7 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨᠴᠢᠯᠠᠯᠳᠠ ᠶᠢᠨ | ᠲᠤᠪᠴᠢᠶᠠᠨ ᠤ ᠳᠠᠷᠤᠭ᠎ᠠ ᠪᠦᠦ ᠵᠢᠶᠧ ᠨᠠᠷ ᠮᠠᠨ ᠤ ᠬᠤᠰᠢᠭᠤᠨ ᠳᠤ ᠰᠢᠨᠵᠢᠯᠡᠨ ᠪᠠᠶᠢᠴᠠᠭᠠᠯᠳᠠ ᠬᠢᠵᠦ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ᠂ ᠬᠤᠰᠢᠭᠤ ᠤᠳᠤᠷᠢᠳᠤᠯᠭ᠎ᠠ ᠯᠢᠦ ᠵᠧᠩ | ᠵᠢᠴᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠰᠢᠭᠤ ᠮᠠᠯ ᠲᠠᠷᠢᠶᠠᠯᠠᠩ ᠤᠨ | ᠮᠠᠰᠢᠨᠴᠢᠯᠠᠯᠳᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | ᠰᠢᠨᠵᠢᠯᠡᠨ ᠪᠠᠶᠢᠴᠠᠭᠠᠯᠳᠠ ᠶᠢᠨ ᠪᠥᠯᠭᠦᠮ ᠤᠨ ᠬᠢᠨ ᠤᠷᠢᠳ ᠬᠤᠵᠢᠳ ᠥᠥᠰᠢᠨᠵᠤᠤ ᠪᠠᠯᠭᠠᠰᠤᠨ ᠤ ᠨᠠᠷᠢᠨ | ᠨᠣᠣᠰᠣᠲᠤ ᠬᠤᠨᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ᠂ ᠥᠥᠰᠢᠨᠵᠤᠤ ᠪᠠᠯᠭᠠᠰᠤᠨ ᠤ ᠮᠠᠯᠵᠢᠯ ᠤᠨ | ᠲᠣᠮᠣ ᠡᠷᠦᠬᠡ ᠣᠶᠤᠨᠳᠠᠯᠠᠢ ᠶᠢᠨ ᠬᠢᠨ᠂ ᠤᠯᠠᠭᠠᠠᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠲᠠᠷᠢᠶᠠᠯᠠᠩ ᠤᠨ | ᠮᠠᠰᠢᠨᠴᠢᠯᠠᠯᠳᠠ ᠶᠢᠨ ᠲᠤᠰᠬᠠᠶ ᠬᠤᠷᠰᠢᠶᠠᠵᠢᠯ᠂ ᠰᠥᠯᠳᠠ ᠰᠤᠮᠤᠨ ᠤ ᠱᠠᠷᠯᠢᠭ ᠭᠠᠴᠠᠭᠠᠨ ᠤ ᠲᠠᠷᠢᠶᠠᠯᠠᠩ ᠤᠨ | ᠮᠠᠰᠢᠨᠴᠢᠯᠠᠯᠳᠠ ᠶᠢᠨ ᠲᠤᠰᠬᠠᠶ ᠬᠤᠷᠰᠢᠶᠠᠵᠢᠯ ᠵᠢᠴᠢ ᠲᠤᠭ ᠪᠠᠯᠭᠠᠰᠤᠨ ᠤ ᠲᠡᠵᠢᠭᠡᠨ ᠦᠷᠡᠵᠢᠭᠦᠯᠬᠦ ᠲᠣᠮᠣ ᠡᠷᠦᠬᠡ | ᠮᠥᠩᠭᠡᠵᠠᠶᠠᠭᠠ ᠶᠢᠨ ᠭᠡᠷ ᠲᠤ ᠬᠦᠷᠴᠦ ᠮᠠᠨ ᠤ ᠬᠤᠰᠢᠭᠤᠨ ᠤ ᠮᠠᠰᠢᠨᠴᠢᠯᠠᠯᠲᠠ ᠶᠢᠨ ᠬᠥᠭᠵᠢᠯᠲᠡ ᠶᠢᠨ ᠪᠠᠶᠢᠳᠠᠯ ᠢ | ᠨᠠᠷᠢᠨ ᠣᠶᠢᠯᠠᠭᠠᠪᠠ᠃ | ᠰᠢᠨᠵᠢᠯᠠᠨ ᠪᠠᠶᠢᠴᠠᠭᠠᠯᠳᠠ ᠳᠤᠮᠳᠠ ᠪᠦᠦ ᠵᠢᠶᠧ ᠲᠣᠭᠤᠷᠢᠨ ᠥᠵᠠᠭᠦ ᠶᠢᠨ ᠲᠠᠭᠠᠤ ᠬᠤᠷᠰᠢᠶᠠᠵᠢᠯ ᠤᠨ | ᠡᠵᠡᠩᠨᠠᠯᠳᠠ ᠶᠢᠨ ᠠᠷᠭ᠎ᠠ ᠭᠡᠯᠪᠠᠷᠢ᠂ ᠦᠶᠯᠡᠴᠢᠯᠡᠭᠡᠨ ᠤ ᠭᠡᠯᠪᠠᠷᠢ ᠪᠠᠶᠢᠳᠠᠯ᠂ ᠠᠵᠢᠯᠯᠠᠬᠤ ᠲᠠᠯᠠᠪᠠᠢ ᠵᠢᠴᠢ | ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ ᠲᠡᠳᠡᠨ ᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠣᠶᠢᠯᠠᠭᠠᠵᠤ | ᠬᠥᠭᠵᠢᠯᠲᠡ ᠶᠢᠨ ᠵᠠᠮ ᠢ ᠡᠷᠢᠯᠬᠢᠯᠡᠬᠦ ᠶᠢ ᠵᠣᠷᠢᠭᠵᠢᠭᠤᠯᠪᠠ᠃ ᠮᠠᠨ ᠤ ᠬᠤᠰᠢᠭᠤᠨ ᠤ ᠲᠠᠷᠢᠶᠠᠯᠠᠩ ᠤᠨ | ᠮᠠᠰᠢᠨᠴᠢᠯᠠᠯᠳᠠ ᠶᠢᠨ ᠲᠤᠪᠴᠢᠶᠠᠨ ᠤ ᠮᠠᠰᠢᠨᠴᠢᠯᠠᠯᠲᠠ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠥᠯᠳᠠ ᠶᠢ ᠰᠣᠨᠣᠰᠤᠭᠰᠠᠨ ᠤ ᠳᠠᠷᠠᠭ᠎ᠠ ᠪᠦᠦ ᠵᠢᠶᠧ ᠮᠠᠨ ᠤ ᠬᠤᠰᠢᠭᠤᠨ ᠤ ᠲᠠᠷᠢᠶᠠᠯᠠᠩ ᠤᠨ | ᠮᠠᠰᠢᠨᠴᠢᠯᠠᠯᠳᠠ ᠶᠢᠨ ᠠᠵᠢᠯ ᠤᠨ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠳᠤ ᠦᠵᠡᠭᠦᠯᠦᠭᠰᠡᠨ ᠬᠤᠪᠢ | ᠨᠡᠮᠡᠷᠢ ᠶᠢ ᠭᠦᠶᠴᠡᠳ ᠨᠤᠲᠠᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ | ᠱᠠᠭᠠᠷᠳᠠᠬᠤ ᠳᠤ ᠪᠠᠨ᠂ ᠢᠳᠡᠪᠬᠢᠲᠡᠢ ᠠᠵᠢᠯᠯᠠᠵᠤ ᠡᠭᠦᠷᠭᠡ ᠪᠠᠨ ᠪᠠᠶᠠᠯᠠᠭᠦᠯᠤᠨ ᠠᠵᠢᠯ ᠢᠶᠠᠨ ᠰᠢᠨᠠᠴᠢᠯᠠᠵᠦ ᠣᠯᠠᠨ | ᠵᠦᠶᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠠᠶᠢᠨ ᠰᠠᠶᠢᠬᠠᠨ ᠠᠵᠢᠯ ᠤᠨ ᠰᠤᠷᠲᠠᠯ ᠢ ᠦᠷᠭᠦᠯᠵᠢᠯᠡᠨ | ᠪᠠᠳᠤᠯᠠᠬᠤ ᠭᠡᠷᠡᠭᠳᠠᠢ᠃ ᠦᠵᠡᠯᠲᠡ ᠲᠠᠨᠢᠯᠲᠠ ᠪᠠᠨ ᠬᠤᠪᠢᠷᠠᠭᠤᠯᠤᠨ ᠦᠶᠯᠡᠴᠢᠯᠡᠭᠡ ᠶᠢ ᠰᠠᠶᠢᠲᠤᠷ ᠬᠢᠵᠦ | ᠦᠶᠯᠡᠴᠢᠯᠡᠭᠡ ᠳᠤ ᠲᠦᠰᠢᠭᠯᠡᠨ ᠳᠦᠷᠢ ᠲᠥᠷᠬᠦ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠳᠦᠷᠢᠮ | ᠲᠣᠭᠲᠠᠭᠠᠯ ᠶᠣᠰᠣᠭᠠᠷ ᠠᠵᠢᠯ ᠶᠠᠪᠤᠳᠠᠯ ᠡᠷᠬᠢᠯᠡᠵᠦ ᠠᠷᠢᠭᠤᠨ ᠴᠢᠬᠡᠴᠢ ᠶᠢ ᠡᠷᠭᠢᠮᠯᠠᠨ ᠬᠠᠤᠯᠢ ᠲᠣᠭᠲᠠᠭᠠᠯ ᠢ ᠴᠢᠩᠭ᠎ᠠ | ᠵᠢᠷᠤᠮᠯᠠᠨ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠬᠡᠷᠡᠭᠵᠢᠭᠦᠯᠵᠦ ᠣᠯᠠᠨ ᠲᠦᠮᠡᠨ ᠤ ᠬᠢᠨᠠᠯᠲᠠ ᠶᠢ | ᠤᠬᠠᠮᠰᠠᠷ ᠠᠴᠠ ᠪᠠᠨ ᠭᠥᠯᠢᠶᠠᠭᠦ ᠭᠡᠷᠡᠭᠳᠠᠢ᠃ ᠡᠭᠦᠨ ᠤ ᠬᠠᠮᠲᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠠᠵᠢᠯ | ᠤᠨ ᠪᠠᠶᠢᠷᠢ ᠪᠠᠨ ᠬᠠᠶᠢᠷᠠᠯᠠᠨ ᠦᠶᠯᠡᠰ ᠢᠶᠠᠨ ᠳᠡᠭᠡᠳᠦᠯᠡᠵᠦ ᠲᠠᠷᠢᠶᠠᠯᠠᠩ ᠤᠨ ᠮᠠᠰᠢᠨᠴᠢᠯᠠᠯᠲᠠ ᠶᠢᠨ ᠦᠢᠯᠡᠰ ᠤᠨ | ᠲᠣᠭᠲᠠᠭᠤᠨ ᠢᠶᠠᠷ ᠬᠥᠭᠵᠢᠬᠦ ᠶᠢ ᠴᠢᠨᠠᠭᠰᠢᠳᠠ ᠠᠬᠢᠭᠤᠯᠬᠤ ᠬᠡᠷᠡᠭᠲᠡᠶ ᠭᠡᠵᠡᠢ᠃ |