| | | | | 7 ᠰᠠᠷ᠎ᠠ ᠶᠢᠨ 19 ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠳᠦᠪ ᠤᠨ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤᠰᠬᠠᠢ ᠳᠦᠷᠦᠯ ᠤᠨ ᠳᠤᠭᠤᠷᠢᠨ ᠪᠠᠶᠢᠴᠠᠭᠠᠯᠳᠠ ᠴᠡᠭᠴᠡᠯᠡᠨ | ᠰᠠᠶᠢᠵᠢᠷᠠᠭᠤᠯᠤᠯᠳᠠ ᠶᠢ ᠠᠬᠢᠭᠤᠯᠵᠥ ︽ᠬᠤᠶᠠᠷ ᠲᠤ ᠵᠤᠪᠠᠭ᠋ᠤ ᠦᠬᠡᠢ ᠭᠤᠷᠪᠠ ᠶᠢ ᠪᠠᠳᠤᠯᠠᠬᠤ︾ ᠳᠤᠪᠤᠶᠢᠮ᠎ᠠ | ᠠᠰᠠᠭᠤᠳᠠᠯ ᠢ ᠰᠢᠢᠳᠪᠦᠷᠢᠯᠡᠬᠦ ᠵᠢᠴᠢ ᠬᠤᠰᠢᠭᠤ ᠰᠢᠶᠠᠨ ︵ᠬᠤᠳᠠ ᠳᠤᠭᠤᠷᠢᠭ︶ ᠤ ᠨᠠᠮ ᠤᠨ ᠬᠤᠷᠢᠶᠠᠨ ᠤ | ᠱᠦᠵᠢ ᠶᠢᠨ ᠳᠤᠰᠢᠶᠠᠯ ᠤᠨ ᠮᠡᠳᠡᠬᠦᠯᠦᠯᠳᠡ ᠰᠤᠯᠢᠯᠴᠠᠬᠤ ᠸᠢᠳᠢᠣ᠋ ᠬᠤᠷᠠᠯ ᠬᠦᠬᠡᠬᠤᠳᠠ ᠳᠤ ᠶᠠᠪᠤᠭᠳᠠᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠬᠰᠠᠨ ᠪᠦᠬᠡᠳ ᠶᠠᠷᠢᠶ᠎ᠠ | ᠳᠠᠯᠪᠢᠵᠠᠢ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ | ᠳᠡᠷᠢᠬᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠪᠡ᠃ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠮᠠ | ᠰᠢᠤᠸᠠᠢ ᠵᠢᠶᠦ᠋ᠨ᠂ ᠯᠢᠦ ᠴᠢ ᠹᠠᠨ᠂ ᠵᠠᠩ ᠶᠤᠸᠠᠨ ᠵᠦᠩ᠂ ᠯᠢ ᠵᠢᠶᠧ ᠰᠢᠶᠠᠩ᠂ ᠶᠠᠩ ᠸᠧᠢ ᠳ᠋ᠦᠩ᠂ ᠳ᠋ᠤᠸᠠᠨ ᡁᠢ | ᠴᠢᠶᠠᠩ᠂ ᠯᠢ ᠪᠢᠩ ᠷᠦᠩ ᠤᠷᠤᠯᠴᠠᠪᠠ᠃ | ᠬᠤᠷᠠᠯ ᠳᠡᠬᠡᠷ᠎ᠡ᠂ ᠳᠦᠩᠯᠢᠶᠤᠤ ᠬᠤᠳᠠ᠂ ᠰᠢᠯᠢ ᠶᠢᠨ ᠭᠤᠤᠯ ᠠᠶᠢᠮᠠᠭ᠂ ᠮᠤᠷᠢᠨᠳᠠᠪᠠᠭ᠎ᠠ ᠶᠢᠨ ᠳᠠᠭᠤᠷ | ᠦᠨᠳᠦᠰᠦᠳᠡᠨ ᠤ ᠦᠪᠡᠷᠳᠡᠬᠡᠨ ᠵᠠᠰᠠᠬᠤ ᠬᠤᠰᠢᠭᠤ᠂ ᠳᠦᠴᠢᠤᠸᠠᠨ ᠰᠢᠶᠠᠨ᠂ ᠪᠠᠭᠠᠷᠢᠨ ᠵᠡᠬᠦᠨ ᠬᠤᠰᠢᠭᠤ᠂ | ᠬᠤᠸᠠᠳᠧ ᠰᠢᠶᠠᠨ᠂ ᠳᠠᠷᠢᠶᠠᠯᠠᠩ ᠮᠠᠯ ᠠᠵᠥ ᠠᠬᠤᠢ ᠶᠢᠨ ᠳᠢᠩᠬᠢᠮ᠂ ᠤᠰᠤᠨ ᠠᠰᠢᠬᠯᠠᠯᠳᠠ ᠶᠢᠨ ᠳᠢᠩᠬᠢᠮ ᠤᠨ | ᠬᠠᠷᠢᠭᠤᠴᠠᠯᠭᠠᠳᠠᠨ ᠰᠠᠨᠠᠯ ᠢᠶᠠᠨ ᠰᠤᠯᠢᠯᠴᠠᠬᠤ ᠦᠬᠡ ᠶᠠᠷᠢᠵᠥ᠂ ᠯᠢ ᠵᠢᠢ ᠾᠧᠩ ᠨᠢᠬᠡᠳ ᠨᠢᠬᠡ ᠪᠠᠷ ᠦᠨᠡᠯᠡᠪᠡ᠃ | ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠶᠢ ᠢᠮᠠᠬᠳᠠ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠥ᠂ ᠦᠢᠷ᠎ᠠ ᠳᠤ ᠦᠪᠦᠷ ᠮᠤᠩᠭᠤᠯ ᠳᠤ ᠰᠢᠨᠵᠢᠯᠠᠨ | ᠪᠠᠶᠢᠴᠠᠭᠠᠬᠤ ᠪᠠᠨ ᠳᠠᠭᠤᠰᠬᠠᠬᠤ ᠦᠶ᠎ᠡ ᠳᠤ ᠴᠢᠬᠤᠯᠠ ᠶᠠᠷᠢᠶ᠎ᠠ ᠲᠠᠯᠪᠢᠵᠤ᠂ ᠮᠠᠨ ᠤ ᠤᠷᠤᠨ ᠤ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠴᠢᠬᠤᠯᠠ ᠵᠢᠭᠠᠪᠤᠷᠢ ᠦᠭᠴᠤ᠂ ᠪᠢᠳᠡᠨ ᠤ ᠠᠵᠢᠯ ᠢᠶᠠᠨ ᠰᠠᠶᠢᠳᠤᠷ | ᠬᠢᠵᠥ᠂ ᠰᠢᠢᠳᠪᠤᠷᠢᠳᠤ ᠳᠠᠶᠢᠯᠠᠯᠳᠤᠭᠠᠨ ᠬᠢᠵᠦ ᠰᠢᠢᠳᠪᠤᠷᠢᠳᠦ ᠢᠯᠠᠯᠳᠠ ᠤᠯᠬᠤ ᠳᠤ ᠰᠢᠨᠵᠢᠯᠡᠬᠦ ᠤᠬᠠᠭᠠᠨᠴᠢ | ᠵᠢᠯᠤᠭᠤᠳᠤᠮᠵᠢ ᠬᠠᠩᠭᠠᠵᠥ᠂ ᠬᠦᠴᠦᠷᠬᠡᠭ ᠶᠡᠭᠡ ᠬᠦᠳᠡᠯᠬᠡᠬᠦ ᠬᠦᠴᠦᠨ ᠨᠡᠮᠡᠷᠢᠯᠡᠪᠠ᠃ ᠪᠢᠳᠡ ᠶᠡᠷᠦᠩᠬᠡᠢ ᠱᠦᠵᠢ | ᠰᠢ ᠶᠢᠨ ᠫᠢᠩ ᠤᠨ ᠴᠢᠩ ᠰᠡᠳᠬᠢᠯ ᠤᠨ ᠰᠤᠷᠭᠠᠯ ᠢ ᠪᠠᠳᠤ ᠴᠡᠬᠡᠵᠢᠯᠡᠵᠥ᠂ ᠬᠠᠷᠢᠭᠤᠴᠠᠯᠭ᠎ᠠ ᠶᠢ ᠨᠡᠩ | ᠪᠤᠳᠠᠳᠠᠶᠢᠵᠢᠭᠤᠯᠵᠤ᠂ ᠡᠬᠦᠷᠬᠡ ᠶᠢ ᠨᠡᠩ ᠴᠢᠩᠭ᠎ᠠ ᠠᠳᠬᠤᠵᠤ᠂ ᠳᠠᠪᠠᠭᠤᠯᠢᠭ ᠬᠦᠴᠦᠨ ᠢᠶᠠᠨ ᠳᠦᠪᠯᠡᠷᠡᠬᠦᠯᠵᠥ | ᠪᠠᠶᠢᠭᠠᠳ ᠵᠠᠩᠬᠢᠯᠠᠭ᠎ᠠ ᠶᠢᠨ ᠨᠢᠬᠡ ᠵᠢᠯ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠳᠠᠶᠢᠯᠠᠯᠳᠤᠭᠠᠨ ᠢ ᠰᠠᠶᠢᠳᠤᠷ ᠬᠢᠬᠦ ᠬᠡᠷᠡᠭᠳᠡᠢ᠃ ᠤᠨᠴᠠᠭᠠᠶᠢᠯᠠᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠨᠠᠮ | ᠵᠠᠰᠠᠬ ᠤᠨ ᠭᠤᠤᠯ ᠬᠠᠷᠢᠭᠤᠴᠠᠯᠭᠠᠳᠠᠨ ᠨᠦᠬᠦᠳ ᠳᠦᠷ ᠠᠮᠤᠰᠬᠢᠬᠦ ᠪᠤᠳᠤᠯ ᠢᠶᠠᠨ ᠳᠠᠶᠠᠬᠳᠠᠵᠥ᠂ ᠺᠠᠳ᠋ᠷ ᠤᠯᠠᠨ | ᠳᠦᠮᠡᠨ ᠢᠶᠠᠨ ᠳᠠᠶᠢᠴᠢᠯᠠᠨ ᠰᠢᠷᠭᠠᠭᠤ ᠠᠵᠢᠯᠯᠠᠵᠥ ᠪᠤᠳᠠᠳᠠᠢ ᠠᠵᠢᠯᠯᠠᠵᠥ ᠴᠢᠷᠮᠠᠶᠢᠨ ᠠᠵᠢᠯᠯᠠᠵᠥ᠂ ᠵᠢᠯ ᠤᠨ ᠪᠤᠭᠤᠮᠳᠠ | ᠰᠢᠪᠳᠤᠯᠬᠤ ᠬᠠᠷᠠᠯᠳᠠᠳᠤ ᠡᠬᠦᠷᠬᠡ ᠪᠠᠨ ᠦᠨᠡᠨ ᠬᠦ ᠰᠠᠶᠢᠳᠤᠷ ᠪᠡᠶᠡᠯᠡᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃ | | | | | | | ᠯᠢ ᠵᠢᠢ ᠾᠧᠩ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠲᠦᠪ ᠤᠨ ᠲᠤᠰᠬᠠᠢ ᠲᠤᠭᠤᠷᠢᠨ | ᠪᠠᠶᠢᠴᠠᠭᠠᠯᠳᠠ ᠪᠠ ᠦᠷ᠎ᠡ ᠪᠦᠳᠦᠮᠵᠢ ᠶᠢᠨ ᠰᠢᠯᠭᠠᠨ ᠪᠠᠶᠢᠴᠠᠭᠠᠯᠳᠠ ᠳᠤ ᠲᠤᠰᠬᠠᠬᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢᠶᠠᠨ ᠡᠷᠡᠰ ᠰᠢᠭᠤᠷᠬᠠᠢ ᠡᠷᠴᠢᠮᠳᠠᠢ ᠰᠠᠶᠢᠳᠤᠷ ᠠᠳᠬᠤᠵᠤ᠂ ᠴᠠᠭ ᠤᠨ ᠬᠢᠵᠠᠭᠠᠷ ᠢ ᠴᠢᠩᠭ᠎ᠠ | ᠡᠵᠡᠮᠳᠡᠵᠤ᠂ ᠠᠰᠠᠭᠤᠳᠠᠯ᠂ ᠡᠬᠦᠷᠭᠡ᠂ ᠠᠷᠭ᠎ᠠ ᠬᠡᠮᠵᠢᠶ᠎ᠡ ᠶᠢᠨ ᠨᠠᠷᠢᠨ ᠲᠠᠩᠰᠠ ᠲᠠᠢ ᠬᠠᠷᠭᠤᠭᠤᠯᠵᠤ᠂ ᠴᠡᠭᠴᠡᠯᠡᠨ | ᠰᠠᠶᠢᠵᠢᠷᠠᠭᠤᠯᠬᠤ ᠶᠢᠨ ᠵᠡᠷᠭᠡ ᠪᠠᠷ ᠦᠪᠡᠷᠳᠡᠭᠡᠨ ᠪᠠᠶᠢᠴᠠᠭᠠᠵᠤ᠂ ᠨᠢᠭᠡ ᠨᠢᠭᠡ ᠪᠠᠷ ᠲᠠᠩᠰᠠ ᠳ᠋ᠤᠭᠠᠷ ᠢᠶᠠᠨ ᠰᠠᠶᠢᠳᠦᠷ | ᠬᠠᠷᠭᠤᠭᠤᠯᠤᠨ ᠬᠠᠰᠤᠵᠤ᠂ ᠲᠦᠢᠯᠪᠤᠷᠢᠳᠠᠢ ᠲᠤᠭᠤᠰᠢᠳᠠᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠳᠤᠯᠠᠬᠤ | ᠭᠡᠷᠡᠭᠳᠠᠢ᠃ ︽ᠬᠤᠶᠠᠷ ᠲᠤ ᠵᠤᠪᠠᠭ᠋ᠤ ᠦᠬᠡᠢ ᠭᠤᠷᠪᠡ ᠶᠢ ᠪᠠᠳᠤᠯᠬᠠᠤ︾ ᠲᠤᠪᠤᠶᠢᠮ᠎ᠡ ᠠᠰᠠᠭᠤᠳᠠᠯ ᠢ ᠬᠦᠨᠵᠡᠭᠡᠢ | ᠰᠤᠳᠤᠯᠤᠨ ᠰᠢᠢᠳᠪᠤᠷᠢᠯᠡᠵᠤ᠂ ᠤᠨᠴᠠ ᠶᠠᠳᠠᠭᠤ ᠬᠦᠴᠢᠷᠳᠡᠯᠳᠠᠢ ᠭᠠᠵᠠᠷ ᠤᠷᠤᠨ ᠳᠤ ᠠᠩᠬᠠᠷᠤᠯ ᠢᠶᠠᠨ | ᠲᠦᠪᠯᠡᠷᠡᠬᠦᠯᠵᠤ᠂ ᠪᠠᠷᠢᠮᠵᠢᠶ᠎ᠡ ᠶᠢ ᠪᠠᠷᠢᠮᠳᠠᠯᠠᠵᠤ᠂ ᠤᠴᠢᠷ ᠰᠢᠯᠳᠠᠭᠠᠨ ᠢ ᠨᠢ ᠭᠦᠢᠴᠡᠳ ᠤᠶᠢᠢᠯᠠᠭᠠᠵᠤ᠂ ᠠᠷᠭ᠎ᠠ | ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ ︽ᠭᠤᠷᠪᠡ ᠶᠢ ᠪᠠᠳᠤᠯᠠᠬᠤ︾ ᠳᠤ ᠲᠤᠯᠭᠠᠷᠠᠵᠤ ᠪᠠᠶᠢᠭ᠎ᠠ ᠬᠦᠴᠢᠷ ᠰᠡᠳᠦᠪ ᠢ | ᠭᠤᠤᠯᠳᠠᠯᠭ᠎ᠠ ᠲᠠᠢ ᠰᠢᠢᠳᠪᠤᠷᠢᠯᠡᠬᠦ ᠭᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠶᠢᠨ ᠦᠷᠬᠦᠯᠵᠢᠯᠡᠬᠦ ᠴᠢᠨᠠᠷ ᠪᠠ | ᠲᠤᠬᠳᠠᠪᠤᠷᠢᠳᠤ ᠴᠢᠨᠠᠷ ᠢ ᠲᠡᠭᠡᠭᠰᠢᠯᠡᠬᠦᠯᠬᠦ ᠶᠢ ᠨᠡᠩ ᠢᠯᠡᠭᠦᠦ ᠠᠩᠬᠠᠷᠴᠤ᠂ ᠤᠷᠤᠨ ᠨᠤᠳᠤᠭ ᠤᠨ ᠪᠠᠶᠢᠳᠠᠯ ᠳᠤᠨᠢ | ᠲᠤᠬᠢᠷᠠᠭᠤᠯᠤᠨ ᠶᠠᠳᠠᠭᠤ ᠶᠢ ᠲᠡᠳᠬᠦᠬᠦ ᠠᠵᠤ ᠦᠢᠯᠡᠰ ᠢ ᠶᠡᠭᠡ ᠪᠠᠷ ᠬᠦᠭᠵᠢᠬᠦᠯᠵᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠤᠷᠭᠠᠨᠢᠭ ᠢᠶᠠᠷ ᠵᠤᠯᠭᠠᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠠ ᠦᠷ᠎ᠠ | ᠪᠦᠲᠦᠮᠵᠢ ᠪᠠᠨ ᠪᠠᠬᠢᠵᠢᠬᠦᠯᠤᠨ ᠲᠡᠭᠡᠭᠰᠢᠯᠡᠬᠦᠯᠬᠦ ᠠᠵᠢᠯ ᠢ ᠨᠢᠭᠡᠳᠦᠯᠳᠠᠢ ᠲᠦᠯᠦᠪᠵᠢᠬᠦᠯᠤᠨ ᠰᠠᠶᠢᠳᠤᠷ ᠠᠳᠬᠤᠵᠤ᠂ | ᠶᠠᠳᠠᠭᠤ ᠠᠴᠠ ᠠᠩᠭᠢᠵᠢᠷᠠᠭᠤᠯᠬᠤ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠲᠡᠭᠡᠭᠰᠢᠯᠡᠬᠦᠯᠬᠦ ᠭᠡᠷᠡᠭᠳᠠᠢ᠃ | ᠴᠢᠩᠭ᠎ᠠ ᠪᠤᠳᠠᠳᠠᠢ ᠰᠤᠷᠳᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠵᠤ᠂ | ︽ᠤᠭ ᠰᠠᠨᠠᠭ᠎ᠠ ᠪᠠᠨ ᠦᠯᠤ ᠮᠡᠷᠳᠡᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ | ᠬᠦᠮᠦᠵᠢᠯ ᠢ ᠦᠷᠨᠢᠬᠦᠯᠬᠦ ᠲᠠᠢ ᠤᠶᠠᠯᠳᠤᠭᠤᠯᠵᠤ ᠢᠷᠡᠭᠡᠳ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠤᠨ ᠡᠬᠦᠷᠭᠡ | ᠬᠠᠷᠢᠭᠤᠴᠠᠯᠭ᠎ᠠ ᠳᠠᠭᠠᠨ ᠤᠰᠤᠯᠳᠠᠬᠤ ᠦᠭᠡᠢ᠂ ᠬᠠᠷᠢᠭᠤᠴᠠᠯᠭ᠎ᠠ ᠡᠬᠦᠷᠭᠡᠯᠡᠨ ᠪᠤᠳᠠᠳᠠᠢ ᠠᠵᠢᠯᠯᠠᠬᠤ ᠶᠢ ᠨᠢ | ᠤᠷᠮᠠᠰᠢᠭᠤᠯᠤᠨ ᠵᠤᠷᠢᠬᠵᠢᠭᠤᠯᠵᠤ᠂ ︽ᠬᠠᠳᠬᠤᠮᠠᠯ ᠬᠠᠳᠬᠤᠬᠤ︾ ᠡᠷᠳᠡᠮ ᠢ ᠨᠢ ᠬᠦᠢᠴᠡᠳ ᠢᠯᠡᠷᠡᠭᠦᠯᠵᠦ᠂ ᠡᠯ᠎ᠡ | ᠵᠦᠢᠯ ᠤᠨ ᠠᠵᠢᠯ ᠢ ᠪᠤᠳᠠᠳᠠᠢ ᠠᠳᠬᠤᠵᠤ᠂ ᠬᠦᠨᠵᠡᠭᠡᠢ ᠠᠳᠬᠤᠵᠤ᠂ ᠪᠤᠳᠠᠳᠤ ᠦᠷ᠎ᠡ ᠪᠦᠳᠦᠮᠵᠢ ᠭᠠᠷᠭᠠᠬᠤ | ᠭᠡᠷᠡᠭᠳᠠᠢ ᠭᠡᠵᠤ ᠴᠢᠬᠤᠯᠠᠴᠢᠯᠠᠪᠠ᠃ | | | | | | | ᠪᠦ᠋ ᠰᠢᠶᠤᠤ ᠯᠢᠨ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠤᠯᠤᠰ ᠲᠦᠷᠦ ᠶᠢᠨ ᠵᠤᠬᠰᠤᠴᠠ ᠪᠠᠨ ᠤᠯᠠᠮ | ᠨᠢᠭᠡ ᠠᠯᠬᠤᠮ ᠲᠡᠭᠡᠭᠰᠢᠯᠡᠬᠦᠯᠵᠤ᠂ ᠶᠡᠷᠤᠩᠭᠡᠢ ᠱᠦᠵᠢ ᠰᠢ ᠶᠢᠨ ᠫᠢᠩ ᠤᠨ ᠮᠠᠨ ᠤ ᠤᠷᠤᠨ ᠳᠤ ᠰᠢᠨᠵᠢᠯᠠᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠬᠠᠷᠠᠯᠳᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠᠨ ᠴᠢᠩᠭᠠᠳᠬᠠᠵᠤ᠂ | ᠤᠷᠤᠰᠢᠵᠤ ᠪᠠᠶᠢᠭ᠎ᠠ ᠠᠰᠠᠭᠤᠳᠠᠯ ᠢᠶᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠶᠢ ᠪᠡᠶᠡᠯᠡᠭᠦᠯᠬᠦ ᠶᠢ ᠤᠭ ᠰᠠᠨᠠᠭ᠎ᠠ ᠪᠠᠨ ᠰᠠᠬᠢᠵᠤ | ᠡᠭᠦᠷᠭᠡ ᠪᠠᠨ ᠭᠦᠢᠴᠡᠳᠭᠡᠬᠦ ᠪᠤᠳᠠᠳᠤ ᠦᠢᠯᠡᠳᠦᠯᠭᠡ ᠪᠤᠯᠭᠠᠬᠤ ᠭᠡᠷᠡᠭᠳᠠᠢ᠃ ᠡᠨᠡ ᠵᠢᠯ ᠪᠠ ᠢᠷᠡᠬᠦ ᠵᠢᠯ ᠤᠨ | ᠡᠬᠦᠷᠭᠡ ᠪᠠᠨ ᠪᠦᠬᠦ ᠲᠠᠯ᠎ᠡ ᠪᠠᠷ ᠵᠢᠭᠰᠠᠭᠠᠨ ᠪᠠᠶᠢᠴᠠᠭᠠᠵᠤ᠂ ᠨᠡᠭᠡᠭᠡᠯᠳᠠᠳᠤ ᠮᠠᠶᠢᠭ ᠤᠨ ᠶᠠᠳᠠᠭᠤ ᠶᠢ ᠲᠡᠳᠬᠦᠬᠦ ᠪᠤᠯᠤᠨ | ᠪᠠᠳᠤᠯᠠᠭ᠎ᠠ ᠶᠢᠨ ᠴᠢᠨᠠᠷᠳᠠᠢ ᠶᠠᠳᠠᠭᠤ ᠶᠢ ᠲᠡᠳᠬᠦᠬᠦ ᠶᠢ ᠨᠢᠭᠡᠳᠦᠯᠳᠠᠢ ᠲᠦᠯᠦᠪᠵᠢᠬᠦᠯᠬᠦ ᠶᠢ ᠪᠠᠷᠢᠮᠳᠠᠯᠠᠵᠤ᠂ ︽ | ᠬᠤᠶᠠᠷ ᠲᠤ ᠵᠤᠪᠠᠭ᠋ᠤ ᠦᠬᠡᠢ ᠭᠤᠷᠪᠡ ᠶᠢ ᠪᠠᠳᠤᠯᠬᠠᠤ︾ ᠶᠢᠨ ᠲᠤᠪᠤᠶᠢᠮ᠎ᠡ ᠠᠰᠠᠭᠤᠳᠠᠯ ᠢ ᠲᠦᠪᠯᠡᠷᠡᠬᠦᠯᠤᠨ ᠰᠠᠶᠢᠳᠤᠷ | ᠰᠢᠢᠳᠪᠤᠷᠢᠯᠡᠬᠦ ᠭᠡᠷᠡᠭᠳᠠᠢ᠃ ᠰᠤᠷᠳᠠᠯ ᠤᠨ ᠪᠠᠶᠢᠭᠤᠯᠤᠯᠳᠠ ᠶᠢ ᠬᠦᠨᠵᠡᠭᠡᠶᠢᠷᠠᠬᠦᠯᠵᠤ᠂ ᠬᠡᠯᠪᠡᠷᠢᠴᠢ ᠦᠵᠡᠯ᠂ ᠨᠤᠶᠠᠨᠴᠢ | ᠰᠤᠷᠳᠠᠯ ᠢ ᠴᠢᠩᠭ᠎ᠠ ᠴᠡᠭᠡᠷᠯᠡᠵᠤ᠂ ᠨᠡᠩ ᠶᠡᠭᠡ ᠰᠦᠰᠦ ᠵᠤᠷᠢᠭ᠂ ᠨᠡᠩ ᠤᠨᠤᠪᠴᠢᠳᠠᠢ ᠠᠷᠭ᠎ᠠ ᠬᠡᠮᠵᠢᠶ᠎ᠡ ᠪᠠᠷ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠯ᠎ᠡ ᠵᠦᠢᠯ ᠤᠨ ᠠᠵᠢᠯ ᠢ ᠰᠠᠶᠢᠳᠤᠷ ᠠᠳᠬᠤᠵᠤ᠂ | ᠰᠢᠯᠢᠳᠡᠭ ᠠᠮᠵᠢᠯᠳᠠ ᠪᠠᠷ ᠢᠶᠠᠨ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ 70 ᠵᠢᠯ ᠤᠨ ᠤᠢ ᠶᠢ ᠪᠠᠶᠠᠷᠯᠡᠨ | ᠪᠡᠯᠭᠡᠯᠡᠬᠦ ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠨᠢ ᠸᠢᠳᠢᠤ᠋ ᠬᠤᠷᠠᠯ ᠤᠨ ᠬᠡᠯᠪᠡᠷᠢ ᠪᠠᠷ ᠶᠠᠪᠤᠭᠳᠠᠵᠦ᠂ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠤ᠋᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠥᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ | ᠬᠤᠰᠢᠭᠤ ᠤᠳᠤᠷᠢᠳᠤᠯᠭ᠎ᠠ ᠪᠠᠶᠠᠨᠴᠡᠩᠬᠡᠯ᠂ ᠭᠤᠤ ᠬᠤ᠋᠂ ᠰᠦᠨ ᠰᠢᠶᠤᠤ ᠴᠢᠶᠠᠩ᠂ ᠯᠢᠤ ᠵᠧᠩ ᠵᠢᠴᠢ ᠡᠯ᠎ᠡ ᠰᠤᠮᠤ | ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ ᠮᠠᠨ | ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ | | |