| ᠦᠤᠰᠢᠨ ᠬᠤᠰᠢᠭᠤᠨ ᠤ ᠲᠤᠮᠳᠠ ᠵᠡᠭᠦᠨ ᠪᠡᠶ᠎ᠡ ᠪᠠᠷ ᠲᠡᠯᠡᠭᠡᠢ ᠳᠤ ᠬᠤᠪᠤᠷᠬᠠᠨ ᠲᠤᠬᠢᠶᠠᠯᠳᠤᠬᠤ | ᠭᠠᠶᠢᠬᠠᠮᠰᠢᠭᠳᠤ ᠰᠠᠶᠢᠬᠠᠨ ᠭᠠᠵᠠᠷ ᠪᠠᠶᠢᠳᠠᠭ ᠨᠢ ᠤᠯᠠᠭᠠᠨᠳᠤᠯᠤᠭᠠᠢ ᠪᠤᠯᠤᠨ᠎ᠠ᠃ ᠬᠦᠮᠦᠰ ︽ᠵᠢᠷᠭᠠᠯᠠᠩᠳᠤ | ᠤᠯᠠᠭᠠᠨᠳᠤᠯᠤᠭᠠᠢ︾ ᠬᠡᠵᠤ ᠪᠠᠭ᠋ᠠᠳᠤᠨ ᠲᠠᠭᠤᠳᠠᠳᠠᠭ᠃ | ᠠᠭᠠᠷ ᠲᠠᠬᠢ ᠪᠡᠯᠴᠢᠭᠡᠷ | ᠱᠧᠡᠭ ᠯᠢ ᠲᠤᠰᠬᠤᠨ ᠤ ᠠᠮᠢ ᠠᠬᠤᠢ ᠶᠢᠨ ᠤᠷᠴᠢᠨ ᠲᠤᠭᠤᠷᠢᠨ ᠰᠠᠶᠢᠨ᠂ ᠲᠤᠰᠬᠤᠨ ᠤ ᠰᠤᠷᠳᠠᠯ | ᠠᠷᠠᠳ ᠤᠨ ᠵᠠᠩᠰᠢᠯ ᠨᠢ ᠪᠤᠯᠪᠠᠰᠤᠨ᠂ ᠤᠷᠤᠨ ᠪᠠᠶᠢᠷᠢᠰᠢᠯ ᠤᠨ ᠲᠠᠪᠠᠭᠤᠯᠢᠭ ᠨᠦᠬᠦᠴᠡᠯ ᠲᠠᠢ᠂ ᠡᠬᠢ ᠰᠤᠷᠪᠤᠯᠵᠢ | ᠪᠠᠶᠠᠯᠢᠭ ᠤᠴᠢᠷ ᠠᠴᠠ ᠬᠦᠭᠵᠢᠯᠳᠡ ᠶᠢᠨ ᠲᠠᠯᠳᠠ ᠬᠦᠴᠦᠨ ᠮᠠᠰᠢ ᠶᠡᠭᠡ ᠪᠠᠶᠢᠳᠠᠭ᠃ ᠱᠧᠡᠭ ᠯᠢ ᠲᠤᠰᠬᠤᠨ ᠢ | ᠦᠨᠳᠦᠷ ᠠᠴᠠ ᠪᠠᠷᠠᠯᠠᠪᠠᠯ ᠠᠭᠠᠷ ᠮᠠᠨᠠᠨ ᠤ ᠲᠤᠮᠳᠠᠭᠢ ᠠᠷᠰᠢ ᠶᠢᠨ ᠤᠷᠤᠨ ᠬᠡᠮᠡᠷ ︽ᠠᠭᠠᠷ ᠲᠠᠬᠢ ᠪᠡᠯᠴᠢᠭᠡᠷ︾ | ᠬᠠᠷᠠᠭᠠᠨ ᠳᠤ ᠲᠤᠳᠤᠷᠠᠳᠠᠭ ᠪᠢᠯᠡ᠃ ᠱᠧᠡᠭ ᠯᠢ ᠲᠤᠰᠬᠤᠨ ᠨᠢ ᠭᠠᠵᠠᠷ ᠤᠷᠤᠨ ᠤ ᠲᠠᠪᠠᠭᠤᠯᠢᠭ ᠪᠠ ᠤᠷᠴᠢᠨ | ᠲᠤᠭᠤᠷᠢᠨ ᠤ ᠲᠠᠪᠠᠭᠤᠯᠢᠭ ᠲᠠᠭᠠᠨ ᠲᠦᠰᠢᠭᠯᠡᠨ ᠪᠦᠬᠦ ᠤᠷᠤᠨ ᠪᠦᠰᠡ ᠶᠢᠨ ᠵᠤᠭᠠᠴᠠᠯ ᠢ ᠶᠡᠭᠡ ᠪᠠᠷ ᠬᠦᠭᠵᠢᠬᠦᠯᠵᠤ᠂ | ᠤᠰᠤᠨ ᠴᠦᠭᠦᠷᠡᠮ ᠢ ᠠᠰᠢᠭᠯᠠᠨ ᠵᠤᠭᠠᠴᠠᠯ ᠤᠨ ᠵᠢᠱᠢᠶ᠎ᠡ ᠦᠵᠡᠬᠦᠯᠬᠦ ᠤᠷᠤᠨ ᠢ ᠡᠭᠦᠳᠦᠨ ᠪᠠᠶᠢᠭᠤᠯᠵᠤ᠂ ᠭᠠᠵᠠᠷ | ᠰᠢᠷᠤᠢ ᠶᠢ ᠨᠡᠶᠢᠯᠡᠯᠴᠡᠬᠦᠯᠦᠨ᠂ ᠦᠵᠡᠬᠦᠯᠭᠡ ᠶᠢᠨ ᠲᠠᠷᠢᠶᠠᠯᠠᠩ᠂ ᠰᠡᠯᠡᠭᠦᠴᠡᠨ ᠵᠤᠰᠠᠬᠤ ᠲᠠᠷᠢᠶᠠᠯᠠᠩ ᠵᠡᠷᠭᠡ ᠶᠢ | ᠬᠦᠭᠵᠢᠬᠦᠯᠦᠨ᠂ ᠤᠯᠠᠨ ᠲᠦᠮᠡᠨ ᠤ ᠤᠷᠤᠯᠭ᠎ᠠ ᠶᠢ ᠨᠡᠮᠡᠭᠳᠡᠬᠦᠯᠬᠦ ᠪᠠᠷ ᠲᠦᠯᠦᠪᠯᠡᠵᠤ ᠪᠠᠶᠢᠨ᠎ᠠ᠃ | ᠠᠬᠠᠮᠠᠳ ᠲᠤᠰᠬᠤᠨ ᠤ ᠲᠠᠷᠤᠭ᠎ᠠ ᠶᠢᠨ ᠦᠯᠢᠭᠡᠷ ᠤᠨ ᠴᠤᠭᠯᠠᠭᠤᠯᠭ᠎ᠠ | ︽ᠠᠬᠠᠮᠠᠳ ᠲᠤᠰᠬᠤᠨ ᠤ ᠲᠠᠷᠤᠭ᠎ᠠ ᠶᠢᠨ ᠦᠯᠢᠭᠡᠷ ᠤᠨ ᠴᠤᠭᠯᠠᠭᠤᠯᠭ᠎ᠠ︾ ᠪᠤᠯ ᠰᠤᠷᠭᠠᠨ ᠬᠦᠮᠦᠵᠢᠯ᠂ | ᠪᠤᠯᠪᠠᠰᠤᠷᠠᠯ᠂ ᠲᠡᠯᠭᠡᠨ ᠦᠵᠡᠬᠦᠯᠭᠡ ᠪᠠ ᠦᠢᠯᠡᠳᠦᠯᠭᠡ ᠶᠢ ᠴᠤᠭᠴᠠᠵᠢᠭᠤᠯᠤᠭᠰᠠᠨ ᠬᠤᠪᠢᠰᠬᠠᠯᠳᠤ ᠰᠤᠷᠭᠠᠨ | ᠬᠦᠮᠦᠵᠢᠯ ᠤᠨ ᠰᠠᠭᠤᠷᠢᠨ ᠭᠠᠵᠠᠷ ᠪᠤᠯᠤᠨ᠎ᠠ᠃ 2017 ᠤᠨ ᠳᠤ ᠪᠠᠶᠢᠭᠤᠯᠤᠭᠳᠠᠵᠠᠢ᠃ ᠶᠡᠷᠦᠩᠭᠡᠢ ᠡᠵᠡᠯᠡᠬᠦ | ᠲᠠᠯᠠᠪᠠᠢ ᠨᠢ 2600 ᠲᠡᠭᠰᠢ ᠲᠦᠷᠪᠡᠯᠵᠢᠨ ᠮᠧᠲᠷ᠃ ᠠᠬᠠᠮᠠᠳ ᠲᠤᠰᠬᠤᠨ ᠤ ᠲᠠᠷᠤᠭ᠎ᠠ ᠸᠠᠩ ᠸᠧᠨ ᠰᠢᠤ ᠶᠢᠨ | ᠦᠯᠢᠭᠡᠷ ᠶᠠᠷᠢᠬᠤ ᠬᠡᠯᠪᠡᠷᠢ ᠪᠠᠷ ᠠᠬᠠᠮᠠᠳ ᠨᠢᠭᠡ ᠦᠶ᠎ᠡ ᠶᠢᠨ ᠡᠪ ᠬᠠᠮᠳᠤᠴᠤᠳ ᠤᠨ ᠰᠢᠷᠭᠠᠭᠤ ᠬᠠᠳᠠᠭᠤᠵᠢᠯᠳᠠᠢ ᠪᠠᠷ | ᠲᠡᠮᠡᠴᠡᠵᠤ᠂ ᠨᠢᠭᠡ ᠰᠡᠳᠬᠢᠯ ᠢᠶᠠᠷ ᠠᠷᠠᠳ ᠲᠦ᠋ᠮᠡᠨ ᠤ ᠲᠦᠯᠦᠭᠡ ᠵᠢᠳᠬᠦᠭᠰᠡᠨ ᠬᠤᠪᠢᠰᠬᠠᠯᠳᠤ ᠵᠤᠷᠢᠭ ᠰᠠᠨᠠᠭ᠎ᠠ ᠶᠢ | ᠤᠯᠠᠮᠵᠢᠯᠠᠵᠤ ᠪᠠᠶᠢᠨ᠎ᠠ᠃ ᠵᠢᠭᠤᠯᠴᠢᠯᠠᠭᠴᠢᠳ ᠦᠯᠢᠭᠡᠷ ᠰᠤᠨᠤᠰᠬᠤ ᠪᠠᠷ ᠲᠠᠮᠵᠢᠨ ᠬᠤᠪᠢᠰᠬᠠᠯᠳᠤ ᠰᠤᠶᠤᠯ ᠤᠨ ᠷᠢᠳᠢ | ᠰᠢᠳᠢ ᠶᠢ ᠤᠢᠢᠯᠠᠭᠠᠵᠤ᠂ ᠨᠤᠳᠤᠬ ᠤᠷᠤᠨ ᠢᠶᠠᠨ ᠬᠠᠶᠢᠷᠠᠯᠠᠬᠤ ᠰᠡᠳᠬᠢᠯᠭᠡ ᠡᠭᠦᠰᠳᠡᠭ ᠪᠠᠶᠢᠨ᠎ᠠ᠃ | | | | | | | | | | | | | | | | | | ᠰᠤᠶᠤᠯᠵᠢᠭᠰᠠᠨ ᠡᠷᠦᠭᠡ ᠠᠯᠳᠡᠨᠪᠢᠯᠢᠭ ᠤᠨ ᠬᠢᠨ | ᠦᠤᠰᠢᠨ ᠬᠤᠰᠢᠭᠤᠨ ᠤ ᠤᠯᠠᠭᠠᠨᠳᠤᠯᠤᠭᠠᠢ ᠪᠠᠯᠭᠠᠰᠤ ᠶᠢᠨ ᠪᠠᠶᠠᠨᠰᠢᠯᠢ ᠭᠠᠴᠠᠭᠠᠨ ᠳᠤ ᠨᠤᠮ ᠤᠨ ᠦᠨᠦᠷ | ᠬᠠᠨᠭ᠍ᠬᠤᠯᠤᠭᠤᠯᠤᠭᠰᠠᠨ ᠰᠤᠶᠤᠯᠵᠢᠭᠰᠠᠨ ᠡᠷᠦᠭᠡ ᠪᠠᠶᠢᠳᠠᠭ ᠨᠢ ᠠᠯᠳᠠᠨᠪᠢᠯᠢᠡᠡ ᠤᠨ ᠬᠢᠨ ᠪᠤᠯᠤᠨ᠎ᠠ᠃ ᠡᠳᠡᠨᠠᠶᠢᠬᠢᠨ | ᠨᠤᠮ ᠤᠨ ᠲᠠᠬᠢᠯᠭ᠎ᠠ᠂ ᠨᠤᠮ ᠬᠡᠪᠯᠡᠯ᠂ ᠵᠤᠭᠠᠴᠠᠯ ᠤᠨ ᠦᠢᠯᠡᠰ ᠢ ᠴᠤᠭᠴᠠᠵᠢᠭᠤᠯᠤᠨ ᠬᠦᠭᠵᠢᠬᠦᠯᠦᠭᠡᠳ ᠬᠤᠯᠠ | ᠤᠢᠢᠷ᠎ᠠ ᠳᠠᠭᠠᠨ ᠠᠯᠳᠠᠷᠰᠢᠭᠰᠠᠨ ᠪᠠᠶᠢᠨ᠎ᠠ᠃ ᠤᠢᠢᠷ᠎ᠠ ᠶᠢᠨ ᠵᠢᠯ ᠠᠴᠠ ᠨᠠᠭᠠᠰᠢ ᠠᠯᠳᠠᠨᠪᠢᠯᠢᠡᠡ ᠤᠨ ᠬᠢᠨ ︽ᠨᠤᠮ ᠲᠠᠢ | ᠦᠤᠰᠢᠨ︾ ᠤ ᠪᠦᠳᠦᠭᠡᠨ ᠪᠠᠶᠢᠭᠤᠯᠤᠯᠳᠠ ᠪᠠᠷ ᠠᠵᠠ ᠲᠤᠬᠢᠶᠠᠯ ᠪᠤᠯᠭᠠᠵᠤ᠂ ᠦᠨᠳᠦᠰᠦᠨ ᠱᠠᠳᠤᠨ ᠤ ᠰᠤᠶᠤᠯ ᠤᠨ | ᠬᠦᠭᠵᠢᠯᠳᠡ ᠪᠠᠨ ᠠᠬᠢᠭᠤᠯᠤᠨ᠂ ᠵᠢᠯ ᠪᠦᠷᠢ ᠶᠢᠨ ᠪᠢᠯᠢᠭ ᠤᠨ ᠤᠯᠠᠷᠢᠯ ᠤᠨ ᠲᠦᠷᠪᠡᠨ ᠰᠠᠷ᠎ᠠ ᠶᠢᠨ ᠠᠷᠪᠠᠨ | ᠭᠤᠷᠪᠠᠨ ᠤ ᠲᠠᠬᠢᠯᠭ᠎ᠠ ᠶᠢᠨ ᠡᠳᠦᠷ ᠲᠤ ︽ᠦᠪ ᠰᠤᠶᠤᠯ ᠢᠶᠠᠨ ᠲᠡᠭᠡᠳᠦᠯᠡᠵᠤ᠂ ᠮᠡᠳᠡᠯᠭᠡ ᠶᠢ ᠡᠷᠬᠢᠮᠯᠡᠨ᠂ ᠨᠤᠮ | ᠤᠡᠭᠰᠢᠬᠤ ᠲᠠᠳᠬᠠᠯ ᠲᠠᠢ ᠪᠤᠯᠬᠤ︾ ᠪᠠᠷ ᠭᠤᠤᠯ ᠰᠡᠳᠦᠪ ᠪᠤᠯᠭᠠᠭᠰᠠᠨ ᠰᠢᠷᠢᠰ ᠰᠤᠶᠤᠯ ᠤᠨ ᠠᠵᠢᠯᠯᠠᠭ᠎ᠠ ᠶᠢ | ᠦᠷᠨᠢᠬᠦᠯᠵᠤ᠂ ᠰᠢᠯᠢᠳᠡᠭ ᠤᠯᠠᠮᠵᠢᠯᠠᠯᠳᠤ ᠰᠤᠶᠤᠯ ᠢᠶᠠᠨ ᠲᠡᠯᠭᠡᠷᠡᠬᠦᠯᠵᠤ᠂ ᠨᠤᠮ ᠤᠨ ᠬᠦᠴᠦ ᠪᠠᠷ ᠬᠦᠮᠦᠰ ᠤᠨ | ᠤᠶᠤᠨ ᠢ ᠤᠮᠳᠠᠯᠠᠨ᠂ ︽ᠨᠤᠮ ᠤᠨ ᠤᠪᠤᠭ᠎ᠠ︾ ᠪᠠᠷ ᠬᠡᠶᠢᠴᠢᠨ ᠵᠤᠴᠢᠳ ᠤᠨ ᠤᠶᠤᠨ ᠤᠬᠠᠭᠠᠨ ᠢ ᠬᠤᠷᠴᠠᠯᠠᠨ᠂ | ᠦᠨᠳᠦᠰᠦᠳᠡᠨ ᠤ ᠰᠤᠶᠤᠯ ᠵᠤᠭᠠᠴᠠᠯ ᠤᠨ ᠦᠢᠯᠡᠰ ᠤᠨ ᠬᠦᠭᠵᠢᠯᠳᠡ ᠳᠤ ᠢᠳᠡᠪᠬᠢᠳᠡᠢ ᠵᠢᠳᠬᠦᠯ ᠦᠵᠡᠬᠦᠯᠦᠭᠰᠡᠨ | ᠪᠠᠶᠢᠨ᠎ᠠ᠃ | ᠲᠤᠤᠭᠤᠷ ᠨᠢᠰᠬᠦ ᠰᠠᠭᠤᠷᠢᠨ ᠭᠠᠵᠠᠷ | ᠡᠨᠡ ᠵᠢᠯ ᠠᠴᠠ ᠨᠠᠭᠠᠰᠢ ᠤᠯᠠᠭᠠᠨᠳᠤᠯᠤᠭᠠᠢ ᠪᠠᠯᠭᠠᠰᠤ ᠨᠢ ᠱᠧᠡᠭ ᠯᠢ ᠲᠤᠰᠬᠤᠨ ᠳᠠᠬᠢ ᠲᠤᠤᠭᠤᠷ ᠨᠢᠰᠬᠦ | ᠰᠠᠭᠤᠷᠢᠨ ᠭᠠᠵᠠᠷ ᠢ ᠠᠮᠵᠢᠯᠳᠠ ᠲᠠᠢ ᠡᠭᠦᠳᠦᠨ ᠪᠠᠶᠢᠭᠤᠯᠪᠠ᠃ ᠲᠦᠷᠦᠯ ᠵᠦᠢᠯ ᠤᠨ ᠰᠠᠭᠤᠷᠢᠨ ᠭᠠᠵᠠᠷ ᠨᠢ | ᠪᠠᠯᠭᠠᠰᠤᠨ ᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠠᠴᠠ 30 ᠺᠢᠯᠤᠮᠧᠲᠷ ᠤᠨ ᠵᠠᠢ ᠲᠠᠢ᠂ ᠶᠡᠷᠦᠩᠭᠡᠢ ᠡᠵᠡᠯᠡᠬᠦ | ᠲᠠᠯᠠᠪᠠᠢ ᠨᠢ 136 ᠮᠦ᠂ ᠶᠡᠷᠦᠩᠭᠡᠢ ᠪᠡᠯᠡ ᠤᠷᠤᠭᠤᠯᠤᠯᠳᠠ ᠨᠢ 260 ᠲᠦᠮᠡᠨ ᠲᠦᠭᠦᠷᠢᠭ᠃ ᠰᠠᠭᠤᠷᠢ | ᠲᠦᠭᠦᠭᠡᠷᠦᠮᠵᠢ ᠶᠢᠨ ᠲᠦᠷᠦᠯ ᠵᠦᠢᠯ ᠳᠤ ᠨᠢᠰᠭᠡᠯ ᠤᠨ ᠪᠠᠭᠤᠳᠠᠯ᠂ ᠬᠦᠶᠦᠯᠳᠡ ᠶᠢᠨ ᠵᠠᠮ᠂ ᠨᠢᠰᠭᠡᠯ ᠤᠨ ᠬᠦᠮᠦᠷᠭᠡ᠂ | ᠲᠡᠷᠭᠡᠨ ᠵᠤᠭᠰᠤᠭᠠᠯ ᠤᠨ ᠭᠠᠵᠠᠷ᠂ ᠠᠮᠠᠷᠠᠯᠳᠠ ᠶᠢᠨ ᠭᠠᠵᠠᠷ ᠵᠡᠷᠭᠡ ᠪᠠᠶᠢᠵᠤ᠂ ᠨᠢᠭᠡᠨᠳᠡ ᠪᠦᠬᠦᠨ ᠢ ᠪᠠᠶᠢᠭᠤᠯᠵᠤ | ᠲᠠᠭᠤᠰᠬᠠᠨ᠂ ᠤᠯᠠᠨ ᠤᠳᠠᠭ᠎ᠠ ᠲᠤᠷᠰᠢᠨ ᠨᠢᠰᠴᠤ᠂ ᠠᠰᠢᠭᠯᠠᠯᠳᠠ ᠳᠤ ᠤᠷᠤᠬᠤ ᠨᠦᠬᠦᠴᠡᠯ ᠢ ᠪᠦᠷᠢᠯᠳᠦᠬᠦᠯᠦᠭᠰᠡᠨ | ᠪᠠᠶᠢᠨ᠎ᠠ᠃ | | ᠤᠡᠭᠭᠤᠨ ᠮᠠᠩᠬ᠎ᠠ ᠤᠯᠤᠰ ᠤᠨ ᠡᠯᠡᠰᠦᠨ ᠤ ᠴᠡᠴᠡᠷᠯᠢᠭ | ᠤᠯᠠᠭᠠᠨᠳᠤᠯᠤᠭᠠᠢ ᠪᠠᠯᠭᠠᠰᠤ ᠶᠢᠨ ᠪᠠᠶᠠᠨᠭᠤᠤᠯ ᠭᠠᠴᠠᠭᠠᠨ ᠤ ᠤᠡᠭᠭᠤᠨ ᠮᠠᠩᠬ᠎ᠠ ᠪᠠᠷᠢᠭᠠᠳᠠ ᠨᠢ 47000 | ᠲᠦᠮᠡᠨ ᠮᠦ ᠪᠠᠶᠢᠭᠠᠯᠢ ᠶᠢᠨ ᠡᠯᠡᠰᠦ ᠲᠠᠢ᠂ ᠤᠯᠠᠭᠠᠨᠳᠤᠯᠤᠭᠠᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ | ᠤᠷᠳᠤᠨ ᠠᠴᠠ ᠲᠤᠰ ᠬᠡᠰᠡᠭ ᠤᠨ ᠡᠯᠡᠰᠦᠨ ᠳᠤ ᠲᠦᠯᠦᠪᠯᠡᠭᠡ ᠬᠢᠵᠤ᠂ ᠤᠡᠭᠭᠤᠨ ᠮᠠᠩᠬ᠎ᠠ ᠶᠢᠨ ᠤᠯᠤᠰ ᠤᠨ | ᠡᠯᠡᠰᠦᠨ ᠤ ᠴᠡᠴᠡᠷᠯᠢᠭ ᠢ ᠪᠠᠶᠢᠭᠤᠯᠵᠤ᠂ ᠮᠠᠰᠢᠨ ᠲᠡᠷᠭᠡ ᠪᠠᠷ ᠡᠯᠡᠰᠦᠨ ᠳᠤ ᠬᠡᠭᠡᠷᠡᠯᠡᠨ ᠲᠡᠪᠭᠢᠬᠤ ᠲᠤᠷ᠎ᠠ ᠪᠠᠭ᠋ᠠᠳᠠᠳ᠂ | ᠶᠠᠪᠠᠭᠠᠨ ᠢᠶᠠᠷ ᠪᠠᠷᠳᠠᠭ᠎ᠠ ᠲᠤᠭᠤᠯᠬᠤ ᠲᠤᠷ᠎ᠠ ᠪᠠᠭ᠋ᠠᠳᠠᠳ ᠵᠢᠴᠢ ᠡᠯᠡᠰᠦᠨ ᠳᠤ ᠪᠠᠭᠤᠴᠠᠯᠠᠬᠤ ᠲᠤᠷᠠᠳᠠᠢ ᠬᠦᠮᠦᠰ ᠲᠤ | ᠨᠡᠭᠡᠭᠡᠯᠳᠡ ᠬᠢᠭᠰᠡᠨ ᠪᠠᠶᠢᠨ᠎ᠠ᠃ ᠤᠡᠭᠭᠤᠨ ᠮᠠᠩᠬ᠎ᠠ ᠤᠯᠤᠰ ᠤᠨ ᠡᠯᠡᠰᠦᠨ ᠤ ᠴᠡᠴᠡᠷᠯᠢᠭ ᠤᠨ ᠪᠦᠳᠦᠭᠡᠨ | ᠪᠠᠶᠢᠭᠤᠯᠤᠯᠳᠠ ᠨᠢ ᠤᠯᠠᠭᠠᠨᠳᠤᠯᠤᠭᠠᠢ ᠪᠠᠯᠭᠠᠰᠤ ᠶᠢᠨ ᠪᠦᠬᠦ ᠤᠷᠤᠨ ᠪᠦᠰᠡ ᠶᠢᠨ ᠵᠤᠭᠠᠴᠠᠯ ᠤᠨ ᠬᠦᠭᠵᠢᠯᠳᠡ ᠶᠢᠨ | ᠴᠢᠨᠠᠷ ᠢ ᠲᠡᠭᠡᠭᠰᠢᠯᠡᠬᠦᠯᠵᠤ᠂ ᠭᠠᠵᠠᠷ ᠤᠷᠤᠨ ᠤ ᠵᠤᠭᠠᠴᠠᠯ ᠤᠨ ᠨᠡᠷ᠎ᠡ ᠨᠦᠯᠦᠭᠡ ᠶᠢ ᠨᠡᠮᠡᠭᠳᠡᠬᠦᠯᠦᠭᠰᠡᠨ ᠪᠠᠶᠢᠨ᠎ᠠ᠃ | ᠴᠠᠬᠢᠷᠮ᠎ᠠ ᠴᠡᠴᠡᠭ | ᠰᠡᠭᠦᠳᠡᠷᠯᠡᠬᠦ ᠰᠠᠭᠤᠷᠢᠨ ᠭᠠᠵᠠᠷ | ᠪᠠᠶᠠᠨᠭᠤᠤᠯ ᠤᠨ ᠲᠠᠯ᠎ᠠ ᠶᠢᠨ ᠶᠡᠷᠦᠩᠭᠡᠢ ᠲᠠᠯᠠᠪᠠᠢ ᠨᠢ 24 ᠲᠦᠮᠡᠨ ᠮᠦ᠂ ᠠᠭᠤᠳᠠᠮ ᠲᠠᠯ᠎ᠠ ᠪᠠᠷ ᠭᠤᠤᠯ | ᠭᠤᠷᠤᠬ᠎ᠠ ᠮᠢᠷᠠᠯᠵᠠᠨ ᠤᠷᠤᠰᠴᠤ᠂ ᠤᠯᠠᠭᠠᠨᠳᠤᠯᠤᠭᠠᠢ ᠪᠠᠯᠭᠠᠰᠤ ᠶᠢᠨ ᠲᠠᠯ᠎ᠠ ᠨᠤᠳᠤᠭ ᠤᠨ ᠦᠡᠭᠭᠡ ᠦᠵᠡᠮᠵᠢ ᠪᠠᠷ | ᠬᠠᠮᠤᠭ ᠤᠨ ᠰᠠᠶᠢᠬᠠᠨ ᠭᠠᠵᠠᠷ ᠤᠷᠤᠨ ᠤ ᠨᠢᠭᠡ ᠪᠤᠯᠵᠠᠢ᠃ ᠲᠡᠯᠭᠡᠷ ᠵᠤᠨ ᠤ ᠤᠯᠠᠷᠢᠯ ᠳᠤ ᠪᠠᠶᠠᠨᠭᠤᠤᠯ ᠤᠨ | ᠲᠠᠯ᠎ᠠ ᠳᠤ ᠴᠠᠬᠢᠷᠮ᠎ᠠ ᠮᠦᠴᠡᠭᠡᠷᠭᠡᠨ ᠲᠡᠯᠭᠡᠷᠡᠵᠤ᠂ ᠨᠤᠮᠢᠨ ᠲᠠᠯ᠎ᠠ ᠪᠠ ᠬᠦᠭᠡ ᠤᠭᠳᠠᠷᠭᠤᠢ ᠨᠢ ᠬᠠᠷᠢᠯᠴᠠᠨ | ᠵᠠᠯᠭᠠᠯᠳᠤᠵᠤ᠂ ᠮᠠᠯ ᠰᠦᠷᠦᠭ ᠲᠠᠪᠠᠳᠠᠢ ᠪᠡᠯᠴᠢᠭᠡᠷᠯᠡᠨ᠂ ᠮᠠᠯᠴᠢᠳ ᠲᠠᠭᠤᠤ ᠬᠠᠨᠭ᠍ᠬᠢᠨᠠᠭᠤᠯᠤᠨ᠂ ᠦᠪᠡᠷᠮᠢᠴᠡ | ᠤᠨᠴᠠᠯᠢᠭ ᠲᠠᠢ ᠦᠵᠡᠮᠵᠢ ᠶᠢᠨ ᠤᠷᠤᠨ ᠨᠢ ᠵᠢᠯ ᠪᠦᠷᠢ ᠮᠠᠰᠢ ᠤᠯᠠᠨ ᠵᠢᠭᠤᠯᠴᠢᠯᠠᠭᠴᠢ ᠶᠢ ᠲᠠᠳᠠᠳᠠᠭ᠃ | ᠴᠠᠬᠢᠷᠮ᠎ᠠ ᠶᠢᠨ ᠤᠯᠠᠷᠢᠯ ᠳᠤ ᠬᠦᠢᠰ ᠬᠦᠢᠰ ᠴᠡᠴᠡᠭ ᠨᠢ ᠬᠤᠨᠳᠠᠨ ᠦᠡᠭᠭᠡ ᠶᠢᠨ ᠪᠠᠩᠵᠠᠯ ᠡᠮᠦᠰᠦᠭᠰᠡᠨ ᠲᠠᠬᠢᠨᠢ | ᠪᠤᠯᠤᠨ ᠬᠤᠪᠢᠯᠵᠤ᠂ ᠰᠠᠯᠬᠢᠨ ᠤ ᠠᠶ᠎ᠠ ᠪᠠᠷ ᠨᠠᠬᠢᠯᠵᠠᠵᠤ᠂ ᠠᠩᠬᠢᠯᠤᠮ᠎ᠠ ᠦᠨᠦᠷ ᠢᠶᠠᠷ ᠢᠶᠠᠨ ᠬᠦᠮᠦᠰ ᠢ | ᠰᠤᠭᠳᠤᠭᠤᠷᠠᠭᠤᠯᠵᠤ ᠪᠠᠶᠢᠳᠠᠭ᠃ | ᠬᠤᠷ᠎ᠠ ᠤᠰᠤ | ᠬᠤᠷ᠎ᠠ ᠤᠰᠤᠨ ᠤ ᠦᠵᠡᠮᠵᠢ ᠶᠢᠨ ᠤᠷᠤᠨ ᠨᠢ ᠦᠤᠰᠢᠨ ᠬᠤᠰᠢᠭᠤᠨ ᠤ ᠤᠯᠠᠭᠠᠨᠳᠤᠯᠤᠭᠠᠢ ᠪᠠᠯᠭᠠᠰᠤ ᠶᠢᠨ | ᠲᠠᠪᠰᠢᠯᠳᠠ ᠲᠤᠰᠬᠤᠨ ᠳᠤ ᠪᠤᠢ᠃ ᠵᠠᠮ ᠬᠠᠷᠢᠯᠴᠠᠭᠠᠨ ᠤ ᠲᠠᠪᠠᠭᠤᠯᠢᠭ ᠨᠦᠬᠦᠴᠡᠯ ᠲᠠᠢ ᠪᠠᠶᠢᠵᠤ᠂ ᠬᠤᠰᠢᠭᠤᠨ ᠤ | ᠵᠠᠰᠠᠭ ᠤᠨ ᠤᠷᠳᠤᠨ ᠤ ᠪᠠᠶᠢᠭ᠎ᠠ ᠭᠠᠵᠠᠷ ᠭᠠᠯᠠᠭᠤᠳᠤ ᠪᠠᠯᠭᠠᠰᠤ ᠠᠴᠠ 40 ᠺᠢᠯᠤᠮᠧᠲᠷ ᠤᠨ ᠵᠠᠢ ᠲᠠᠢ᠂ ᠬᠢᠶ᠎ᠠ ᠪᠠᠭᠰᠢ | ᠲᠤᠭᠤᠷᠢᠭ᠂ ᠳ᠋ᠦᠡᠭᠱᠧᠡᠭ ᠲᠤᠭᠤᠷᠢᠭ ᠠᠴᠠ ᠲᠤᠰ ᠲᠤᠰ 160 ᠺᠢᠯᠤᠮᠧᠲᠷ᠂ 180 ᠺᠢᠯᠤᠮᠧᠲᠷ ᠤᠨ ᠵᠠᠢ ᠲᠠᠢ᠂ | ᠱᠠᠨᠰᠢ ᠮᠤᠵᠢ ᠶᠢᠨ ᠲᠡᠮᠡᠭᠡᠳᠦ ᠬᠤᠳᠠ ᠠᠴᠠ 50 ᠺᠢᠯᠤᠮᠧᠲᠷ ᠤᠨ ᠵᠠᠢ ᠲᠠᠢ᠃ | ᠠᠵᠢᠯ ᠠᠮᠢᠳᠤᠷᠠᠯ ᠤᠨ ᠴᠢᠯᠡᠭᠡ ᠪᠠᠨ ᠲᠠᠶᠢᠯᠵᠤ᠂ ᠰᠡᠯᠡᠭᠦᠴᠡᠨ ᠵᠤᠰᠠᠬᠤ ᠰᠠᠨᠠᠭ᠎ᠠ ᠲᠠᠢ ᠬᠦᠮᠦᠰ ᠲᠤ | ᠤᠯᠠᠭᠠᠨᠳᠤᠯᠤᠭᠠᠢ ᠨᠢ ᠵᠦᠪ ᠰᠤᠩᠭᠤᠯᠳᠠ ᠪᠤᠯᠤᠨ᠎ᠠ᠃ ᠤᠯᠠᠭᠠᠨᠳᠤᠯᠤᠭᠠᠢ ᠪᠠᠯᠭᠠᠰᠤᠨ ᠳᠤ ᠬᠦᠷᠴᠤ ᠲᠠᠯ᠎ᠠ | ᠨᠤᠳᠤᠭ ᠤᠨ ᠦᠵᠡᠮᠵᠢ ᠶᠢ ᠰᠤᠨᠢᠷᠬᠠᠨ᠂ ᠤᠷᠳᠤ ᠶᠢᠨ ᠲᠠᠭᠤᠤ ᠰᠤᠨᠤᠰᠴᠤ᠂ ᠮᠤᠷᠢᠨ ᠬᠤᠭᠤᠷ ᠤᠨ ᠡᠭᠡᠰᠢᠭ ᠲᠤ | ᠰᠤᠭᠳᠤᠭᠤᠷᠠᠵᠠᠭᠠᠶᠠ ᠁ | ᠪᠤᠯᠪᠠᠰᠤᠨ ᠢᠶᠠᠷ ᠵᠤᠭᠠᠴᠠᠬᠤ ᠨᠢ ᠦᠪᠡᠷ ᠤᠨ ᠪᠡᠶ᠎ᠡ ᠳᠡᠭᠡᠨ ᠬᠠᠷᠢᠭᠤᠴᠠᠵᠤ ᠪᠠᠶᠢᠭ᠎ᠠ ᠠᠵᠢᠯᠯᠠᠭ᠎ᠠ ᠪᠤᠯᠤᠨ᠎ᠠ | ᠵᠤᠨ ᠤ ᠠᠮᠠᠷᠠᠯᠳᠠ ᠪᠤᠯᠬᠤ ᠪᠠᠷ ᠮᠠᠰᠢ ᠤᠯᠠᠨ ᠬᠤᠳᠠ ᠶᠢᠨ ᠠᠷᠠᠳ ᠭᠠᠳᠠᠭᠠᠳᠤ ᠳᠤ ᠶᠠᠪᠤᠵᠤ ᠵᠤᠭᠠᠴᠠᠬᠤ | ᠪᠤᠯᠤᠭᠰᠠᠨ ᠪᠠᠶᠢᠨ᠎ᠠ᠃ ᠭᠠᠳᠠᠭᠠᠳᠤ ᠤᠯᠤᠰ ᠢᠶᠠᠷ ᠵᠤᠭᠠᠴᠠᠬᠤ ᠳᠤ ᠠᠮᠤᠷ ᠲᠦᠪᠰᠢᠨ ᠢ ᠨᠢᠭᠡᠳᠦᠭᠡᠷ ᠪᠠᠶᠢᠷᠢᠨ ᠳᠤ | ᠲᠠᠯᠪᠢᠬᠤ ᠴᠢᠬᠤᠯᠠᠳᠠᠢ᠂ ᠡᠭᠦᠨ ᠳᠤ ᠪᠤᠯᠪᠠᠰᠤᠨ ᠢᠶᠠᠷ ᠵᠤᠭᠠᠴᠠᠬᠤ ᠶᠢ ᠵᠠᠪᠠᠯ ᠡᠷᠬᠢᠮᠯᠡᠬᠦ ᠬᠡᠷᠡᠭᠳᠡᠢ᠂ ᠪᠤᠯᠪᠠᠰᠤᠨ | ᠵᠤᠭᠠᠴᠠᠯ ᠨᠢ ᠠᠮᠤᠷ ᠲᠦᠪᠰᠢᠨ ᠤ ᠤᠷᠢᠳᠠᠯ ᠨᠦᠬᠦᠴᠡᠯ᠂ ᠮᠦᠨ ᠴᠤ ᠦᠪᠡᠷ ᠤᠨ ᠪᠡᠶ᠎ᠡ ᠳᠡᠭᠡᠨ ᠬᠠᠷᠢᠭᠤᠴᠠᠵᠤ | ᠪᠠᠶᠢᠭ᠎ᠠ ᠠᠵᠢᠯᠯᠠᠭ᠎ᠠ ᠪᠤᠯᠤᠨ᠎ᠠ᠃ | ᠭᠠᠳᠠᠭᠠᠳᠤ ᠤᠯᠤᠰ ᠢᠶᠠᠷ ᠵᠤᠭᠠᠴᠠᠬᠤ ᠳᠤ ᠪᠤᠯᠪᠠᠰᠤᠨ ᠪᠠᠶᠢᠬᠤ ᠡᠰᠡᠬᠦ ᠨᠢ ᠲᠦᠷᠢᠮ ᠲᠤᠭᠳᠠᠭᠠᠯ ᠢ ᠵᠢᠷᠤᠮᠯᠡᠵᠤ | ᠪᠠᠶᠢᠨ᠎ᠠ ᠤᠤ ᠦᠭᠡᠢ ᠤᠤ ᠬᠡᠳᠡᠭ ᠢ ᠴᠤ ᠬᠠᠷᠠᠭᠤᠯᠵᠤ ᠪᠠᠶᠢᠨ᠎ᠠ᠃ ᠦᠵᠡᠮᠵᠢ ᠶᠢᠨ ᠤᠷᠤᠨ ᠳᠤ ᠲᠤᠷ᠎ᠠ ᠪᠠᠷ ᠦᠰᠦᠭ | ᠪᠢᠴᠢᠬᠦ᠂ ᠴᠡᠴᠡᠭ ᠡᠪᠡᠰᠦ ᠶᠢ ᠲᠠᠰᠤᠳᠠᠬᠤ᠂ ᠬᠡᠷᠡᠮ ᠬᠠᠨ᠎ᠠ ᠪᠠᠷ ᠮᠠᠴᠤᠬᠤ᠂ ᠲᠦᠷᠢᠮ ᠲᠤᠭᠳᠠᠭᠠᠯ ᠢ ᠰᠠᠬᠢᠬᠤ ᠦᠭᠡᠢ | ᠂ ᠮᠦᠷᠯᠡᠵᠤ ᠵᠢᠭᠰᠠᠬᠤ ᠦᠭᠡᠢ᠂ ᠲᠤᠷ᠎ᠠ ᠪᠠᠷ ᠬᠤᠭ ᠨᠤᠪᠰᠢ ᠬᠠᠶᠠᠬᠤ᠂ ᠭᠠᠵᠠᠷ ᠰᠠᠢ ᠦᠭᠡᠢ ᠨᠤᠯᠮᠤᠬᠤ ᠵᠡᠷᠭᠡ | ᠪᠤᠯᠪᠠᠰᠤᠨ ᠪᠤᠰᠤ ᠠᠵᠢᠯᠯᠠᠭ᠎ᠠ ᠨᠢ ᠲᠦᠷᠢᠮ ᠢ ᠤᠮᠳᠤᠭᠠᠢᠢᠯᠠᠭᠰᠠᠨ ᠠᠵᠢᠯᠯᠠᠭ᠎ᠠ ᠪᠤᠯᠤᠨ᠎ᠠ᠃ ᠭᠠᠳᠠᠭᠠᠳᠤ ᠤᠯᠤᠰ ᠢᠶᠠᠷ | ᠵᠤᠭᠠᠴᠠᠬᠤ ᠳᠤ ᠪᠤᠯᠪᠠᠰᠤᠨ ᠪᠠᠶᠢᠬᠤ ᠡᠰᠡᠬᠦ ᠨᠢ ᠬᠤᠪᠢ ᠬᠦᠮᠦᠨ ᠤ ᠪᠤᠯᠪᠠᠰᠤᠨ ᠬᠡᠪ ᠴᠢᠨᠠᠷ ᠢ ᠢᠯᠡᠷᠡᠬᠦᠯᠵᠤ ᠪᠠᠶᠢᠬᠤ | ᠮᠦᠷᠳᠡᠭᠡᠨ ᠤᠯᠤᠰ ᠤᠷᠤᠨ ᠤ ᠲᠦᠷᠢ ᠲᠦᠷᠬᠦ ᠲᠠᠢ ᠴᠤ ᠬᠤᠯᠪᠤᠭᠳᠠᠵᠤ ᠪᠠᠶᠢᠳᠠᠭ ᠶᠤᠮ᠃ ᠦᠵᠡᠮᠵᠢ ᠶᠢᠨ | ᠤᠷᠤᠨ ᠨᠢ ᠬᠤᠪᠢ ᠬᠦᠮᠦᠨ ᠤ ᠴᠡᠴᠡᠷᠯᠢᠭ ᠪᠢᠰᠢ ᠤᠴᠢᠷ ᠠᠴᠠ ᠲᠠ ᠲᠤᠷ᠎ᠠ ᠪᠠᠷ ᠠᠭᠠᠰᠢᠯᠠᠵᠤ ᠪᠤᠯᠬᠤ ᠦᠭᠡᠢ᠂ | ᠬᠦᠮᠦᠨ ᠪᠦᠬᠦᠨ ᠬᠠᠤᠯᠢ ᠲᠦᠷᠢᠮ ᠢ ᠰᠠᠬᠢᠵᠤ᠂ ᠪᠤᠯᠪᠠᠰᠤᠨ ᠵᠢᠭᠤᠯᠴᠢᠯᠠᠭᠴᠢ ᠪᠤᠯᠵᠤ᠂ ᠨᠡᠷ᠎ᠡ ᠬᠦᠨᠳᠤ ᠪᠠ ᠡᠷᠭᠡ | ᠠᠰᠢᠭ ᠢᠶᠠᠨ ᠰᠠᠶᠢᠳᠤᠷ ᠬᠠᠮᠠᠭᠠᠯᠠᠵᠤ ᠶᠠᠪᠤᠪᠠᠯ ᠵᠤᠬᠢᠨ᠎ᠠ᠃ |