ᠪᠠᠶᠠᠨᠭᠤᠣᠯ ᠭᠠᠴᠠᠭ᠎ᠠ ᠶᠢᠨ ᠪᠠᠭ᠋ᠠᠷᠤᠮ᠎ᠠ ᠬᠦᠭᠵᠢᠯᠳᠡ
ᠨᠡᠶᠢᠲᠡᠯᠡᠭᠰᠡᠨ ᠴᠠᠭ᠄
2019-07-24
     ᠰᠤᠷᠪᠤᠯᠵᠢᠯᠠᠬᠴᠢ ᠤᠯᠠᠭᠠᠨᠳᠤᠯᠤᠭᠠᠢ ᠪᠠᠯᠭᠠᠰᠤ ᠶᠢᠨ ᠪᠠᠶᠠᠨᠭᠤᠤᠯ ᠭᠠᠴᠠᠭᠠᠨ ᠳᠤ ᠬᠦᠷᠬᠦ ᠳᠤ᠂ ᠤᠷᠳᠤᠰ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨ ᠲᠤᠰ ᠭᠠᠴᠠᠭᠠᠨ ᠳᠤ ᠪᠠᠶᠢᠴᠠᠭᠠᠨ ᠰᠤᠳᠤᠯᠤᠯᠳᠠ ᠬᠢᠵᠦ ᠪᠠᠶᠢᠭᠰᠠᠨ ᠲᠠᠢ ᠳᠠᠭᠠᠷᠠᠯᠳᠤᠯ᠎ᠠ᠃ ᠡᠨᠡ ᠵᠢᠯ ᠪᠠᠶᠠᠨᠭᠤᠤᠯ ᠭᠠᠴᠠᠭ᠎ᠠ ᠶᠢ ᠬᠤᠳᠠ ᠶᠢᠨ ᠳᠡᠰ ᠤᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠵᠢᠱᠢᠶ᠎ᠠ ᠦᠵᠡᠬᠦᠯᠬᠦ ᠭᠠᠴᠠᠭ᠎ᠠ ᠪᠤᠯᠭᠠᠨ ᠪᠦᠳᠦᠬᠡᠨ ᠪᠠᠶᠢᠭᠤᠯᠬᠤ ᠪᠠᠷ ᠳᠤᠭᠳᠠᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠬᠡ ᠪᠠ ᠭᠠᠴᠠᠭᠠᠨ ᠤ ᠠᠷᠠᠳ ᠤᠨ ᠴᠢᠷᠮᠠᠶᠢᠯᠭ᠎ᠠ ᠪᠠᠷ ︽ᠳᠠᠪᠤᠨ ᠤᠳᠤᠨ︾ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠴᠢᠨᠠᠭᠰᠢᠳᠠ ᠠᠬᠢᠭᠤᠯᠵᠤ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠠᠯ᠎ᠠ ᠪᠠᠷ ᠢᠯᠡᠷᠬᠡᠢ ᠦᠷ᠎ᠠ ᠪᠦᠳᠦᠮᠵᠢ ᠤᠯᠤᠭᠰᠠᠨ ᠪᠠᠶᠢᠨ᠎ᠠ᠃      ᠠᠵᠤ ᠦᠢᠯᠡᠰ ᠢᠶᠠᠷ ᠭᠠᠴᠠᠭ᠎ᠠ ᠪᠠᠨ ᠬᠦᠭᠵᠢᠬᠦᠯᠦᠨ ᠮᠠᠨᠳᠤᠭᠤᠯᠬᠤ ᠪᠠᠷ᠂ ᠪᠠᠶᠠᠨᠭᠤᠤᠯ ᠭᠠᠴᠠᠭ᠎ᠠ ᠡᠨᠡ ᠵᠢᠯ ᠪᠠᠶᠢᠭᠠᠯᠢ ᠶᠢᠨ ᠷᠠᠰᠢᠶᠠᠨ ᠤᠰᠤ ᠪᠠᠨ ᠲᠠᠧᠠᠷᠵᠢᠭᠤᠯᠵᠤ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠪᠠᠷ 300 ᠲᠦᠮᠡᠨ ᠲᠦᠭᠦᠷᠢᠭ ᠤᠨ ᠪᠡᠯᠡ ᠤᠷᠤᠭᠤᠯᠵᠤ᠂ ︽ᠦᠤᠰᠢᠨ ᠬᠤᠰᠢᠭᠤᠨ ᠤ ᠪᠠᠶᠠᠨᠭᠤᠤᠯ ᠰᠢᠪᠠᠷ︾ ᠨᠡᠷᠡᠮᠵᠢᠳᠤ ᠤᠮᠳᠠᠭᠠᠨ ᠤ ᠬᠢᠵᠠᠭᠠᠷᠳᠤ ᠺᠤᠮᠫᠠᠨᠢ ᠶᠢ ᠳᠠᠩᠰᠠᠯᠠᠭᠤᠯᠤᠨ᠂ ᠭᠠᠴᠠᠭᠠᠨ ᠤ ᠬᠠᠮᠳᠤ ᠶᠢᠨ ᠭᠠᠵᠠᠷ ᠳᠡᠬᠡᠷ᠎ᠡ ᠪᠠᠨ 4000 ᠳᠡᠭᠰᠢ ᠲᠦᠷᠪᠡᠯᠵᠢᠨ ᠮᠧᠲᠷ ᠤᠨ ᠦᠢᠯᠡᠳᠪᠦᠷᠢ ᠪᠠᠶᠢᠭᠤᠯᠵᠤ᠂ ᠪᠠᠶᠢᠭᠠᠯᠢ ᠶᠢᠨ ᠷᠠᠰᠢᠶᠠᠨ ᠤᠰᠤᠨ ᠤ ᠲᠦᠷᠦᠯ ᠵᠦᠢᠯ ᠤᠨ ᠪᠦᠳᠦᠬᠡᠭᠳᠡᠬᠦᠨ ᠢ ᠵᠢᠯ ᠳᠤ 10 ᠲᠦᠮᠡᠨ ᠲᠤᠨ ᠦᠢᠯᠡᠳᠪᠦᠷᠢᠯᠡᠬᠦ ᠪᠠᠷ ᠲᠦᠯᠦᠪᠯᠡᠵᠦ ᠪᠠᠶᠢᠭ᠎ᠠ ᠶᠤᠮ᠃ ᠤᠳᠤ ᠤᠰᠤᠨ ᠤ ᠦᠢᠯᠡᠳᠪᠦᠷᠢ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠦᠨᠳᠦᠰᠦᠨ ᠳᠡᠭᠡᠨ ᠲᠦᠬᠦᠷᠵᠢᠬᠦᠯᠪᠡ᠃ ᠳᠠᠯ᠎ᠠ ᠨᠤᠳᠤᠭ ᠤᠨ ︽ᠤᠯᠠᠭᠠᠨ ᠦᠬᠡᠷ︾ ᠳᠡᠵᠢᠬᠡᠪᠦᠷᠢ ᠶᠢᠨ ᠳᠤᠮᠤ ᠡᠷᠦᠬᠡ ᠪᠤᠯᠤᠨ ᠤᠷᠳᠤᠰ ᠤᠨ ᠨᠠᠷᠢᠨ ᠨᠤᠤᠰᠤᠳᠤ ᠬᠤᠨᠢ ᠶᠢᠨ ᠳᠡᠵᠢᠬᠡᠪᠦᠷᠢ ᠶᠢᠨ ᠳᠤᠮᠤ ᠡᠷᠦᠬᠡ ᠶᠢ ᠳᠤᠰ ᠪᠦᠷᠢ 25 ᠡᠷᠦᠬᠡ ᠪᠠ 30 ᠡᠷᠦᠬᠡ ᠪᠤᠯᠭᠠᠨ ᠬᠦᠭᠵᠢᠬᠦᠯᠪᠡ᠃ ᠤᠩᠭᠤᠨ ᠳᠠᠯ᠎ᠠ ᠲᠤᠰᠬᠠᠢ ᠬᠤᠷᠰᠢᠶ᠎ᠠ ᠨᠢ ᠡᠳ᠋ᠰᠢᠬᠦᠯᠬᠦ — ᠵᠦᠬᠡᠬᠡᠪᠦᠷᠢᠯᠡᠬᠦ — ᠪᠤᠷᠤᠯᠠᠭᠤᠯᠬᠤ ᠠᠵᠤ ᠦᠢᠯᠡᠰ ᠤᠨ ᠬᠡᠯᠬᠢᠶᠡᠵᠢᠯ ᠢ ᠦᠨᠳᠤᠰᠤᠨ ᠳᠡᠭᠡᠨ ᠪᠦᠷᠢᠯᠳᠦᠬᠦᠯᠪᠡ᠃ ᠭᠠᠴᠠᠭ᠎ᠠ ᠶᠢᠨ ᠠᠳᠤᠭᠤᠨ ᠰᠤᠶᠤᠯ ᠤᠨ ᠳᠠᠪᠠᠭᠤᠯᠢᠭ ᠲᠠᠭᠠᠨ ᠲᠦᠰᠢᠭᠯᠡᠨ 200 ᠭᠠᠷᠤᠢ ᠰᠢᠯᠢᠳᠡᠭ ᠡᠬᠦᠯᠳᠡᠷ ᠤᠨ ᠦᠤᠰᠢᠨ ᠠᠳᠤᠭᠤ ᠲᠠᠢ ᠪᠤᠯᠵᠤ᠂ ᠠᠳᠤᠭᠤ ᠮᠠᠯᠵᠢᠬᠤ 10 ᠲᠤᠰᠬᠠᠢ ᠡᠷᠦᠬᠡ ᠲᠠᠢ ᠪᠤᠯᠤᠭᠰᠠᠨ ᠮᠦᠷᠳᠡᠬᠡᠨ ᠠᠳᠤᠭᠤᠨ ᠰᠤᠶᠤᠯ ᠤᠨ ᠨᠡᠶᠢᠬᠡᠮᠯᠢᠭ ᠪᠠᠶᠢᠭᠤᠯᠤᠭᠰᠠᠨ ᠪᠠᠶᠢᠯ᠎ᠠ᠃      ᠪᠠᠶᠠᠨᠭᠤᠤᠯ ᠭᠠᠴᠠᠭ᠎ᠠ ᠬᠡᠭᠴᠢ ᠳᠡᠦᠬᠡ ᠰᠤᠶᠤᠯ ᠤᠨ ᠤᠤᠷ ᠳᠤᠨᠳᠠᠰᠤ ᠪᠠᠷ ᠪᠠᠶᠠᠯᠢᠬ ᠭᠠᠴᠠᠭ᠎ᠠ ᠶᠤᠮᠰᠠᠨ᠃ ᠪᠠᠶᠠᠨᠭᠤᠤᠯ ᠤᠨ ︽ᠲᠦᠷᠪᠡᠨ ᠡᠷᠳᠡᠨᠢ︾ ᠬᠡᠮᠡᠭᠳᠡᠭᠰᠡᠨ ᠤᠯᠠᠭᠠᠨᠳᠤᠯᠤᠭᠠᠢ ᠶᠢᠨ ᠰᠦᠮ᠎ᠡ᠂ ᠤᠯᠠᠭᠠᠨᠳᠤᠯᠤᠭᠠᠢ ᠶᠢᠨ ᠤᠪᠤᠭ᠎ᠠ᠂ ᠪᠦᠬᠡᠷᠡᠯᠵᠡᠬᠡᠨ᠎ᠡ ᠶᠢᠨ ᠮᠤᠳᠤ᠂ ᠰᠢᠪᠠᠷ ᠤᠨ ᠪᠤᠯᠠᠭ ᠨᠢ ᠴᠦᠮ ᠦᠪᠡᠷ ᠦᠪᠡᠷ ᠤᠨ ᠦᠯᠢᠬᠡᠷ ᠳᠡᠦᠬᠡ ᠪᠠᠨ ᠲᠤᠭᠠᠴᠢᠨ᠂ ᠰᠤᠶᠤᠯ ᠤᠨ ᠠᠭᠤᠳᠠᠮ ᠳᠠᠯᠠᠪᠠᠢ ᠭᠠᠴᠠᠭᠠᠨ ᠤ ᠪᠠᠷᠠᠭᠤᠨ ᠲᠠᠯ᠎ᠠ ᠪᠠᠷ ᠡᠮᠦᠨ᠎ᠡ ᠬᠦᠪᠡᠭᠡ ᠶᠢ ᠵᠠᠬᠠᠳᠤᠨ ᠪᠠᠶᠢᠷᠢᠯᠠᠵᠤ᠂ ᠵᠡᠬᠦᠨ ᠳᠠᠯ᠎ᠠ ᠪᠠᠷ ᠨᠢ ᠭᠠᠴᠠᠭᠠᠨ ᠤ ᠠᠯᠪᠠᠯᠠᠬᠤ ᠭᠠᠵᠠᠷ ᠪᠤᠯᠤᠨ ︽ᠦᠪᠦᠷ ᠮᠤᠩᠭᠤᠯ ᠲᠠᠢ ᠪᠠᠨ ᠪᠢ︾ ᠬᠡᠮᠡᠬᠦ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ ᠪᠠᠶᠠᠷ ᠳᠤᠷᠠᠰᠬᠠᠯ ᠤᠨ ᠦᠵᠡᠬᠦᠯᠬᠡ ᠶᠢᠨ ᠤᠷᠳᠤᠨ ᠡᠩᠨᠡᠷᠡᠨ ᠵᠢᠭᠰᠠᠵᠤ᠂ ᠬᠦᠮᠦᠰ ᠲᠤ ᠰᠢᠨ᠎ᠡ ᠬᠦᠳᠡᠭᠡ ᠳᠤᠰᠬᠤᠨ ᠤ ᠭᠠᠯᠪᠢᠷ ᠲᠦᠷᠬᠦ ᠶᠢ ᠭᠠᠶᠢᠬᠠᠭᠤᠯᠤᠨ᠎ᠠ᠃ ᠤᠯᠠᠭᠠᠨᠳᠤᠯᠤᠭᠠᠢ ᠶᠢᠨ ᠰᠦᠮ᠎ᠡ 1875 ᠤᠨ ᠳᠤ ᠪᠠᠶᠢᠭᠤᠯᠤᠭᠳᠠᠵᠤ᠂ ᠰᠡᠬᠦᠯᠡᠷ ᠨᠢ ᠦᠤᠰᠢᠨ ᠤ ᠴᠡᠷᠢᠭ ᠵᠠᠰᠠᠭ ᠤᠨ ᠠᠵᠢᠯᠯᠠᠭ᠎ᠠ ᠶᠢᠨ ᠴᠢᠬᠤᠯᠠ ᠭᠠᠵᠠᠷ ᠪᠠᠶᠢᠵᠤ᠂ ᠳᠤᠭᠤᠶᠢᠯᠠᠩ ᠤᠨ ᠬᠦᠳᠡᠯᠬᠡᠬᠡᠨ ᠪᠠ ᠠᠷᠪᠠᠨ ᠬᠤᠶᠠᠳᠤᠭᠠᠷ ᠬᠤᠷᠢᠶᠠᠨ ᠤ ᠡᠮᠦᠨ᠎ᠡ ᠹᠷᠤᠨᠲ ᠤᠨ ᠵᠢᠯᠤᠭᠤᠳᠬᠤ ᠭᠠᠵᠠᠷ ᠤᠨ ᠶᠡᠷᠦᠩᠬᠡᠢ ᠱᠲ᠋ᠠᠪ ᠤᠨ ᠰᠠᠭᠤᠭ᠎ᠠ ᠭᠠᠵᠠᠷ ᠪᠤᠯᠤᠭᠰᠠᠨ ᠲᠡᠤᠬᠡ ᠲᠠᠢ᠃ ᠡᠨᠡ ᠬᠦ ᠰᠤᠶᠤᠯ ᠤᠨ ᠡᠬᠢ ᠪᠠᠶᠠᠯᠢᠭ ᠲᠠᠭᠠᠨ ᠲᠦᠰᠢᠭᠯᠡᠨ᠂ ᠪᠠᠶᠠᠨᠭᠤᠤᠯ ᠭᠠᠴᠠᠭ᠎ᠠ ᠨᠢ ᠰᠤᠶᠤᠯ ᠵᠢᠭᠤᠯᠴᠢᠯᠠᠯ ᠢᠶᠠᠷ ᠭᠠᠴᠠᠭ᠎ᠠ ᠪᠠᠨ ᠬᠦᠭᠵᠢᠬᠦᠯᠤᠨ ᠮᠠᠨᠳᠤᠭᠤᠯᠬᠤ ᠢᠨᠵᠧᠨᠧᠷᠢᠩ ᠢ ᠬᠡᠷᠡᠭᠵᠢᠬᠦᠯᠵᠦ᠂ ᠮᠤᠩᠭᠤᠯ ᠦᠨᠳᠦᠰᠦᠳᠡᠨ ᠤ ᠤᠳᠬ᠎ᠠ ᠵᠤᠬᠢᠶᠠᠯ ᠤᠨ ᠵᠤᠬᠢᠶᠠᠨ ᠪᠦᠳᠦᠬᠡᠬᠦ ᠠᠵᠢᠯ ᠢ ᠠᠬᠢᠭᠤᠯᠵᠤ᠂ ᠠᠳᠤᠭᠤᠨ ᠰᠤᠶᠤᠯ ᠤᠨ ᠡᠷᠦᠬᠡ ᠡᠷᠳᠡᠨᠢᠴᠤᠭᠳᠤ ᠶᠢᠨ ᠪᠤᠶᠢᠵᠢᠭᠤᠯᠤᠭᠰᠠᠨ ᠰᠢᠯᠢᠳᠡᠭ ᠡᠬᠦᠯᠳᠡᠷ ᠤᠨ ᠮᠤᠷᠢ ᠨᠢ ᠤᠯᠠᠨ ᠤᠳᠠᠭ᠎ᠠ ᠤᠷᠤᠯᠳᠤᠭᠠᠨ ᠮᠦᠷᠦ᠋ᠢᠴᠡᠬᠡᠨ ᠳᠤ ᠱᠠᠩᠨᠠᠯ ᠳᠤᠰᠴᠤ᠂ ᠤᠩᠭᠤᠨ ᠮᠠᠩᠬ᠎ᠠ ᠶᠢᠨ ᠡᠯᠡᠰᠦ᠂ ᠭᠠᠴᠠᠭ᠎ᠠ ᠶᠢᠨ ᠰᠤᠶᠤᠯ ᠤᠨ ᠳᠠᠯᠠᠪᠠᠢ ᠳᠠᠭᠠᠨ ᠤᠯᠠᠨ ᠲᠦᠮᠡᠨᠴᠢ ᠪᠠᠶᠠᠷ ᠳᠤᠷᠠᠰᠬᠠᠯ ᠤᠨ ᠡᠳᠦᠷ ᠤᠨ ᠰᠤᠶᠤᠯ ᠤᠨ ᠠᠵᠢᠯᠯᠠᠭ᠎ᠠ ᠦᠷᠨᠢᠬᠦᠯᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ ᠪᠠᠶᠢᠨ᠎ᠠ᠃ ᠪᠠᠶᠠᠨᠭᠤᠤᠯ ᠭᠠᠴᠠᠭ᠎ᠠ ᠪᠠᠰᠠ ᠡᠷᠡᠬᠦᠯᠵᠢᠯ ᠤᠨ ᠲᠦᠪ ᠲᠡᠭᠡᠨ ᠳᠤᠭᠳᠠᠮᠠᠯ ᠬᠤᠭᠤᠴᠠᠭ᠎ᠠ ᠲᠠᠢ ᠪᠠᠷ ᠤᠯᠠᠨ ᠠᠵᠢᠯᠯᠠᠭ᠎ᠠ ᠦᠷᠨᠢᠬᠦᠯᠵᠦ᠂ ᠭᠠᠴᠠᠭᠠᠨ ᠤ ᠵᠦᠪᠯᠡᠯ ᠠᠴᠠ ᠤᠯᠠᠨ ᠲᠦᠮᠡᠨ ᠳᠡᠭᠡᠨ ᠰᠦᠢᠳᠬᠡᠯ ᠬᠤᠷᠢᠶᠠᠬᠤ ᠦᠬᠡᠢ ᠪᠠᠷ ᠪᠡᠶ᠎ᠠ ᠶᠢᠨ ᠪᠠᠶᠢᠴᠠᠭᠠᠯᠳᠠ᠂ ᠡᠷᠡᠬᠦᠯ ᠮᠡᠨᠳᠤ ᠶᠢᠨ ᠳᠠᠶᠢᠯᠤᠮᠵᠢ ᠬᠢᠵᠦ ᠦᠭᠴᠦ ᠪᠤᠢ᠃      ᠭᠠᠴᠠᠭ᠎ᠠ ᠳᠤᠰᠬᠤᠨ ᠤ ᠬᠦᠭᠵᠢᠯᠳᠡ ᠴᠢᠳᠠᠪᠤᠷᠢᠳᠠᠨ ᠳᠤ ᠲᠦᠰᠢᠭᠯᠡᠳᠡᠭ ᠶᠤᠮ᠃ ᠪᠠᠶᠠᠨᠭᠤᠤᠯ ᠭᠠᠴᠠᠭ᠎ᠠ ᠴᠢᠳᠠᠪᠤᠷᠢᠳᠠᠨ ᠢᠶᠠᠷ ᠭᠠᠴᠠᠭ᠎ᠠ ᠪᠠᠨ ᠬᠦᠭᠵᠢᠬᠦᠯᠦᠨ ᠮᠠᠨᠳᠤᠭᠤᠯᠬᠤ ᠢᠨᠵᠧᠨᠧᠷᠢᠩ ᠢ ᠬᠡᠷᠡᠭᠵᠢᠬᠦᠯᠵᠦ᠂ ᠡᠯ᠎ᠠ ᠵᠦᠢᠯ ᠤᠨ ᠴᠢᠳᠠᠪᠤᠷᠢᠳᠠᠨ ᠢ ᠬᠦᠮᠦᠵᠢᠬᠦᠯᠬᠦ ᠶᠢ ᠴᠢᠬᠤᠯᠠᠴᠢᠯᠠᠨ᠂ 8 ᠨᠡᠷ᠎ᠠ ᠳᠤᠰᠬᠠᠢ ᠮᠡᠷᠬᠡᠵᠢᠯ ᠤᠨ ᠮᠠᠯ ᠤᠨ ᠡᠮᠴᠢ ᠶᠢ ᠬᠦᠮᠦᠵᠢᠬᠦᠯᠵᠦ ᠮᠠᠯ ᠤᠨ ᠬᠡᠮ ᠬᠢᠵᠢᠭ ᠢ ᠰᠡᠷᠬᠡᠶᠢᠯᠡᠬᠦ ᠳᠠᠯ᠎ᠠ ᠪᠠᠷ ᠴᠢᠬᠤᠯᠠ ᠦᠢᠯᠡᠳᠦᠯ ᠭᠠᠷᠭᠠᠵᠤ ᠪᠤᠢ᠃ 9 ᠮᠠᠯᠴᠢᠨ ᠠᠶᠢᠯ ᠤᠨ ᠵᠢᠭᠤᠯᠴᠢᠯᠠᠯ ᠢ ᠲᠡᠳᠬᠦᠨ ᠬᠦᠭᠵᠢᠬᠦᠯᠵᠦ᠂ ᠰᠤᠶᠤᠯ ᠵᠢᠭᠤᠯᠴᠢᠯᠠᠯ ᠤᠨ ᠡᠬᠢ ᠪᠠᠶᠠᠯᠢᠭ ᠢᠶᠠᠨ ᠬᠦᠢᠴᠡᠳ ᠠᠰᠢᠬᠯᠠᠵᠤ᠂ ᠮᠠᠯᠴᠢᠳ ᠤᠨ ᠤᠷᠤᠯᠭ᠎ᠠ ᠶᠢ ᠢᠯᠡᠷᠭᠡᠢ ᠨᠡᠮᠡᠭᠳᠡᠬᠦᠯᠪᠠ᠃ ᠮᠤᠩᠭᠤᠯᠴᠤᠳ ᠤᠨ ᠮᠤᠳᠤᠨ ᠦᠨᠳᠦᠰᠦᠨ ᠰᠡᠶᠢᠯᠦᠮᠡᠯ᠂ ᠠᠷᠠᠰᠤᠨ ᠰᠡᠶᠢᠯᠦᠮᠡᠯ ᠤᠨ ᠭᠠᠷ ᠤᠷᠠᠯᠠᠯ ᠤᠨ ᠦᠢᠯᠡᠰ ᠢ ᠬᠦᠭᠵᠢᠬᠦᠯᠬᠦ ᠪᠠᠷ ᠭᠠᠴᠠᠭᠠᠨ ᠤ ᠤᠯᠠᠨ ᠲᠦᠮᠡᠨ ᠳᠡᠭᠡᠨ ᠤᠳᠠᠭ᠎ᠠ ᠲᠠᠷᠠᠭᠠᠯᠠᠨ ᠪᠤᠯᠪᠠᠰᠤᠷᠠᠯ ᠬᠦᠷᠳᠡᠬᠡᠭᠰᠡᠬᠡᠷ᠃      ᠠᠮᠢ ᠠᠬᠤᠢ ᠪᠠᠷ ᠭᠠᠴᠠᠭ᠎ᠠ ᠪᠠᠨ ᠬᠦᠭᠵᠢᠬᠦᠯᠤᠨ ᠮᠠᠨᠳᠤᠭᠤᠯᠬᠤ ᠢᠨᠵᠧᠨᠧᠷᠢᠩ ᠢ ᠬᠡᠷᠡᠭᠵᠢᠬᠦᠯᠵᠦ᠂ ᠭᠠᠴᠠᠭᠠᠨ ᠤ ᠠᠷᠢᠭᠤᠨ ᠴᠡᠪᠡᠷ ᠤᠨ ᠠᠩᠬᠢ ᠶᠢ ᠪᠠᠶᠢᠭᠤᠯᠬᠤ ᠶᠢᠨ ᠬᠠᠮᠳᠤ 20 ᠳᠤᠮᠤ ᠬᠤᠭ ᠤᠨ ᠰᠠᠪᠠ᠂ 600 ᠭᠠᠷᠤᠢ ᠬᠡᠷ ᠪᠦᠯᠢ ᠶᠢᠨ ᠬᠤᠭ ᠤᠨ ᠰᠠᠪᠠ ᠲᠠᠷᠬᠠᠭᠠᠨ ᠳᠠᠯᠪᠢᠵᠤ᠂ ᠪᠢᠯᠢᠭ ᠤᠨ ᠤᠯᠠᠷᠢᠯ ᠤᠨ ᠰᠠᠷ᠎ᠠ ᠪᠤᠯᠭᠠᠨ ᠤ ᠰᠢᠨ᠎ᠠ ᠶᠢᠨ ᠭᠤᠷᠪᠠᠨ ᠢ ᠭᠠᠴᠠᠭᠠᠨ ᠤ ᠡᠳᠦᠷ ᠢᠶᠠᠷ ᠳᠤᠭᠳᠠᠭᠠᠨ᠂ ᠭᠠᠴᠠᠭᠠᠨ ᠤ ᠵᠦᠪᠯᠡᠯ ᠨᠢ ᠮᠠᠯᠴᠢᠨ ᠳᠠᠷᠢᠶᠠᠴᠢᠨ ᠲᠠᠢ ᠬᠠᠮᠵᠢᠯᠴᠠᠵᠤ ᠭᠠᠴᠠᠭᠠᠨ ᠤ ᠤᠷᠴᠢᠨ ᠳᠤᠭᠤᠷᠢᠨ ᠢᠶᠠᠨ ᠴᠡᠪᠡᠷᠯᠡᠵᠤ ᠪᠠᠶᠢᠬᠤ ᠪᠦᠬᠡᠳ 68 ᠡᠷᠦᠬᠡ ᠳᠤ ᠠᠷᠢᠭᠤᠨ ᠴᠠᠪᠡᠷ ᠤᠨ ᠵᠤᠷᠯᠤᠩ ᠪᠠᠶᠢᠭᠤᠯᠤᠨ ᠦᠭᠴᠦ᠂ ᠲᠦᠬᠡᠬᠡᠯ ᠤᠰᠤᠨ ᠤ ᠳᠤᠤᠷ ᠢ ᠪᠦᠷᠢᠨᠰᠢᠬᠦᠯᠦᠨ ᠬᠦᠮᠦᠨ ᠮᠠᠯ ᠤᠨ ᠤᠰᠤ ᠤᠮᠳᠠ ᠶᠢᠨ ᠠᠮᠤᠷ ᠲᠦᠪᠰᠢᠨ ᠢ ᠪᠠᠳᠤᠯᠠᠵᠤ ᠪᠠᠶᠢᠨ᠎ᠠ᠃      ᠵᠢᠯ ᠭᠠᠷᠤᠢ ᠶᠢᠨ ᠭᠤᠤᠯᠳᠠᠯᠭ᠎ᠠ ᠲᠠᠢ ᠪᠦᠳᠦᠬᠡᠨ ᠪᠠᠶᠢᠭᠤᠯᠤᠯᠳᠠ ᠪᠠᠷ ᠳᠠᠮᠵᠢᠨ ᠪᠠᠶᠠᠨᠭᠤᠤᠯ ᠭᠠᠴᠠᠭ᠎ᠠ ᠶᠢᠨ ᠰᠠᠭᠤᠷᠢ ᠲᠦᠬᠦᠬᠡᠷᠦᠮᠵᠢ ᠤᠯᠠᠮ ᠰᠠᠶᠢᠵᠢᠷᠠᠨ᠂ ᠤᠷᠳᠤᠰ ᠬᠤᠳᠠ ᠶᠢᠨ ᠵᠢᠱᠢᠶ᠎ᠠ ᠦᠵᠡᠬᠦᠯᠬᠦ ᠵᠠᠭᠪᠤᠷ ᠢ ᠡᠬᠦᠳᠴᠦ᠂ ᠤᠳᠤ ᠦᠶ᠎ᠠ ᠶᠢᠨ ᠮᠠᠯ ᠠᠵᠤ ᠠᠬᠤᠢ ᠳᠠᠷᠢᠶᠠᠯᠠᠩ ᠤᠨ ᠰᠢᠰᠲ᠋ᠧᠮ ᠢ ᠠᠩᠬ᠎ᠠ ᠠᠯᠬᠤᠮ ᠪᠦᠷᠢᠯᠳᠦᠬᠦᠯᠵᠦ᠂ ᠰᠠᠭᠤᠷᠢ ᠲᠦᠬᠦᠬᠡᠷᠦᠮᠵᠢ ᠪᠠ ᠠᠮᠢ ᠠᠬᠤᠢ ᠶᠢᠨ ᠤᠷᠴᠢᠨ ᠳᠤᠭᠤᠷᠢᠨ ᠢᠶᠠᠨ ᠳᠠᠰᠤᠷᠠᠯᠳᠠ ᠦᠬᠡᠢ ᠰᠠᠶᠢᠵᠢᠷᠠᠭᠤᠯᠵᠤ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠪᠠ ᠵᠢᠷᠭᠠᠯᠳᠤ ᠲᠦᠷᠦᠭᠳᠡᠯ ᠢ ᠴᠢᠨᠠᠭᠰᠢᠳᠠ ᠨᠡᠮᠡᠭᠳᠡᠬᠦᠯᠵᠤ ᠪᠤᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号