ᠰᠢ ᠶᠢᠨ ᠫᠢᠩ ᠶᠡᠷᠦᠩᠬᠡᠢ ᠱᠦᠵᠢ ᠦᠪᠤᠷ ᠮᠤᠩᠭᠤᠯ ᠳᠤ ᠠᠵᠢᠯ ᠪᠠᠶᠢᠴᠠᠭᠠᠬᠤ ᠦᠶ᠎ᠡ ᠳᠤ ᠴᠦᠬᠡᠨ | ᠲᠤᠭᠠᠳᠤ ᠦᠨᠳᠦᠰᠦᠳᠡᠨ ᠤ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ᠂ ᠤᠯᠠᠮᠵᠢᠯᠠᠯᠳᠠ ᠶᠢ | ᠴᠢᠩᠭᠠᠳᠬᠠᠬᠤ ᠲᠠᠯ᠎ᠠ ᠪᠠᠷ ᠴᠢᠬᠤᠯᠠ ᠵᠢᠭᠠᠪᠤᠷᠢ ᠳᠤᠷᠠᠳᠤᠭᠰᠠᠨ ᠶᠤᠮ᠃ ᠬᠤᠰᠢᠭᠤ ᠪᠣᠳᠠᠰ ᠤᠨ ᠪᠣᠰᠣ ᠰᠣᠶᠣᠯ ᠤᠨ | ᠦᠪ ᠤᠨ ᠬᠠᠮᠠᠭᠠᠯᠠᠯᠳᠠ ᠶᠢᠨ ᠳᠦᠪ ᠡᠨᠡᠬᠦ ᠵᠢᠭᠠᠪᠤᠷᠢ ᠶᠢᠨ ᠵᠤᠷᠢᠭ ᠰᠠᠨᠠᠭ᠎ᠠ ᠪᠠᠷ ᠪᠣᠳᠠᠰ ᠤᠨ ᠪᠣᠰᠣ ᠰᠣᠶᠣᠯ ᠤᠨ | ᠦᠪ ᠢ ᠠᠪᠣᠷᠡᠨ ᠬᠠᠮᠠᠭᠠᠯᠠᠬᠤ ᠳᠦᠷᠣᠯ ᠵᠣᠶᠢᠯ ᠢ ᠬᠦᠨᠵᠡᠬᠡᠢ ᠠᠭᠤᠳᠠᠯᠠᠵᠤ ᠠᠪᠣᠷᠡᠨ ᠬᠠᠮᠠᠭᠠᠯᠠᠯᠳᠠ ᠶᠢᠨ ᠠᠵᠢᠯ | ᠢᠶᠠᠨ ᠡᠷᠴᠢᠮᠵᠢᠬᠦᠯᠵᠣ ᠪᠠᠶᠢᠨ᠎ᠠ᠃ | ᠨᠡᠶᠢᠬᠡᠮ ᠠᠵᠤ ᠠᠬᠤᠢ ᠶᠢᠨ ᠲᠦᠷᠬᠡᠨ ᠬᠦᠭᠵᠢᠯᠳᠡ ᠠᠴᠠ ᠪᠤᠯᠵᠦ ᠮᠠᠰᠢᠨ ᠮᠤᠲ᠋ᠤᠷ ᠨᠢ ᠮᠤᠷᠢ ᠶᠢ | ᠤᠷᠤᠯᠠᠭᠰᠠᠨ ᠠᠴᠠ ᠮᠤᠩᠭᠤᠯ ᠲᠦᠮᠡᠨ ᠳᠤ ᠠᠴᠢ ᠭᠠᠪᠢᠶ᠎ᠠ ᠲᠠᠢ ᠮᠤᠷᠢ ᠨᠢ ᠪᠢᠳᠠᠨ ᠤ ᠠᠮᠢᠳᠤᠷᠠᠯ ᠠᠴᠠ ᠠᠶᠠᠷᠬᠠᠨ | ᠬᠤᠯᠠᠳᠠᠵᠤ ᠮᠤᠷᠢᠨ ᠰᠤᠶᠤᠯ ᠴᠤ ᠬᠡᠬᠡᠭᠳᠡᠵᠤ ᠤᠷᠬᠢᠭᠳᠠᠬᠤ ᠬᠡᠮᠵᠢᠶᠠᠨ ᠳᠤ ᠬᠦᠷᠦᠬᠡᠳ ᠪᠤᠢ᠃ ᠰᠦᠯᠳᠡ ᠰᠤᠮᠤᠨ ᠤ | ᠲᠠᠯ᠎ᠠ ᠶᠢᠨ ᠤᠰᠤ ᠭᠠᠴᠠᠭᠠᠨ ᠤ ᠮᠠᠯᠴᠢᠨ ᠴᠢᠯᠠᠭᠤᠨᠪᠠᠭᠠᠳᠤᠷ ᠲᠡᠬᠡᠳᠦ ᠠᠴᠠ ᠦᠪᠯᠡᠭᠰᠡᠨ ᠮᠤᠷᠢᠨ ᠰᠤᠶᠤᠯ ᠢ ᠤᠨᠴᠠ | ᠴᠢᠬᠤᠯᠠᠴᠢᠯᠠᠵᠤ ᠠᠷᠪᠠᠭᠠᠳ ᠵᠢᠯ ᠤᠨ ᠲᠤᠷᠰᠢ ᠮᠤᠷᠢᠨ ᠰᠤᠶᠤᠯ᠂ ᠮᠤᠷᠢᠨ ᠡᠳ᠋ᠯᠡᠯ ᠬᠡᠷᠡᠭᠰᠡᠯ ᠤᠨ ᠬᠠᠮᠠᠭᠠᠯᠠᠯᠳᠠ ᠶᠢᠨ | ᠠᠵᠢᠯ ᠳᠤ ᠬᠦᠴᠦ ᠲᠠᠯᠪᠢᠭᠰᠠᠭᠠᠷ ᠢᠷᠡᠵᠡᠢ᠃ ᠣᠶᠢᠷ᠎ᠠ ᠶᠢᠨ ᠡᠳᠦᠷ᠂ ᠬᠤᠰᠢᠭᠤ ᠪᠣᠳᠡᠰ ᠤᠨ ᠪᠣᠰᠣ ᠰᠣᠶᠣᠯ ᠤᠨ | ᠦᠪ ᠤᠨ ᠬᠠᠮᠠᠭᠠᠯᠠᠯᠳᠠ ᠶᠢᠨ ᠳᠦᠪ ᠤᠨ ᠠᠵᠢᠯᠳᠡᠳ ᠲᠤᠰᠬᠠᠶᠢᠯᠠᠨ ᠴᠢᠯᠠᠭᠤᠨᠪᠠᠭᠠᠳᠤᠷ ᠤᠨ ᠬᠢᠨ ᠳᠤ ᠣᠴᠢᠵᠦ | ᠡᠮᠡᠬᠡᠯ ᠵᠡᠷᠬᠡ ᠮᠤᠷᠢᠨ ᠡᠳ᠋ᠯᠡᠯ ᠬᠢᠬᠦ ᠪᠦᠬᠦ ᠶᠠᠪᠤᠴᠠ ᠶᠢ ᠰᠡᠬᠦᠳᠡᠷᠯᠡᠨ ᠰᠢᠩᠬᠡᠬᠡᠵᠦ ᠠᠪᠤᠭᠰᠠᠨ ᠪᠠᠶᠢᠨ᠎ᠠ᠃ ᠬᠤᠰᠢᠭᠤ | ᠪᠣᠳᠡᠰ ᠤᠨ ᠪᠣᠰᠣ ᠰᠣᠶᠣᠯ ᠤᠨ ᠦᠪ ᠤᠨ ᠬᠠᠮᠠᠭᠠᠯᠠᠯᠳᠠ ᠶᠢᠨ ᠳᠦᠪ ᠤᠨ ᠠᠵᠢᠯᠳᠡᠳ ᠪᠠᠰᠠ ᠤᠯᠠᠭᠠᠨᠳᠤᠯᠤᠭᠠᠢ | ᠪᠠᠯᠭᠠᠰᠤᠨ ᠤ ᠪᠠᠶᠠᠠᠭᠤᠤᠯ ᠭᠠᠴᠠᠭᠠᠨ ᠳᠤ ᠤᠴᠢᠵᠤ ᠵᠤᠯᠠᠭ ᠤᠨ ᠨᠠᠶᠢᠷ ᠤᠨ ᠪᠦᠬᠦ ᠶᠠᠪᠤᠴᠠ ᠶᠢ ᠰᠡᠬᠦᠳᠡᠷᠯᠡᠨ | ᠰᠢᠩᠬᠡᠬᠡᠵᠤ ᠠᠪᠤᠪᠠ᠃ ᠡᠨᠡᠬᠦ ᠰᠢᠩᠬᠡᠬᠡᠯᠳᠡ ᠶᠢ ᠲᠠᠬᠢᠨ ᠡᠮᠬᠢᠯᠡᠭᠰᠡᠨ ᠤ ᠲᠠᠷᠠᠭ᠎ᠠ ᠪᠤᠳᠠᠰ ᠤᠨ ᠪᠤᠰᠤ ᠰᠤᠶᠤᠯ ᠤᠨ | ᠦᠪ ᠢᠶᠠᠷ ᠲᠡᠬᠡᠷ᠎ᠡ ᠱᠠᠳᠤᠨ ᠳᠤ ᠮᠡᠳᠡᠬᠦᠯᠬᠦ ᠪᠠᠷ ᠪᠠᠶᠢᠨ᠎ᠠ᠃ | ᠮᠠᠨ ᠤ ᠬᠤᠰᠢᠭᠤᠨ ᠳᠤ ᠤᠳᠤ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ 1᠂ ᠤᠷᠤᠨ | ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ 19᠂ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ | ᠦᠪ 32᠂ ᠬᠤᠰᠢᠭᠤ ᠲᠡᠰ ᠤᠨ ᠪᠤᠳᠠᠰ ᠤᠨ ᠪᠤᠰᠤ ᠰᠤᠶᠤᠯ ᠤᠨ ᠦᠪ 47 ᠪᠤᠢ᠃ ᠬᠤᠰᠢᠭᠤ ᠪᠣᠳᠡᠰ ᠤᠨ | ᠪᠣᠰᠣ ᠰᠣᠶᠣᠯ ᠤᠨ ᠦᠪ ᠤᠨ ᠬᠠᠮᠠᠭᠠᠯᠠᠯᠳᠠ ᠶᠢᠨ ᠳᠦᠪ ᠤᠨ ᠬᠢᠨ ᠪᠣᠳᠡᠰ ᠤᠨ ᠪᠣᠰᠣ ᠰᠣᠶᠣᠯ ᠤᠨ ᠦᠪ ᠤᠨ | ᠠᠪᠣᠷᠠᠨ ᠬᠠᠮᠠᠭᠠᠯᠠᠬᠤ ᠳᠦᠷᠣᠯ ᠵᠣᠶᠢᠯ ᠢ ᠣᠯᠠᠮ ᠬᠦᠨᠵᠡᠬᠡᠢ ᠨᠠᠷᠢᠯᠢᠭᠵᠢᠭᠤᠯᠤᠨ ᠠᠭᠤᠳᠠᠯᠠᠬᠤ ᠶᠢᠨ ᠬᠠᠮᠳᠤ ᠦᠪᠯᠡᠨ | ᠤᠯᠠᠮᠵᠢᠯᠠᠬᠤ ᠠᠵᠢᠯ ᠢ ᠤᠯᠠᠮ ᠲᠤᠭᠤᠰᠢᠲᠠᠢ ᠶᠠᠪᠤᠭᠳᠠᠭᠤᠯᠬᠤ ᠶᠢᠨ ᠳᠦᠯᠣᠭᠡ ᠪᠤᠳᠠᠰ ᠤᠨ ᠪᠤᠰᠤ ᠰᠤᠶᠤᠯ ᠤᠨ | ᠦᠪ ᠤᠨ ᠠᠪᠤᠷᠠᠨ ᠬᠠᠮᠠᠭᠠᠯᠠᠬᠤ ᠲᠦᠷᠦᠯ ᠵᠦᠢᠯ ᠢ ᠰᠡᠬᠦᠳᠡᠷᠯᠡᠨ ᠰᠢᠩᠬᠡᠬᠡᠵᠤ ᠦᠨᠢᠳᠡ ᠶᠢᠨ ᠮᠠᠲ᠋ᠧᠷᠢᠶᠠᠯ ᠪᠤᠯᠭᠠᠵᠤ | ᠦᠯᠡᠳᠡᠬᠡᠬᠦ᠂ ᠰᠢᠨ᠎ᠡ ᠪᠠᠷ ᠢᠯᠡᠷᠡᠬᠦᠯᠦᠭᠰᠡᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠢ | ᠰᠡᠬᠦᠳᠡᠷᠯᠡᠨ ᠰᠢᠩᠬᠡᠬᠡᠵᠤ ᠲᠡᠬᠡᠷ᠎ᠡ ᠱᠠᠳᠤᠨ ᠳᠤ ᠮᠡᠳᠡᠬᠦᠯᠬᠦ ᠵᠡᠷᠬᠡ ᠠᠵᠢᠯ ᠢ ᠡᠷᠴᠢᠮᠳᠠᠢ ᠶᠠᠪᠤᠭᠳᠠᠭᠤᠯᠵᠤ ᠡᠬᠢᠯᠡᠪᠡ᠃ | ᠤᠳᠤ ᠪᠤᠯᠳᠠᠯ᠎ᠠ ᠰᠣᠷᠢᠰᠣ ᠬᠢᠬᠦ᠂ ᠳᠠᠯᠢᠩ ᠳᠡᠯᠳᠡᠬᠦ᠂ ᠢᠰᠡᠬᠡᠢ ᠣᠷᠠᠯᠠᠯ ᠬᠢᠬᠦ᠂ ᠰᠢᠨᠠᠯᠠᠵᠣ ᠴᠠᠭᠠᠯᠠᠬᠤ ᠶᠣᠰᠣ ᠵᠡᠷᠭᠡ | ᠠᠪᠣᠷᠠᠨ ᠬᠠᠮᠠᠭᠠᠯᠠᠬᠤ ᠴᠢᠬᠤᠯᠠ ᠲᠠᠢ 20 ᠭᠠᠷᠣᠢ ᠳᠦᠷᠣᠯ ᠵᠣᠶᠢᠯ ᠢ ᠨᠢᠬᠡᠨᠳᠡ ᠰᠡᠭᠦᠳᠡᠷᠯᠡᠨ ᠰᠢᠩᠬᠡᠬᠡᠵᠣ | ᠦᠯᠡᠳᠡᠬᠡᠭᠰᠡᠨ ᠤ ᠬᠠᠮᠳᠤ ᠲᠡᠬᠡᠷ᠎ᠡ ᠱᠠᠳᠤᠨ ᠳᠤ ᠪᠤᠳᠠᠰ ᠤᠨ ᠪᠤᠰᠤ ᠰᠤᠶᠤᠯ ᠤᠨ ᠦᠪ ᠢᠶᠠᠷ ᠮᠡᠳᠡᠬᠦᠯᠦᠬᠡᠳ | ᠪᠠᠶᠢᠨ᠎ᠠ᠃ |