ᠰᠢ ᠶᠢᠨ ᠫᠢᠩ ᠠᠷᠠᠪ ᠤᠨ ᠬᠤᠯᠪᠤᠭᠠᠳᠤ ᠠᠬᠠᠮᠠᠳᠳᠤ ᠤᠯᠤᠰ ᠤᠨ ᠠᠪᠦ᠋ ᠽᠠᠪᠢ ᠸᠠᠩ ᠤᠨ ᠵᠠᠯᠭᠠᠮᠵᠢᠯᠠᠬᠴᠢ ᠮᠦᠬᠠᠨᠮᠦ᠋ᠳ᠋ ᠲᠠᠢ ᠬᠡᠯᠡᠯᠴᠡᠭᠡ ᠬᠢᠪᠠ
ᠨᠡᠶᠢᠲᠡᠯᠡᠭᠰᠡᠨ ᠴᠠᠭ᠄
2019-07-24
     ᠰᠢᠨᠬᠤᠸᠠ ᠬᠤᠷᠢᠶᠡᠨ ᠤ ᠪᠡᠭᠡᠵᠢᠩ ᠤᠨ 7 ᠰᠠᠷ᠎ᠠ ᠶᠢᠨ 22 ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠯᠢᠦ ᠬᠤᠸᠠ ᠵᠧᠩ ᠮᠢᠩ ᠳ᠋ᠠ︶ ᠤᠯᠤᠰ ᠤᠨ ᠲᠡᠷᠢᠬᠦᠯᠡᠭᠴᠢ ᠰᠢ ᠶᠢᠨ ᠫᠢᠩ 22 ᠤᠨ ᠡᠳᠤᠷ ᠠᠷᠠᠳ ᠤᠨ ᠶᠡᠭᠡ ᠬᠤᠷᠡᠯ ᠤᠨ ᠲᠠᠩᠬᠢᠮ ᠳᠤ ᠠᠷᠠᠪ ᠤᠨ ᠬᠤᠯᠪᠤᠭᠠᠳᠤ ᠠᠬᠠᠮᠠᠳᠳᠤ ᠤᠯᠤᠰ ᠤᠨ ᠠᠪᠦ᠋ ᠽᠠᠪᠢ ᠸᠠᠩ ᠤᠨ ᠵᠠᠯᠭᠠᠮᠵᠢᠯᠠᠬᠴᠢ ᠮᠦᠬᠠᠨᠮᠦ᠋ᠳ᠋ ᠲᠠᠢ ᠬᠡᠯᠡᠯᠴᠡᠭᠡ ᠬᠢᠪᠠ᠃      ᠰᠢ ᠶᠢᠨ ᠫᠢᠩ᠂ ᠨᠢᠳᠤᠨᠤᠨ ᠤ 7 ᠰᠠᠷ᠎ᠠ ᠳᠤ᠂ ᠪᠢ ᠠᠷᠠᠪ ᠤᠨ ᠬᠤᠯᠪᠤᠭᠠᠳᠤ ᠠᠬᠠᠮᠠᠳᠳᠤ ᠤᠯᠤᠰ ᠲᠤ ᠠᠮᠵᠢᠯᠳᠡ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠵᠥ᠂ ᠪᠢᠳᠡ ᠲᠤᠮᠳᠠᠳᠤ ᠤᠯᠤᠰ ᠪᠠ ᠠᠷᠠᠪ ᠤᠨ ᠬᠤᠯᠪᠤᠭᠠᠳᠤ ᠠᠬᠠᠮᠠᠳᠳᠤ ᠤᠯᠤᠰ ᠪᠦᠬᠦ ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠶᠢᠭᠤᠯᠤᠨ᠎ᠠ ᠭᠡᠵᠦ ᠬᠠᠮᠳᠤ ᠪᠠᠷ ᠨᠡᠶᠢᠳᠡᠯᠡᠵᠥ᠂ ᠲᠤᠮᠳᠠᠳᠤ ᠤᠯᠤᠰ ᠪᠠ ᠠᠷᠠᠪ ᠤᠨ ᠬᠤᠯᠪᠤᠭᠠᠳᠤ ᠠᠬᠠᠮᠠᠳᠳᠤ ᠤᠯᠤᠰ ᠤᠨ ᠭᠠᠷ ᠬᠤᠯᠪᠤᠨ ᠬᠠᠮᠳᠤ ᠪᠠᠷ ᠤᠷᠤᠭᠰᠢᠯᠠᠬᠤ ᠴᠣ᠋ ᠰᠢᠨ᠎ᠡ ᠬᠠᠭᠤᠳᠠᠰᠤ ᠶᠢ ᠰᠡᠬᠦᠭᠰᠡᠡ ᠪᠠᠶᠢᠨ᠎ᠠ᠃ ᠨᠢᠬᠡ ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠠᠶᠢᠯᠴᠢᠯᠠᠯᠳᠠ ᠶᠢᠨ ᠦᠷ᠎ᠡ ᠪᠦᠳᠦᠬᠡᠯ ᠢ ᠢᠳᠡᠪᠬᠢᠳᠡᠢ ᠨᠠᠶᠢᠳᠠᠪᠤᠷᠢᠵᠢᠭᠤᠯᠵᠥ᠂ ᠬᠤᠶᠠᠷ ᠲᠠᠯ᠎ᠠ ᠶᠢᠨ ᠬᠠᠷᠢᠯᠴᠠᠭ᠎ᠠ ᠪᠦᠬᠦ ᠲᠠᠯ᠎ᠠ ᠶᠢᠨ᠂ ᠴᠢᠨᠠᠷ ᠰᠠᠶᠢᠳᠠᠢ ᠬᠦᠭᠵᠢᠯᠳᠡ ᠪᠠᠨ ᠪᠠᠳᠤᠯᠠᠵᠠᠢ ᠬᠡᠵᠥ ᠬᠡᠯᠡᠪᠡ᠃      ᠰᠢ ᠶᠢᠨ ᠫᠢᠩ᠂ ᠲᠠᠯᠠᠭᠡᠶᠢᠵᠢᠯᠳᠠ ᠶᠢᠨ ᠴᠠᠭ ᠦᠶ᠎ᠡ ᠳᠤ᠂ ᠬᠠᠮᠳᠤᠷᠠᠯᠴᠠᠭ᠎ᠠ ᠬᠢᠵᠥ ᠬᠠᠮᠳᠤ ᠪᠠᠷ ᠠᠰᠢᠭ ᠬᠦᠷᠳᠡᠬᠦ ᠪᠤᠯ ᠰᠠᠶ᠋ᠢ ᠡᠯ᠎ᠡ ᠤᠯᠤᠰ ᠤᠨ ᠬᠠᠷᠢᠯᠴᠠᠬᠤ ᠶᠤᠰᠤ ᠮᠦᠨ᠂ ᠦᠪᠡᠷ ᠢ ᠪᠠᠨ ᠪᠢᠳᠡᠬᠦᠮᠵᠢᠯᠡᠨ ᠳᠦᠭᠵᠢᠬᠦ ᠨᠢ ᠵᠦᠪᠬᠡᠨ ᠦᠪᠡᠷ ᠤᠨ ᠠᠰᠢᠭ ᠲᠤᠰᠠ ᠪᠠᠨ ᠬᠤᠬᠢᠷᠠᠭᠤᠯᠤᠨ᠎ᠠ᠃ ᠲᠤᠮᠳᠠᠳᠤ ᠤᠯᠤᠰ ᠪᠠ ᠠᠷᠡᠪ ᠤᠨ ᠬᠤᠯᠪᠤᠭᠠᠳᠤ ᠠᠬᠠᠮᠠᠳᠳᠤ ᠤᠯᠤᠰ ᠤᠨ ᠬᠠᠷᠢᠯᠴᠠᠭᠠᠨ ᠤ ᠬᠠᠷᠠᠯᠳᠠ ᠠᠯᠤᠰ ᠭᠡᠳᠤ ᠶᠢᠨ᠂ ᠠᠭᠤᠯᠭ᠎ᠠ ᠡᠯᠪᠡᠭ ᠪᠠᠶᠠᠯᠢᠭ᠂ ᠬᠠᠷᠢᠯᠴᠠᠨ ᠠᠰᠢᠬᠳᠠᠢ ᠬᠠᠷᠢᠯᠴᠠᠨ ᠬᠠᠷᠠᠭᠠᠯᠵᠠᠬᠤ ᠪᠤᠯ ᠵᠠᠭᠤᠨ ᠵᠢᠯ ᠤᠨ ᠶᠡᠭᠡ ᠪᠤᠳᠤᠯᠭ᠎ᠠ ᠪᠠᠶᠢᠵᠤ᠂ ᠠᠳᠠᠯᠢ ᠪᠤᠰᠤ ᠤᠷᠤᠨ ᠪᠦᠰᠡ᠂ ᠠᠳᠠᠯᠢ ᠪᠤᠰᠤ ᠰᠤᠶᠤᠯ᠂ ᠠᠳᠠᠯᠢ ᠪᠤᠰᠤ ᠲᠦᠷᠦᠯ ᠤᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠬᠢᠬᠦ ᠬᠡᠪ ᠳᠠᠭᠤᠷᠢᠶᠠᠯ ᠪᠤᠯᠪᠠ᠃ ᠡᠨᠡ ᠵᠢᠯ ᠪᠤᠯ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ 70 ᠵᠢᠯ ᠤᠨ ᠤᠢ ᠪᠤᠯᠬᠤ ᠪᠦᠭᠡᠳ ᠲᠤᠮᠳᠠᠳᠤ ᠤᠯᠤᠰ ᠪᠠ ᠠᠷᠠᠪ ᠤᠨ ᠬᠤᠯᠪᠤᠭᠠᠳᠤ ᠠᠬᠠᠮᠠᠳᠳᠤ ᠤᠯᠤᠰ ᠤᠨ ᠭᠠᠳᠠᠭᠠᠳᠦ ᠬᠠᠷᠢᠯᠴᠠᠭ᠎ᠠ ᠪᠠᠶᠢᠭᠤᠯᠤᠬᠰᠡᠨ 35 ᠵᠢᠯ ᠤᠨ ᠤᠢ ᠪᠤᠯᠤᠨ᠎ᠡ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠭᠡᠷᠡᠭᠦᠯᠬᠦ ᠤᠨᠴᠠᠭᠠᠢ ᠠᠴᠢ ᠬᠤᠯᠪᠤᠬᠳᠠᠯ ᠲᠠᠢ ᠶᠤᠮ᠃ ᠲᠠ ᠡᠨᠡ ᠦᠶ᠎ᠡ ᠳᠤ ᠲᠤᠮᠳᠠᠳᠤ ᠤᠯᠤᠰ ᠲᠤ ᠠᠶᠢᠯᠴᠢᠯᠠᠵᠤ᠂ ᠪᠢᠳᠠ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠤᠯᠤᠨ ᠠᠷᠠᠪ ᠤᠨ ᠬᠤᠯᠪᠤᠭᠠᠳᠤ ᠠᠬᠠᠮᠠᠳᠳᠤ ᠤᠯᠤᠰ ᠤᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠨ ᠴᠢᠩᠭᠠᠳᠬᠠᠬᠤ ᠲᠤᠬᠠᠢ ᠬᠠᠮᠳᠤᠷᠠᠬᠰᠡᠨ ᠢᠯᠡᠷᠭᠡᠶᠢᠯᠡᠯᠳᠠ︾ ᠶᠢ ᠬᠠᠮᠳᠤ ᠪᠠᠷ ᠨᠡᠶᠢᠳᠡᠯᠡᠬᠦ ᠪᠤᠯᠤᠨ᠎ᠡ᠂ ᠡᠨᠡ ᠪᠤᠯ ᠲᠤᠮᠳᠠᠳᠤ ᠤᠯᠤᠰ ᠪᠠ ᠠᠷᠠᠪ ᠤᠨ ᠬᠤᠯᠪᠤᠭᠠᠳᠤ ᠠᠬᠠᠮᠠᠳᠳᠤ ᠤᠯᠤᠰ ᠤᠨ ᠬᠠᠷᠢᠯᠴᠠᠭᠠᠨ ᠤ ᠲᠡᠤᠭᠡᠨ ᠳᠡᠭᠡᠷᠡᠬᠢ ᠪᠠᠰᠠ ᠨᠢᠭᠡ ᠬᠤᠪᠢ ᠴᠢᠬᠤᠯᠠ ᠬᠦᠳᠦᠯᠪᠤᠷᠢ ᠶᠢᠨ ᠴᠢᠨᠠᠷᠳᠠᠢ ᠪᠢᠴᠢᠭ ᠮᠠᠲ᠋ᠧᠷᠢᠶᠠᠯ ᠪᠤᠯᠬᠤ ᠶᠤᠮ᠃ ᠪᠢ ᠲᠤᠷᠠᠳᠠᠶ᠎ᠡ ᠲᠠᠨ ᠲᠠᠢ ᠬᠠᠮᠳᠤ᠂ ᠡᠭᠡᠳᠡᠷᠡᠭᠡᠨ ᠪᠤᠳᠤᠯᠢᠶᠠᠨᠳᠠᠢ ᠪᠠᠶᠢᠳᠠᠯ ᠤᠨ ᠡᠮᠦᠨ᠎ᠠ ᠦᠷᠬᠦᠯᠵᠢᠯᠡᠨ ᠲᠤᠬᠳᠠᠯ ᠬᠦᠴᠦᠨ ᠢᠶᠠᠨ ᠪᠠᠳᠤᠯᠠᠵᠤ᠂ ᠪᠠᠶᠢᠳᠠᠯ ᠤᠨ ᠬᠤᠪᠢᠷᠠᠯᠳᠠ ᠲᠤᠮᠳᠠ ᠴᠢᠭᠯᠡᠯ ᠢᠶᠠᠨ ᠯᠠᠪᠳᠠᠭᠤᠨ ᠡᠵᠡᠮᠳᠡᠵᠤ᠂ ᠲᠤᠮᠳᠠᠳᠤ ᠤᠯᠤᠰ ᠪᠠ ᠠᠷᠠᠪ ᠤᠨ ᠬᠤᠯᠪᠤᠭᠠᠳᠤ ᠠᠬᠠᠮᠠᠳᠳᠤ ᠤᠯᠤᠰ ᠤᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠦᠷ᠎ᠠ ᠪᠦᠲᠦᠭᠡᠯ ᠤᠯᠬᠤ ᠶᠢ ᠬᠦᠲᠦᠯᠦᠨ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠨᠡᠩ ᠰᠠᠶᠢᠨ ᠪᠤᠶᠠᠨ ᠦᠢᠯᠡᠳᠦᠨ᠎ᠠ ᠭᠡᠵᠤ ᠵᠢᠭᠠᠵᠤ ᠭᠠᠷᠭᠠᠪᠠ      ᠰᠢ ᠶᠢᠨ ᠫᠢᠩ᠂ ᠳᠤᠮᠳᠠᠳᠤ ᠤᠯᠤᠰ ᠪᠠ ᠠᠷᠠᠪ ᠤᠨ ᠬᠤᠯᠪᠤᠭᠠᠲᠤ ᠠᠬᠠᠮᠠᠳᠲᠤ ᠤᠯᠤᠰ ᠤᠯᠤᠰ ᠲᠦᠷᠦ ᠶᠢᠨ ᠢᠲᠡᠭᠡᠯᠴᠡᠭᠡ ᠪᠠ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠭᠦᠨᠵᠡᠭᠡᠶᠢᠷᠡᠭᠦᠯᠬᠦ ᠬᠡᠷᠡᠭᠲᠡᠢ᠃ ᠳᠤᠮᠳᠠᠳᠤ ᠤᠯᠤᠰ ᠠᠷᠠᠪ ᠤᠨ ᠬᠤᠯᠪᠤᠭᠠᠲᠤ ᠠᠬᠠᠮᠠᠳᠲᠤ ᠤᠯᠤᠰ ᠢ ᠳᠤᠮᠳᠠᠳᠤ ᠳᠤᠷᠤᠨᠠᠲᠤ ᠤᠷᠤᠨ ᠤ ᠴᠢᠬᠤᠯᠠ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠵᠦ᠂ ᠠᠷᠠᠪ ᠤᠨ ᠬᠤᠯᠪᠤᠭᠠᠲᠤ ᠠᠬᠠᠮᠠᠳᠲᠤ ᠤᠯᠤᠰ ᠤᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠦᠭᠵᠢᠯᠲᠡ ᠶᠢᠨ ᠠᠰᠢᠬ ᠲᠤᠰᠠ ᠶᠢ ᠬᠠᠮᠠᠭᠠᠯᠠᠬᠤ ᠶᠢᠨ ᠲᠦᠯᠦᠭᠡ ᠬᠢᠭᠰᠡᠨ ᠴᠢᠷᠮᠠᠶᠢᠯᠭ᠎ᠠ ᠶᠢ ᠳᠡᠮᠵᠢᠵᠦ᠂ ᠠᠷᠠᠪ ᠤᠨ ᠬᠤᠯᠪᠤᠭᠠᠲᠤ ᠠᠬᠠᠮᠠᠳᠲᠤ ᠤᠯᠤᠰ ᠤᠨ ᠭᠠᠵᠠᠷ ᠤᠷᠤᠨ ᠪᠤᠯᠤᠨ ᠳᠡᠯᠡᠬᠡᠢ ᠶᠢᠨ ᠬᠡᠷᠡᠭ ᠶᠠᠪᠤᠳᠠᠯ ᠳᠤᠮᠳᠠ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠡ᠃ ᠳᠤᠮᠳᠠᠳᠤ ᠤᠯᠤᠰ ᠳᠤᠷᠠᠲᠠᠶ᠎ᠠ ᠠᠷᠠᠪ ᠤᠨ ᠬᠤᠯᠪᠤᠭᠠᠲᠤ ᠠᠬᠠᠮᠠᠳᠲᠤ ᠤᠯᠤᠰ ᠯᠤᠭ᠎ᠠ ᠵᠤᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠤᠭᠠᠲᠤ ᠪᠠᠶᠢᠭᠤᠯᠭ᠎ᠠ ᠪᠠᠷ ᠭᠤᠤᠯ ᠪᠤᠯᠭᠠᠬᠰᠠᠨ ᠤᠯᠠᠨ ᠤᠯᠤᠰ ᠤᠨ ᠰᠢᠰᠲᠧᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠲᠢᠭᠯᠢᠮ ᠢ ᠡᠷᠡᠰ ᠬᠠᠮᠠᠭᠠᠯᠠᠵᠤ᠂ ᠤᠯᠠᠨ ᠲᠠᠯᠠᠲᠤ ᠦᠵᠡᠯ ᠪᠠ ᠲᠦᠪ ᠭᠤᠤᠯᠴᠢ ᠰᠢᠳᠤᠷᠭᠤ ᠶᠤᠰᠤ ᠶᠢ ᠡᠷᠡᠰ ᠬᠠᠮᠠᠭᠠᠯᠠᠵᠤ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ ᠬᠠᠮᠳᠤ ᠪᠠᠷ ᠪᠠᠶᠢᠭᠤᠯᠬᠤ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠠᠶᠢᠭᠤᠯᠬᠤ ᠶᠢ ᠲᠦᠷᠭᠡᠳᠭᠡᠨ ᠠᠬᠢᠭᠤᠯᠵᠤ᠂ ᠲᠤᠰ ᠲᠤᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠶᠢ ᠴᠢᠩᠭᠠᠳᠬᠠᠵᠤ᠂ 2030 ᠤᠨ ᠳᠤ ᠬᠤᠶᠠᠷ ᠲᠠᠯ᠎ᠠ ᠶᠢᠨ ᠠᠷᠠᠯᠵᠢᠶ᠎ᠠ 2000 ᠳ᠋ᠦᠩᠰᠢᠭᠤᠷ ᠳ᠋ᠤᠯᠯᠠᠷ ᠲᠤ ᠬᠦᠷᠬᠦ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠬᠠᠯᠢᠹᠠ ᠭᠠᠷᠠᠮ ᠤᠨ ᠬᠤᠶᠠᠳᠤᠭᠠᠷ ᠬᠤᠭᠤᠴᠠᠭᠠᠨ ᠤ ᠴᠢᠩᠭᠡᠯᠢᠭᠳᠦ ᠪᠠᠷᠠᠭᠠᠨ ᠤ ᠭᠠᠷᠠᠮ ᠪᠠ ᠳᠤᠮᠳᠠᠳᠤ ᠤᠯᠤᠰ ᠪᠠ ᠠᠷᠠᠪ ᠤᠨ ᠬᠤᠯᠪᠤᠭᠠᠲᠤ ᠠᠬᠠᠮᠠᠳᠲᠤ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠲᠤᠷᠠᠯᠴᠠᠭᠠᠨ ᠤ ᠵᠢᠱᠢᠶ᠎ᠠ ᠦᠵᠡᠭᠦᠯᠬᠦ ᠬᠦᠷᠢᠶᠡᠯᠡᠩ ᠤᠨ ᠵᠢᠱᠢᠶ᠎ᠠ ᠦᠵᠡᠭᠦᠯᠬᠦ ᠲᠦᠷᠦᠯ ᠵᠦᠢᠯ ᠢ ᠰᠠᠶᠢᠳᠤᠷ ᠴᠤᠬᠴᠠᠯᠠᠵᠤ᠂ ᠡᠨᠧᠷᠬᠢ ᠶᠢᠨ ᠬᠦᠷᠢᠶᠡᠨ ᠳᠠᠬᠢ ᠤᠷᠲᠤ ᠬᠤᠭᠤᠴᠠᠭᠠᠨ ᠤ᠂ ᠲᠤᠬᠲᠠᠭᠤᠨ᠂ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠪᠠᠬᠢᠵᠢᠭᠦᠯᠦᠨ ᠦᠷᠭᠡᠳᠬᠡᠬᠦ ᠬᠡᠷᠡᠭᠲᠡᠢ᠃ ᠰᠤᠶᠤᠯ ᠢᠷᠭᠡᠨᠰᠢᠯ ᠤᠨ ᠰᠤᠯᠢᠯᠴᠠᠭ᠎ᠠ ᠪᠠᠨ ᠨᠢᠬᠲᠠᠷᠠᠭᠤᠯᠬᠤ ᠬᠡᠷᠡᠭᠳᠠᠢ᠂ ᠳᠤᠮᠳᠠᠳᠤ ᠤᠯᠤᠰ ᠠᠷᠠᠪ ᠤᠨ ᠬᠤᠯᠪᠤᠭᠠᠲᠤ ᠠᠬᠠᠮᠠᠳᠲᠤ ᠤᠯᠤᠰ ᠤᠨ ᠬᠢᠨ ᠤ 200 ᠰᠤᠷᠭᠠᠭᠤᠯᠢ ᠳᠤ ᠬᠢᠲᠠᠳ ᠬᠡᠯᠡᠨ ᠤ ᠬᠢᠴᠢᠶᠡᠯ ᠨᠡᠭᠡᠭᠡᠨ ᠳᠤᠬᠢᠷᠠᠭᠤᠯᠬᠤ ᠶᠢ ᠳᠡᠮᠵᠢᠨ᠎ᠠ᠃ ᠰᠦᠷᠳᠡᠭᠦᠯᠦᠯ ᠢ ᠡᠰᠡᠷᠭᠦᠴᠡᠬᠦ ᠠᠮᠤᠷ ᠲᠦᠪᠰᠢᠨ ᠤ ᠬᠠᠮᠲᠤᠷᠠᠯᠴᠠᠯᠭ᠎ᠠ ᠪᠠᠨ ᠴᠢᠩᠭᠠᠳᠬᠠᠬᠤ ᠬᠡᠷᠡᠭᠲᠡᠢ᠃ ᠳᠤᠮᠳᠠᠳᠤ ᠤᠯᠤᠰ ᠠᠷᠠᠪ ᠤᠨ ᠬᠤᠯᠪᠤᠭᠠᠲᠤ ᠠᠬᠠᠮᠠᠳᠲᠤ ᠤᠯᠤᠰ ᠤᠨ ᠬᠢᠨ ᠤ ᠰᠢᠨᠵᠢᠶᠠᠩ ᠳᠤ ᠬᠤᠯᠪᠤᠬᠳᠠᠬᠤ ᠠᠰᠠᠭᠤᠳᠠᠯ ᠳᠡᠭᠡᠷ᠎ᠡ ᠡᠷᠬᠢᠮ ᠨᠠᠨᠳᠢᠨ ᠳᠡᠮᠵᠢᠯᠭᠡ ᠬᠠᠩᠭᠠᠭᠰᠠᠨ ᠳᠤ ᠲᠠᠯᠠᠷᠬᠠᠬᠤ ᠮᠦᠷᠲᠡᠭᠡᠨ ᠠᠷᠠᠪ ᠤᠨ ᠬᠤᠯᠪᠤᠭᠠᠲᠤ ᠠᠬᠠᠮᠠᠳᠲᠤ ᠤᠯᠤᠰ ᠤᠨ ᠬᠢᠨ ᠤ ᠱᠠᠰᠢᠨ ᠰᠤᠷᠲᠠᠬᠤᠨ ᠤ ᠬᠡᠲᠦᠷᠡᠮᠡᠬᠡᠢ ᠬᠦᠴᠦᠨ ᠳᠤ ᠴᠤᠬᠢᠯᠲᠠ ᠦᠭᠬᠦ ᠴᠢᠷᠮᠠᠶᠢᠯᠭ᠎ᠠ ᠶᠢ ᠡᠷᠡᠰ ᠳᠡᠮᠵᠢᠨ᠎ᠡ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠠᠯᠠᠢ ᠶᠢᠨ ᠪᠤᠯᠤᠩ ᠤᠨ ᠤᠷᠤᠨ ᠤ ᠡᠩᠬᠡ ᠲᠠᠶᠢᠪᠤᠩ ᠠᠮᠦᠷ ᠲᠤᠭᠳᠠᠭᠤᠨ ᠪᠦᠬᠦ᠋ᠢᠯᠡ ᠳᠤᠮᠳᠠᠳᠤ ᠳᠤᠷᠤᠨᠠᠳᠤ ᠤᠷᠤᠨ ᠴᠢᠨᠠᠭᠰᠢᠯᠠᠭᠠᠳ ᠪᠦᠬᠦ ᠳᠡᠯᠡᠬᠡᠢ ᠶᠢᠨ ᠠᠮᠤᠷ ᠲᠦᠪᠰᠢᠨ ᠪᠠ ᠬᠦᠭᠵᠢᠯᠳᠡ ᠳᠤ ᠴᠢᠬᠤᠯᠠ ᠠᠴᠢ ᠬᠤᠯᠪᠤᠭᠳᠠᠯ ᠲᠠᠢ ᠶᠤᠮ᠂ ᠦᠷᠭᠦᠯᠵᠢᠯᠡᠨ ︽ᠠᠮᠤᠷ ᠲᠦᠪᠰᠢᠨ ᠤ ᠨᠤᠭᠤᠭᠠᠨ ᠪᠦᠷᠢᠳᠤ︾ ᠪᠠᠶᠢᠪᠠᠯ ᠵᠤᠬᠢᠨ᠎ᠠ᠂ ᠬᠠᠷᠢᠨ ︽ᠰᠠᠮᠠᠭᠤᠨ ᠳᠡᠪᠵᠢᠶᠠᠨ ᠤ ᠡᠬᠢ ᠰᠤᠷᠪᠤᠯᠵᠢ︾ ᠪᠤᠯᠵᠤ ᠪᠤᠯᠬᠤ ᠦᠭᠡᠢ᠃ ᠳᠤᠮᠳᠠᠳᠤ ᠤᠯᠤᠰ ᠠᠷᠠᠪ ᠤᠨ ᠲᠠᠯ᠎ᠠ ᠶᠢᠨ ᠬᠢᠨ ᠤ ᠲᠤᠰ ᠭᠠᠵᠠᠷ ᠤᠷᠤᠨ ᠤ ᠪᠠᠨ ᠡᠩᠬᠡ ᠲᠠᠶᠢᠪᠤᠩ ᠲᠤᠭᠳᠠᠭᠤᠨ ᠢᠶᠠᠨ ᠬᠠᠮᠠᠭᠠᠯᠠᠬᠤ ᠶᠢᠨ ᠲᠦᠯᠦᠭᠡ ᠴᠢᠷᠮᠠᠶᠢᠬᠤ ᠶᠢ ᠳᠡᠮᠵᠢᠵᠦ᠂ ᠬᠤᠯᠪᠤᠭᠳᠠᠯ ᠪᠦᠬᠦᠢ ᠡᠯ᠎ᠠ ᠲᠠᠯ᠎ᠠ ᠶᠢᠨ ᠬᠢᠨ ᠳᠡᠰᠪᠤᠷᠢ ᠲᠡᠪᠴᠢᠶᠠᠷᠢ ᠲᠠᠢ ᠯᠠᠪᠳᠠᠭᠤᠨ ᠲᠠᠶᠢᠪᠤᠩ ᠪᠠᠶᠢᠵᠤ᠂ ᠫᠠᠨᠳᠤᠷᠠ ᠶᠢᠨ ᠬᠠᠶᠢᠷᠴᠠᠭ ᠢ ᠦᠯᠦ ᠨᠡᠬᠡᠬᠡᠵᠤ᠂ ᠬᠠᠷᠢᠯᠴᠠᠨ ᠬᠦᠨᠳᠦᠳᠭᠡᠬᠦ ᠰᠠᠭᠤᠷᠢᠨ ᠳᠡᠭᠡᠷ᠎ᠠ᠂ ᠵᠦᠪᠳᠡᠯᠴᠡᠨ ᠶᠠᠷᠢᠯᠴᠠᠬᠤ ᠪᠠᠷ ᠳᠠᠮᠵᠢᠨ ᠵᠦᠷᠢᠯᠳᠦᠭᠡᠨ ᠢᠶᠠᠨ ᠰᠢᠢᠳᠪᠦᠷᠢᠯᠡᠵᠤ᠂ ᠮᠦᠷᠭᠦᠯᠳᠦᠭᠡᠨ ᠢᠶᠠᠨ ᠨᠠᠮᠳᠠᠭᠤᠯᠬᠤ ᠶᠢ ᠤᠷᠢᠶᠠᠯᠠᠵᠤ ᠪᠤᠢ᠃ ᠳᠤᠮᠳᠠᠳᠤ ᠤᠯᠤᠰ ᠳᠤᠷᠠᠳᠠᠶ᠎ᠠ ᠠᠷᠠᠪ ᠤᠨ ᠬᠤᠯᠪᠤᠭᠠᠳᠤ ᠠᠬᠠᠮᠠᠳᠳᠤ ᠤᠯᠤᠰ ᠵᠢᠴᠢ ᠳᠡᠯᠡᠬᠡᠢ ᠨᠡᠶᠢᠳᠡ ᠶᠢᠨ ᠬᠢᠨ ᠲᠠᠢ ᠬᠠᠮᠳᠦ ᠪᠠᠷ᠂ ᠳᠠᠯᠠᠢ ᠶᠢᠨ ᠪᠤᠯᠤᠩ ᠤᠨ ᠤᠷᠤᠨ ᠤ ᠡᠩᠬᠡ ᠲᠠᠶᠢᠪᠤᠩ ᠠᠮᠦᠷ ᠲᠤᠭᠳᠠᠭᠤᠨ ᠢ ᠬᠠᠮᠠᠭᠠᠯᠠᠬᠤ ᠳᠤ ᠬᠦᠴᠦᠨ ᠨᠡᠮᠡᠷᠢᠯᠡᠨ᠎ᠠ ᠭᠡᠵᠤ ᠴᠢᠬᠤᠯᠠᠴᠢᠯᠠᠪᠠ᠃      ᠮᠦᠬᠠᠨᠮᠦ᠋ᠳ᠋᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠪᠠᠶᠠᠷ ᠬᠦᠷᠭᠡᠵᠤ ᠪᠠᠶᠢᠨ᠎ᠠ᠃ ᠠᠷᠠᠪ ᠤᠨ ᠬᠤᠯᠪᠤᠭᠠᠲᠤ ᠠᠬᠠᠮᠠᠳᠲᠤ ᠤᠯᠤᠰ ᠳᠤᠮᠳᠠᠳᠤ ᠤᠯᠤᠰ ᠤᠨ ᠬᠦᠭᠵᠢᠯᠳᠡ ᠶᠢᠨ ᠢᠷᠡᠭᠡᠳᠦᠢ ᠮᠠᠰᠢ ᠬᠡᠭᠡᠨ ᠰᠠᠷᠠᠭᠤᠯ ᠬᠡᠮᠡᠨ ᠦᠵᠡᠵᠤ ᠪᠤᠢ᠂ ᠠᠷᠠᠪ ᠤᠨ ᠬᠤᠯᠪᠤᠭᠠᠲᠤ ᠠᠬᠠᠮᠠᠳᠲᠤ ᠤᠯᠤᠰ ᠪᠤᠯᠤᠨ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠶᠢ ᠠᠷᠠᠪ ᠤᠨ ᠬᠤᠯᠪᠤᠭᠠᠲᠤ ᠠᠬᠠᠮᠠᠳᠲᠤ ᠤᠯᠤᠰ ᠤᠨ ᠭᠠᠳᠠᠭᠠᠳᠤ ᠬᠠᠷᠢᠯᠴᠠᠭᠠᠨ ᠤ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠨ᠎ᠠ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠠᠷᠠᠪ ᠤᠨ ᠬᠤᠯᠪᠤᠭᠠᠲᠤ ᠠᠬᠠᠮᠠᠳᠲᠤ ᠤᠯᠤᠰ ᠬᠡᠵᠢᠶᠡᠳᠡ ᠳᠤᠮᠳᠠᠳᠤ ᠤᠯᠤᠰ ᠤᠨ ᠬᠠᠮᠤᠭ ᠤᠨ ᠰᠠᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠪᠤᠯᠤᠨ᠎ᠠ᠃ ᠳᠤᠮᠳᠠᠳᠤ ᠶᠢᠨ ᠲᠠᠯ᠎ᠠ ᠶᠢᠨ ᠭᠤᠤᠯᠯᠠᠭᠴᠢ ᠠᠰᠢᠭ ᠲᠤᠰᠠ ᠪᠤᠯᠤᠨ ᠠᠩᠬᠠᠷᠤᠨ ᠬᠠᠯᠠᠮᠵᠢᠯᠠᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ᠂ ᠠᠷᠠᠪ ᠤᠨ ᠬᠤᠯᠪᠤᠭᠠᠲᠤ ᠠᠬᠠᠮᠠᠳᠲᠤ ᠤᠯᠤᠰ ᠦᠷᠭᠦᠯᠵᠢᠯᠡᠨ ᠳᠤᠮᠳᠠᠳᠤ ᠶᠢᠨ ᠲᠠᠯ᠎ᠠ ᠳᠤ ᠬᠦᠴᠦᠳᠠᠢ ᠳᠡᠮᠵᠢᠯᠭᠡ ᠦᠭᠭᠦᠨ᠎ᠠ᠃ ︽ᠨᠢᠭᠡ ᠪᠦᠰᠡ ᠨᠢᠭᠡ ᠵᠠᠮ︾ ᠢ ᠬᠠᠮᠳᠦ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠨᠢ ᠭᠠᠵᠠᠷ ᠤᠷᠤᠨ ᠤ ᠬᠤᠯᠪᠤᠯᠳᠤᠨ ᠨᠡᠪᠳᠡᠷᠡᠯᠴᠡᠬᠦ ᠪᠤᠯᠤᠨ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠬᠦ ᠪᠤᠯᠤᠨ᠎ᠠ᠂ ᠠᠷᠠᠪ ᠤᠨ ᠬᠤᠯᠪᠤᠭᠠᠲᠤ ᠠᠬᠠᠮᠠᠳᠲᠤ ᠤᠯᠤᠰ ᠳᠤᠷᠠᠳᠠᠶ᠎ᠠ ᠡᠭᠦᠨ ᠳᠤ ᠢᠳᠡᠪᠬᠢᠳᠠᠢ ᠤᠷᠤᠯᠴᠠᠬᠤ ᠪᠦᠭᠡᠳ ᠨᠡᠩ ᠶᠡᠭᠡ ᠦᠢᠯᠡᠳᠦᠯ ᠪᠠᠳᠠᠷᠠᠭᠤᠯᠵᠤ᠂ ᠲᠡᠷᠡᠴᠢᠯᠡᠨ ᠳᠤᠮᠳᠠᠳᠤ ᠶᠢᠨ ᠲᠠᠯ᠎ᠠ ᠯᠤᠭ᠎ᠠ ᠭᠤᠷᠪᠠᠳᠠᠬᠢ ᠲᠠᠯ᠎ᠠ ᠶᠢᠨ ᠵᠠᠬ᠎ᠠ ᠳᠡᠯᠭᠡᠭᠦᠷ ᠤᠨ ᠬᠠᠮᠳᠤᠷᠠᠯᠴᠠᠭ᠎ᠠ ᠦᠷᠨᠢᠭᠦᠯᠬᠦ ᠲᠤᠬᠠᠢ ᠵᠦᠪᠳᠡᠯᠴᠡᠨ᠎ᠠ᠃ ᠠᠷᠠᠪ ᠤᠨ ᠬᠤᠯᠪᠤᠭᠠᠲᠤ ᠠᠬᠠᠮᠠᠳᠲᠤ ᠤᠯᠤᠰ ᠳᠤᠷᠠᠳᠠᠶ᠎ᠠ ᠳᠤᠮᠳᠠᠳᠤ ᠤᠯᠤᠰ ᠲᠠᠬᠢ ᠪᠡᠯᠡ ᠤᠷᠤᠭᠤᠯᠤᠯᠳᠠ᠂ ᠡᠨᠧᠷᠬᠢ ᠶᠢᠨ ᠬᠠᠩᠭᠠᠯᠭ᠎ᠠ ᠪᠤᠯᠤᠨ ᠠᠷᠠᠯᠵᠢᠶᠠᠨ ᠤ ᠬᠡᠪᠴᠢᠶ᠎ᠠ ᠪᠠᠨ ᠦᠷᠬᠡᠳᠬᠡᠵᠦ᠂ ᠮᠦᠩᠬᠦᠨ ᠬᠦᠢᠯᠬᠡᠬᠡᠨ᠂ ᠠᠭᠠᠷ ᠤᠨ ᠠᠶᠠᠯᠠᠯ᠂ ᠰᠤᠶᠤᠯ ᠢᠷᠬᠡᠨᠰᠢᠯ ᠵᠡᠷᠬᠡ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠦ᠂ ᠰᠢᠨᠵᠢᠯᠡᠬᠦ ᠤᠬᠠᠭᠠᠨ ᠳᠧᠭᠨᠢᠭ ᠮᠡᠷᠬᠡᠵᠢᠯ ᠤᠨ ᠬᠦᠷᠢᠶᠡᠨ ᠳᠤ ᠳᠤᠮᠳᠠᠳᠤ ᠤᠯᠤᠰ ᠤᠨ ᠺᠤᠮᠫᠠᠨᠢ ᠯᠤᠭ᠎ᠠ ᠬᠠᠮᠳᠤᠷᠠᠯᠴᠠᠭ᠎ᠠ ᠦᠷᠨᠢᠬᠦᠯᠬᠦ ᠶᠢ ᠳᠡᠮᠵᠢᠨ᠎ᠠ᠃ ᠠᠷᠠᠪ ᠤᠨ ᠬᠤᠯᠪᠤᠭᠠᠲᠤ ᠠᠬᠠᠮᠠᠳᠲᠤ ᠤᠯᠤᠰ ᠳᠤᠮᠳᠠᠳᠤ ᠤᠯᠤᠰ ᠤᠨ ᠴᠦᠬᠡᠨ ᠳᠤᠭᠠᠳᠤ ᠦᠨᠳᠦᠰᠦᠳᠡᠨ ᠤ ᠡᠷᠬᠡ ᠠᠰᠢᠬ ᠢ ᠬᠠᠮᠠᠭᠠᠯᠠᠬᠤ᠂ ᠦᠨᠳᠦᠰᠦᠳᠡᠨ ᠤ ᠪᠦᠯᠬᠦᠮᠳᠡᠯ ᠡᠪ ᠨᠠᠶᠢᠷᠠᠮᠳᠠᠯ ᠢ ᠠᠬᠢᠭᠤᠯᠬᠤ ᠳᠠᠯ᠎ᠠ ᠪᠠᠷ ᠬᠢ ᠴᠢᠷᠮᠠᠶᠢᠯᠭ᠎ᠠ ᠶᠢ ᠳᠡᠬᠡᠳᠦ ᠬᠡᠮᠵᠢᠶ᠎ᠠ ᠪᠠᠷ ᠮᠠᠬᠳᠠᠨ ᠰᠠᠶᠢᠰᠢᠶᠠᠵᠦ᠂ ᠳᠤᠷᠠᠳᠠᠶ᠎ᠠ ᠳᠤᠮᠳᠠᠳᠤ ᠤᠯᠤᠰ ᠯᠤᠭ᠎ᠠ ᠠᠮᠤᠷ ᠳᠦᠪᠰᠢᠨ ᠤ ᠬᠠᠮᠳᠤᠷᠠᠯᠴᠠᠭ᠎ᠠ ᠪᠠᠨ ᠴᠢᠩᠭᠠᠳᠬᠠᠵᠦ᠂ ︽ᠵᠡᠬᠦᠨ ᠳᠦᠷᠺᠰᠲ᠋ᠠᠨ︾ ᠢ ᠪᠠᠭᠳᠠᠭᠠᠬᠰᠠᠨ ᠰᠦᠷᠳᠡᠬᠦᠯᠤᠯ ᠤᠨ ᠬᠡᠳᠦᠷᠡᠮᠡᠬᠡᠢ ᠬᠦᠴᠦᠨ ᠳᠤ ᠬᠠᠮᠳᠤ ᠪᠠᠷ ᠴᠤᠬᠢᠯᠳᠠ ᠦᠭᠴᠤ᠂ ᠤᠯᠤᠰ ᠤᠷᠤᠨ ᠪᠠ ᠭᠠᠵᠠᠷ ᠤᠷᠤᠨ ᠤ ᠪᠠᠨ ᠠᠮᠤᠷ ᠳᠦᠪᠰᠢᠨ ᠢ ᠬᠠᠮᠳᠤ ᠪᠠᠷ ᠬᠠᠮᠠᠭᠠᠯᠠᠨ᠎ᠠ᠃ ᠠᠷᠠᠪ ᠤᠨ ᠬᠤᠯᠪᠤᠭᠠᠲᠤ ᠠᠬᠠᠮᠠᠳᠲᠤ ᠤᠯᠤᠰ ᠳᠡᠷᠢᠬᠦᠯᠡᠭᠴᠢ ᠰᠢ ᠶᠢᠨ ᠫᠢᠩ ᠤᠨ ᠳᠤᠷᠠᠳᠤᠬᠰᠠᠨ ᠬᠦᠮᠦᠨ ᠳᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠠᠭᠤᠤ ᠶᠡᠭᠡ ᠰᠠᠨᠠᠭᠠᠴᠢᠯᠠᠭ᠎ᠠ ᠶᠢ ᠳᠡᠮᠵᠢᠵᠦ᠂ ᠳᠤᠮᠳᠠᠳᠤ ᠶᠢᠨ ᠳᠠᠯ᠎ᠠ ᠶᠢᠨ ᠬᠢᠨ ᠤ ᠳᠡᠯᠡᠬᠡᠢ ᠨᠡᠶᠢᠳᠡ ᠶᠢᠨ ᠬᠡᠷᠡᠭ ᠶᠠᠪᠤᠳᠠᠯ᠂ ᠢᠯᠠᠩᠭᠤᠶ᠎ᠠ ᠳᠤᠮᠳᠠᠳᠤ ᠳᠤᠷᠤᠨᠠᠳᠤ ᠶᠢᠨ ᠳᠠᠯᠡᠢ ᠶᠢᠨ ᠪᠤᠯᠤᠩ ᠤᠨ ᠤᠷᠤᠨ ᠳᠤ ᠠᠪᠴᠤ ᠪᠠᠶᠢᠭ᠎ᠠ ᠬᠠᠷᠢᠭᠤᠴᠠᠯᠭ᠎ᠠ ᠲᠠᠢ ᠳᠦᠷᠦ ᠶᠢᠨ ᠪᠤᠳᠤᠯᠭ᠎ᠠ ᠶᠢ ᠮᠠᠬᠳᠠᠨ ᠰᠠᠶᠢᠰᠢᠶᠠᠵᠦ ᠪᠠᠶᠢᠨ᠎ᠠ᠂ ᠳᠤᠮᠳᠠᠳᠤ ᠶᠢᠨ ᠳᠠᠯ᠎ᠠ ᠶᠢᠨ ᠬᠢᠨ ᠳᠤᠮᠳᠠᠳᠤ ᠳᠤᠷᠤᠨᠠᠳᠤ ᠶᠢᠨ ᠡᠩᠬᠡ ᠳᠠᠶᠢᠪᠤᠩ ᠠᠮᠦᠷ ᠳᠤᠭᠳᠠᠭᠤᠨ ᠢ ᠬᠠᠮᠠᠭᠠᠯᠠᠬᠤ ᠳᠤ ᠨᠡᠩ ᠶᠡᠭᠡ ᠦᠢᠯᠡᠳᠦᠯ ᠪᠠᠳᠠᠷᠠᠭᠤᠯᠬᠤ ᠶᠢ ᠪᠠᠶᠠᠷᠯᠠᠨ ᠤᠭᠳᠤᠵᠤ ᠪᠠᠶᠢᠨ᠎ᠠ ᠭᠡᠵᠦ ᠢᠯᠡᠳᠭᠡᠪᠡ᠃      ᠬᠡᠯᠡᠯᠴᠡᠭᠡ ᠳᠠᠭᠤᠰᠤᠭᠰᠠᠨ ᠤ ᠳᠠᠷᠠᠭ᠎ᠠ᠂ ᠬᠤᠶᠠᠷ ᠤᠯᠤᠰ ᠤᠨ ᠤᠳᠤᠷᠢᠳᠬᠤ ᠬᠦᠮᠦᠨ ᠬᠤᠶᠠᠷ ᠲᠠᠯ᠎ᠠ ᠶᠢᠨ ᠤᠯᠠᠨ ᠵᠦᠢᠯ ᠤᠨ ᠬᠠᠮᠳᠤᠷᠠᠯᠴᠠᠭᠠᠨ ᠤ ᠪᠢᠴᠢᠭ ᠮᠠᠲ᠋ᠧᠷᠢᠶᠠᠯ ᠳᠤᠬᠢᠷᠠᠯᠴᠠᠬᠤ ᠶᠢ ᠭᠡᠷᠡᠴᠢᠯᠡᠪᠡ᠃      ᠬᠡᠯᠡᠯᠴᠡᠭᠡ ᠬᠢᠬᠦ ᠠᠴᠠ ᠡᠮᠦᠨ᠎ᠠ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠮᠦᠬᠠᠨᠮᠦ᠋ᠳ᠋ ᠢ ᠪᠠᠶᠠᠷᠯᠠᠨ ᠤᠭᠳᠤᠬᠤ ᠶᠤᠰᠤᠯᠠᠯ ᠶᠠᠪᠤᠭᠤᠯᠪᠠ᠃ ᠶᠠᠩ ᠵᠢᠶᠧ ‍ᠤᠤᠢ᠂ ᠡ᠋ᠶᠢᠯᠢᠭᠧᠩ · ᠢᠮᠢᠩᠪᠠᠭ᠋ᠠᠢ᠂ ᠸᠠᠩ ᠢ᠂ ᠾᠧ ᠯᠢ ᠹᠧᠩ᠂ ᠰᠤ᠋ ᠬᠤᠢ ᠵᠡᠷᠭᠡ ᠤᠷᠤᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号