮᠠᠯᠵᠢᠬᠤ ᠲᠠᠷᠢᠶᠠᠯᠠᠬᠤ ᠤᠷᠤᠨ ᠤ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ | ᠤ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠬᠦᠴᠦᠷᠬᠡᠭᠵᠢᠬᠦᠯᠤᠨ ᠭᠠᠴᠠᠭ᠎ᠠ ᠲᠤᠰᠬᠤᠨ ᠤ ᠬᠠᠮᠲᠤ | ᠶᠢᠨ ᠠᠵᠦ ᠠᠬᠤᠢ ᠶᠢ ᠬᠦᠭᠵᠢᠭᠦᠯᠵᠦ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ | ᠬᠡᠷᠡᠭᠲᠡᠢ ᠭᠡᠵᠡᠢ᠃ | | | | | | | | | | ᠪᠠᠶᠢᠴᠠᠭᠠᠨ ᠰᠤᠳᠤᠯᠤᠯᠲᠠ ᠳᠤᠮᠲᠠ ᠯᠢᠤ ᠷᠦᠢ ᠵᠢᠶᠧ ᠪᠠᠰᠠ ᠰᠢᠷᠬᠤᠰᠣ ︽ᠨᠢᠭᠡ ᠭᠤᠤᠯ ᠭᠤᠷᠪᠠᠨ | ᠴᠡᠴᠡᠷᠯᠢᠭ︾ ᠤᠨ ᠦᠵᠡᠰᠭᠦᠯᠡᠩ ᠤᠨ ᠤᠷᠳᠤᠨ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ | ᠬᠤᠰᠢᠭᠤᠨ ᠤ ᠬᠤᠷᠢᠶ᠎ᠠ ᠶᠢᠨ ᠠᠯᠪᠠᠯᠠᠬᠤ ᠲᠤᠭᠤᠷᠢᠭ ᠤᠨ ᠬᠠᠭᠤᠴᠢᠨ ᠪᠠᠭᠤᠷᠢ ᠶᠢ ᠲᠤᠭᠤᠷᠢᠨ ᠥᠵᠠᠵᠤ ᠵᠢᠭᠠᠵᠦ | ᠭᠠᠷᠭᠠᠬᠤ ᠳᠤ ᠪᠠᠨ᠂ ᠰᠢᠷᠬᠤᠰᠤ ᠰᠤᠶᠤᠯ ᠢ ᠬᠦᠭᠵᠢᠭᠦᠯᠬᠦ ᠳᠤ ᠨᠡᠭᠡᠭᠡᠨ ᠠᠰᠢᠭᠯᠠᠯᠲᠠ ᠪᠠ ᠬᠠᠮᠠᠭᠠᠯᠠᠯᠲᠠ ᠶᠢ ᠬᠠᠮᠲᠤ | ᠳᠤ ᠨᠢ ᠴᠢᠬᠤᠯᠠᠴᠢᠯᠠᠨ ᠲᠦᠷᠦᠯ ᠵᠦᠢᠯ ᠤᠨ ᠲᠦᠯᠦᠪᠵᠢᠭᠦᠯᠭᠡ ᠶᠢ ᠰᠠᠶᠢᠲᠤᠷ ᠬᠢᠵᠦ ᠵᠤᠭᠠᠴᠠᠯ ᠢ ᠴᠤᠭᠴᠠᠯᠠᠬᠤ᠂ | ᠨᠠᠮ ᠤᠨ ᠰᠢᠨᠵᠢ ᠴᠢᠨᠠᠷ ᠤᠨ ᠬᠦᠮᠦᠵᠢᠯ᠂ ᠠᠮᠢ ᠠᠬᠤᠢ ᠶᠢᠨ ᠬᠠᠮᠠᠭᠠᠯᠠᠯᠲᠠ᠂ ᠬᠠᠭᠤᠴᠢᠳ ᠢ ᠰᠤᠳᠤᠯᠬᠤ ᠵᠡᠷᠭᠡ | ᠲᠠᠯ᠎ᠠ ᠳᠡᠭᠡᠷ᠎ᠡ ᠬᠦᠴᠦ ᠤᠷᠤᠭᠤᠯᠬᠤ ᠬᠡᠷᠡᠭᠲᠡᠢ᠃ ᠦᠦᠰᠢᠨ ᠬᠤᠰᠢᠭᠤᠨ ᠤ ᠬᠤᠪᠢᠰᠬᠠᠯᠳᠤ ᠰᠤᠶᠤᠯ ᠤᠨ | ᠠᠭᠤᠯᠬᠤᠨ ᠢ ᠠᠭᠤᠳᠠᠯᠠᠨ ᠬᠤᠪᠢᠰᠬᠠᠯᠳᠤ ᠰᠤᠶᠤᠯ ᠤᠨ ᠲᠡᠤᠬᠡ ᠶᠢ ᠰᠢᠰᠲ᠋ᠧᠮ ᠲᠠᠢ ᠪᠦᠬᠦ ᠲᠠᠯ᠎ᠠ ᠪᠠᠷ ᠡᠮᠬᠢᠯᠡᠨ | ᠴᠡᠭᠴᠡᠯᠡᠵᠦ ᠪᠤᠷᠤᠪᠠᠯᠭᠠᠰᠤ᠂ ᠶᠠᠨ ᠠᠨ ᠵᠡᠷᠭᠡ ᠬᠤᠪᠢᠰᠬᠠᠯᠳᠤ ᠰᠤᠶᠤᠯ ᠵᠤᠭᠠᠴᠠᠯ ᠤᠨ ᠡᠬᠢ ᠪᠠᠶᠠᠯᠢᠭ ᠲᠠᠢ ᠬᠤᠯᠪᠤᠨ | ᠬᠤᠪᠢᠰᠬᠠᠯᠲᠤ ᠰᠤᠶᠤᠯ ᠤᠨ ᠦᠯᠢᠭᠡᠷ ᠤᠴᠢᠷ ᠢ ᠶᠠᠷᠢᠬᠤ ᠬᠡᠷᠡᠭᠲᠡᠢ ᠬᠡᠪᠡ᠃ | | |