ᠮᠠᠨ ᠤ ᠬᠤᠰᠢᠭᠤ ᠤᠷᠳᠤᠰ ᠮᠤᠩᠭᠤᠯᠴᠤᠳ ᠤᠨ ᠤᠯᠠᠮᠵᠢᠯᠠᠯᠲᠤ ᠬᠠᠳᠬᠤᠮᠠᠯ ᠤᠨ ᠲᠤᠷᠰᠢᠯᠭ᠎ᠠ ᠰᠤᠯᠢᠯᠴᠠᠬᠤ ᠬᠤᠷᠠᠯ ᠵᠢᠴᠢ ᠵᠠᠭᠤᠨ ︽ᠤᠷᠠᠨ ᠪᠦᠰᠡᠭᠦᠢ︾ ᠶᠢᠨ ᠤᠷ᠎ᠠ ᠮᠡᠷᠭᠡᠵᠢᠯ ᠤᠨ ᠤᠷᠤᠯᠳᠤᠭᠠᠨ ᠢ ᠬᠢᠪᠡ
ᠨᠡᠶᠢᠲᠡᠯᠡᠭᠰᠡᠨ ᠴᠠᠭ᠄
2019-07-23
     ᠮᠠᠨ ᠤ ᠬᠤᠰᠢᠭᠤᠨ ᠤ ᠤᠷᠳᠤᠰ ᠣᠷᠠᠨ ᠬᠠᠳᠬᠤᠮᠠᠯ ᠤᠨ ᠪᠤᠳᠠᠰ ᠤᠨ ᠪᠤᠰᠤ ᠰᠤᠶᠤᠯ ᠤᠨ ᠦᠪ ᠢ ᠬᠦᠭᠵᠢᠬᠦᠯᠣᠨ ᠣᠯᠠᠮᠵᠢᠯᠠᠵᠣ ᠣᠯᠠᠨ ᠵᠣᠶᠢᠯ ᠤᠨ ᠣᠯᠠᠮᠵᠢᠯᠠᠯᠳᠣ ᠬᠠᠳᠬᠤᠬᠤ ᠠᠷᠭ᠎ᠠ ᠮᠡᠷᠭᠡᠵᠢᠯ ᠢ ᠬᠦᠭᠵᠢᠬᠦᠯᠬᠦ ᠶᠢᠨ ᠳᠦᠯᠣᠬᠡ ᠤᠶᠢᠷ᠎ᠠ ᠶᠢᠨ ᠡᠳᠦᠷ᠂ ᠮᠠᠨ ᠤ ᠬᠤᠰᠢᠭᠤ ᠤᠷᠳᠤᠰ ᠮᠤᠩᠭᠤᠯᠴᠤᠳ ᠤᠨ ᠤᠯᠠᠮᠵᠢᠯᠠᠯᠲᠤ ᠬᠠᠳᠬᠤᠮᠠᠯ ᠤᠨ ᠲᠤᠷᠰᠢᠯᠭ᠎ᠠ ᠰᠤᠯᠢᠯᠴᠠᠬᠤ ᠬᠤᠷᠠᠯ ᠵᠢᠴᠢ ᠣᠷᠳᠣᠰ ᠤᠯᠠᠮᠵᠢᠯᠠᠯᠲᠤ ᠬᠠᠳᠬᠤᠮᠠᠯ ᠤᠨ ᠵᠠᠭᠤᠨ ︽ᠤᠷᠠᠨ ᠪᠦᠰᠡᠭᠦᠢ︾ ᠶᠢᠨ ᠤᠷ᠎ᠠ ᠮᠡᠷᠭᠡᠵᠢᠯ ᠢ ᠰᠢᠯᠭᠠᠷᠠᠭᠤᠯᠬᠤ ᠤᠷᠤᠯᠳᠤᠭᠠᠨ ᠢ ᠡᠷᠬᠢᠯᠡᠵᠣ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠬᠡᠯᠡᠯ᠎ᠡ᠃      ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠰᠣᠶᠣᠯ ᠤᠨ ᠠᠵᠤ ᠦᠢᠯᠡᠰ ᠤᠨ ᠲᠠᠰᠤᠭ ᠠᠴᠠ ᠳᠠᠭᠠᠭᠠᠴᠢᠯᠠᠨ ᠡᠷᠬᠢᠯᠡᠵᠦ᠂ ᠤᠷᠠᠨ ᠪᠦᠰᠡᠭᠦᠢ ᠠᠵᠢᠯᠯᠠᠬᠤ ᠥᠷᠦᠭᠡ ᠠᠴᠠ ᠬᠠᠪᠰᠤᠷᠤᠨ ᠡᠷᠬᠢᠯᠡᠭᠰᠡᠨ ᠲᠤᠰ ᠣᠳᠠᠭᠠᠨ ᠤ ᠳᠡᠯᠬᠡᠨ ᠦᠵᠡᠭᠦᠯᠦᠯᠭᠡ  ᠶᠢᠨ ᠤᠷᠤᠯᠳᠤᠭᠠᠨ ᠳᠤ 10 ᠨᠠᠰᠤᠲᠠᠢ ᠬᠡᠥᠬᠡᠳ ᠠᠴᠠ 80 ᠨᠠᠰᠣᠨ ᠤ ᠦᠨᠳᠣᠷ ᠬᠤᠳᠤᠭ ᠲᠠᠢ ᠨᠠᠰᠣᠳᠠᠨ ᠬᠦᠷᠲᠡᠯ᠎ᠡ 150 ᠭᠠᠷᠤᠢ ᠤᠷᠠᠴᠤᠳ ᠤᠷᠤᠯᠴᠠᠵᠤ ᠰᠢᠨ᠎ᠡ ᠪᠠᠷ ᠰᠤᠷᠴᠤ ᠪᠠᠶᠢᠭ᠎ᠠ ᠤᠷᠠᠴᠤᠳ ᠪᠤᠯᠤᠨ ᠣᠳᠠᠭᠠᠨ ᠵᠢᠯ ᠤᠨ ᠬᠠᠳᠬᠤᠮᠡᠯᠴᠢᠨ ᠬᠡᠭᠦ ᠬᠤᠶᠠᠷ ᠲᠤᠭᠤᠶᠢᠯᠠᠩ ᠬᠤᠪᠢᠶᠠᠨ ᠵᠢᠷᠤᠭ ᠲᠦᠯᠦᠪᠯᠡᠭᠡ ᠪᠠᠷ ᠰᠢᠨ᠎ᠡ ᠰᠡᠪᠡᠭᠦᠨ᠂ ᠬᠤᠸᠡᠷ ᠬᠠᠳᠬᠤᠮᠠᠯ ᠢᠶᠠᠷ ᠦᠵᠡᠮᠵᠢ ᠳᠡᠬᠦᠯᠳᠡᠷ᠂ ᠬᠠᠳᠬᠤᠬᠤ ᠮᠡᠷᠭᠡᠵᠢᠯ ᠢᠶᠠᠷ ᠣᠷᠠᠨ ᠬᠡᠭᠡᠨᠴᠢᠷ ᠪᠠᠶᠢᠬᠤ ᠵᠡᠷᠭᠡ ᠱᠠᠭᠠᠷᠳᠠᠯᠭ᠎ᠠ ᠪᠠᠷ ᠪᠡᠷᠢᠮᠵᠢᠶ᠎ᠠ ᠪᠣᠯᠭᠠᠨ ᠬᠤᠪᠢ ᠬᠢᠨᠠᠵᠣ ᠬᠠᠳᠬᠤᠮᠠᠯᠴᠢᠳ ᠦᠪᠡᠷ ᠦᠪᠡᠷ ᠤᠨ ᠪᠦᠲᠦᠭᠡᠯ ᠤᠳ ᠢᠶᠠᠨ ᠲᠠᠯᠭᠡᠨ ᠦᠵᠡᠬᠦᠯᠬᠦ ᠪᠠᠷ ᠲᠠᠮᠵᠢᠨ ᠬᠠᠷᠢᠯᠴᠠᠨ ᠰᠤᠨᠢᠷᠬᠠᠵᠤ  ᠮᠡᠷᠭᠡᠵᠢᠯ ᠢᠶᠠᠨ ᠰᠤᠯᠢᠯᠴᠠᠭᠰᠠᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ ᠳᠤ ᠪᠠᠰᠠ ᠬᠠᠳᠬᠤᠮᠠᠯ ᠤᠨ ᠲᠤᠷᠰᠢᠯᠭ᠎ᠠ ᠰᠤᠯᠢᠯᠴᠠᠬᠤ ᠬᠤᠷᠠᠯ ᠪᠤᠯᠤᠨ ᠱᠠᠩᠨᠠᠯ ᠤᠯᠭᠤᠬᠤ ᠶᠤᠰᠤᠯᠠᠯ ᠢ ᠶᠠᠪᠤᠭᠳᠠᠭᠤᠯᠵᠦ ᠦᠨᠳᠦᠰᠦᠲᠡᠨ ᠤ ᠪᠠᠨ ᠭᠠᠷ ᠤᠷᠠᠯᠠᠯ ᠤᠨ ᠰᠣᠶᠣᠯ ᠢ ᠥᠪᠯᠡᠨ ᠤᠯᠠᠮᠵᠢᠯᠠᠵᠤ᠂ ᠬᠠᠮᠠᠭᠠᠯᠠᠨ ᠬᠥᠭᠵᠢᠭᠦᠯᠬᠦ ᠤᠬᠠᠮᠰᠠᠷ ᠲᠠᠨᠢᠯᠲᠠ ᠪᠠ ᠢᠳᠡᠪᠬᠢᠵᠢᠯ ᠢ ᠳᠠᠶᠢᠴᠢᠯᠠᠬᠤ ᠶᠢᠨ ᠬᠠᠮᠲᠤ ᠤᠷᠠᠴᠤᠳ ᠤᠨ ᠬᠠᠳᠬᠤᠮᠠᠯ ᠤᠷᠠᠯᠠᠯ ᠤᠨ ᠲᠤᠬᠠᠢ ᠤᠷ᠎ᠠ ᠮᠡᠷᠭᠡᠵᠢᠯ᠂ ᠤᠷ᠎ᠠ ᠴᠢᠳᠠᠪᠤᠷᠢ ᠶᠢ ᠳᠡᠭᠡᠭᠰᠢᠯᠡᠭᠦᠯᠤᠨ ᠬᠠᠷᠢᠯᠴᠠᠨ ᠰᠤᠷᠤᠯᠴᠠᠵᠤ ᠬᠠᠮᠲᠤᠪᠡᠷ ᠳᠠᠪᠰᠢᠬᠤ ᠳᠤ ᠲᠤᠬᠢᠲᠡᠢ ᠣᠷᠴᠢᠨ ᠢ ᠪᠦᠷᠢᠯᠳᠤᠭᠦᠯᠦᠭᠰᠡᠨ ᠪᠠᠶᠢᠨ᠎ᠠ᠃      ᠲᠤᠰ ᠣᠳᠠᠭᠠᠨ ᠤ ᠤᠷᠳᠤᠰ ᠮᠤᠩᠭᠤᠯᠴᠤᠳ ᠤᠨ ᠤᠯᠠᠮᠵᠢᠯᠠᠯᠲᠤ ᠬᠠᠳᠬᠤᠮᠠᠯ ᠤᠨ ᠲᠤᠷᠰᠢᠯᠭ᠎ᠠ ᠰᠤᠯᠢᠯᠴᠠᠬᠤ ᠬᠤᠷᠠᠯ ᠳᠡᠭᠡᠷ᠎ᠡ ᠣᠷᠣᠯᠴᠠᠭᠰᠠᠳ ᠠᠴᠠ ᠤᠷᠠᠨ ᠬᠠᠳᠬᠤᠮᠠᠯ ᠤᠨ ᠦᠢᠯᠡᠳᠭᠦᠨ ᠢ ᠵᠤᠬᠢᠶᠠᠨ ᠦᠢᠯᠡᠳᠬᠦ ᠶᠠᠪᠤᠴᠠ ᠳᠠᠬᠢ ᠲᠤᠲᠠᠭᠲᠠᠯ ᠲᠠᠢ ᠲᠠᠯ᠎ᠠ ᠪᠤᠯᠤᠨ ᠲᠠᠪᠠᠭᠤᠯᠢᠭ ᠲᠠᠯ᠎ᠠ᠂ ᠤᠷᠳᠤᠰ ᠤᠯᠠᠮᠵᠢᠯᠠᠯᠲᠤ ᠬᠠᠳᠬᠤᠮᠠᠯ ᠤᠨ ᠤᠳᠤᠬᠢ ᠪᠠᠶᠢᠳᠠᠯ᠂ ᠬᠤᠶᠢᠰᠢᠳᠠ ᠶᠢᠨ ᠬᠦᠭᠵᠢᠯᠲᠡ᠂ ᠬᠡᠷᠬᠢᠨ ᠬᠠᠳᠠᠭᠠᠯᠠᠵᠤ ᠬᠠᠮᠠᠭᠠᠯᠠᠬᠤ᠂ ᠤᠯᠠᠮᠵᠢᠯᠠᠨ ᠲᠡᠯᠬᠡᠷᠡᠭᠦᠯᠭᠦ᠂ ᠪᠦᠳᠦᠬᠡᠭᠳᠡᠭᠦᠨ ᠢ ᠲᠠᠧᠠᠷᠴᠢᠯᠠᠬᠤ ᠶᠢ ᠤᠯᠠᠮ ᠨᠢᠬᠡ ᠠᠯᠬᠤᠮ ᠭᠦᠭᠵᠢᠭᠦᠯᠭᠦ ᠪᠠᠷ ᠲᠠᠮᠵᠢᠨ ᠭᠦᠳᠡᠭᠡ ᠲᠤᠰᠬᠤᠨ ᠢ ᠰᠡᠷᠭᠦᠭᠡᠨ ᠬᠦᠭᠵᠢᠭᠦᠯᠬᠦ ᠲᠠᠯ᠎ᠠ ᠳᠤ ᠰᠤᠳᠤᠯᠤᠨ ᠶᠠᠷᠢᠯᠴᠠᠵᠦ ᠦᠪᠡᠷ ᠦᠪᠡᠷ ᠤᠨ ᠪᠤᠳᠤᠯ ᠰᠠᠨᠠᠯ ᠢᠶᠠᠨ ᠰᠤᠯᠢᠯᠴᠠᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号