ᠡᠮ ᠡᠮᠨᠡᠯᠭᠡ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠠᠷᠠᠳ ᠲᠦᠮᠡᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠶ᠎ᠠ
ᠨᠡᠶᠢᠲᠡᠯᠡᠭᠰᠡᠨ ᠴᠠᠭ᠄
2019-07-25
     ᠨᠢᠭᠡ᠂ ᠮᠠᠨ ᠤ ᠬᠤᠰᠢᠭᠤᠨ ᠤ ᠡᠮ ᠡᠮᠨᠡᠯᠭᠡ ᠶᠢᠨ ᠦᠶᠯᠡᠴᠢᠯᠡᠭᠡᠨ ᠤ ᠶᠠᠰᠤ ᠴᠢᠨᠠᠷ ᠢ ᠬᠡᠷᠬᠢᠨ ᠰᠠᠶᠢᠵᠢᠷᠠᠭᠤᠯᠵᠤ ᠬᠤᠰᠢᠭᠤᠨ ᠤ ᠬᠡᠪᠴᠢᠶᠡᠨ ᠳᠤ ᠡᠮᠨᠡᠭᠦᠯᠬᠦ ᠨᠣᠷᠮ᠎ᠠ ᠪᠠᠨ ᠬᠡᠷᠬᠢᠨ ᠳᠡᠭᠡᠭᠰᠢᠯᠡᠭᠦᠯᠬᠦ ᠪᠤᠢ︖      ᠬᠠᠷᠢᠭᠤᠯᠲᠠ᠄ ᠨᠢᠭᠡ ᠳᠤ ᠪᠥᠬᠦ ᠤᠯᠤᠰ ᠠᠴᠠ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠴᠠ ᠭᠠᠷᠳᠠᠵᠤ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ ᠡᠮᠴᠢ ᠰᠤᠪᠢᠯᠠᠭᠴᠢ ᠶᠢᠨ ᠦᠶᠯᠡᠴᠢᠯᠡᠬᠦ ᠣᠪᠣᠷ ᠢ ᠴᠢᠬᠤᠯᠠᠴᠢᠯᠠᠨ ᠡᠮᠨᠡᠯᠭᠡ ᠶᠢᠨ ᠠᠵᠢᠯᠲᠠᠨ ᠤ ᠦᠶᠯᠡᠴᠢᠯᠡᠬᠦ ᠠᠵᠢᠯᠯᠠᠭ᠎ᠠ ᠶᠢ ᠵᠢᠷᠤᠮᠵᠢᠭᠤᠯᠵᠤ ᠡᠮᠴᠢᠯᠡᠭᠡᠨ ᠤ ᠦᠶᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠣᠯᠠᠨ ᠲᠦᠮᠡᠨ ᠤ ᠡᠪᠡᠳᠴᠢᠨ ᠦᠵᠡᠭᠦᠯᠬᠦ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠬᠤᠶᠠᠷ ᠲᠤ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠠᠴᠠ ᠭᠠᠷᠳᠠᠵᠤ ᠬᠥᠬᠡᠬᠤᠲᠠ᠂ ᠪᠤᠭᠤᠲᠤ᠂ ᠢᠷᠭᠠᠶ᠂ ᠲᠡᠮᠡᠭᠡᠲᠦ ᠵᠡᠷᠭᠡ ᠬᠠᠵᠠᠭᠤ ᠬᠠᠪᠢ ᠶᠢᠨ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠡᠮᠴᠢᠯᠡᠭᠡᠨ ᠤ ︽ᠰᠠᠭᠠᠳ ᠥᠬᠡᠶ ᠨᠡᠪᠲᠡᠷᠡᠬᠦ ᠵᠠᠮ ︾ ᠢ ᠰᠢᠨ᠎ᠡ ᠪᠠᠷ ᠡᠭᠦᠳᠦᠨ ᠨᠡᠭᠡᠭᠡᠵᠦ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠶᠠᠰᠤ ᠴᠢᠨᠠᠷ ᠢ ᠨᠡᠶᠢᠲᠡᠮ ᠲᠡᠭᠡᠭᠰᠢᠯᠡᠬᠦᠯᠵᠤ ᠲᠤᠰ ᠭᠠᠵᠠᠷ ᠡᠮᠨᠡᠭᠦᠯᠵᠦ ᠪᠣᠯᠬᠤ ᠡᠪᠡᠳᠴᠢᠲᠡᠨ ᠢ ᠪᠤᠯᠬᠤ ᠶᠢᠨ ᠲᠤᠳᠤᠷ᠎ᠠ ᠦᠯᠡᠳᠡᠭᠡᠨ᠎ᠡ᠃ ᠭᠤᠷᠪᠠ ᠳᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠠᠴᠠ ᠭᠠᠷᠳᠠᠵᠤ ᠲᠡᠭᠡᠲᠦ ᠲᠡᠰ ᠤᠨ ᠴᠢᠳᠠᠪᠤᠷᠢᠲᠠᠨ ᠢ ᠠᠪᠴᠢᠷᠠᠬᠤ ᠶᠢᠨ ᠬᠠᠮᠲᠤ ᠠᠵᠢᠯᠲᠠᠨ ᠡᠯᠰᠡᠬᠦ᠂ ᠳᠠᠪᠲᠠᠨ ᠪᠣᠯᠪᠠᠰᠤᠷᠠᠭᠤᠯᠬᠤ᠂ ᠠᠵᠢᠯ ᠤᠨ ᠪᠠᠶᠢᠷᠢ ᠰᠣᠯᠢᠬᠤ᠂ ᠬᠥᠬᠢᠭᠦᠯᠦᠨ ᠱᠠᠩᠨᠠᠬᠤ᠂ ᠨᠥᠭᠡᠴᠡᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ ᠳᠣᠲᠣᠭᠠᠳᠤ ᠬᠥᠳᠡᠯᠭᠡᠭᠴᠢ ᠬᠦᠴᠦᠨ ᠢᠶᠠᠨ ᠴᠢᠩᠭᠠᠳᠬᠠᠵᠤ ᠪᠦᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠳᠥᠷᠪᠡ ᠳᠤ ᠣᠶᠤᠨᠴᠢ ᠡᠮᠴᠢᠯᠡᠭᠡ ᠠᠴᠠ ᠭᠠᠷᠳᠠᠵᠤ ᠬᠤᠰᠢᠭᠤ ᠲᠡᠰ ᠤᠨ ᠣᠷᠣᠨ ᠪᠦᠰᠡ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ ᠣᠷᠣᠨ ᠪᠦᠰᠡ ᠶᠢᠨ ᠳᠣᠲᠣᠷᠠᠬᠢ ᠣᠨᠣᠰᠢᠯᠠᠨ ᠡᠮᠴᠢᠯᠡᠭᠰᠡᠨ ᠮᠡᠳᠡᠭᠡ ᠵᠠᠩᠭᠢ ᠶᠢ ᠬᠠᠷᠢᠯᠴᠠᠨ ᠬᠤᠯᠪᠣᠨ ᠨᠡᠪᠲᠡᠷᠡᠬᠦᠯᠵᠤ ᠬᠤᠲᠠ ᠶᠢᠨ ᠣᠷᠣᠨ ᠪᠦᠰᠡ ᠶᠢᠨ ᠡᠮᠴᠢᠯᠡᠭᠡ  ᠶᠢᠨ ᠮᠡᠳᠡᠭᠡ ᠵᠠᠩᠭᠢ ᠶᠢᠨ ᠲᠠᠪᠴᠠᠩ ᠲᠠᠢ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠣᠷᠣᠨ ᠪᠦᠰᠡ ᠶᠢᠨ ᠲᠠᠪᠴᠠᠩ ᠢᠶᠠᠷ ᠰᠠᠭᠤᠷᠢ ᠪᠣᠯᠭᠠᠭᠰᠠᠨ ᠡᠷᠡᠭᠦᠯ ᠮᠡᠨᠳᠦ ᠶᠢᠨ ᠦᠤᠰᠢᠨ ᠤ ᠸᠢᠴᠠᠲ ᠤᠨ ᠵᠢᠵᠢᠭ ᠫᠷᠤᠭ᠍ᠷᠠᠮ ᠢ ᠨᠡᠭᠡᠭᠡᠵᠦ ︽ᠢᠨᠲ᠋ᠧᠷ ᠰᠦᠯᠵᠢᠶ᠎ᠡ + ᠡᠮᠴᠢᠯᠡᠭᠡ︾ ᠶᠢ ᠠᠰᠢᠭᠯᠠ ᠣᠯᠠᠨ ᠲᠦᠮᠡᠨ ᠳᠤ ᠤᠷᠢᠳᠴᠢᠯᠠᠨ ᠪᠣᠯᠵᠣᠵᠤ ᠣᠨᠣᠰᠢᠯᠠᠨ ᠡᠮᠨᠡᠬᠦ᠂ ᠭᠠᠷ ᠤᠳᠠᠰᠤ ᠵᠡᠷᠭᠡ ᠶᠢ ᠬᠡᠷᠡᠭᠯᠡᠨ ᠵᠤᠭᠤᠰ ᠲᠤᠰᠢᠶᠠᠬᠤ᠂ ᠪᠠᠶᠢᠴᠠᠭᠠᠯᠲᠠ ᠶᠢᠨ ᠳ᠋ᠦᠩ ᠢ ᠯᠠᠪᠯᠠᠬᠤ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢᠨ ᠵᠥᠪᠯᠡᠯᠭᠡ ᠵᠡᠷᠭᠡ ᠦᠶᠯᠡᠴᠢᠯᠡᠭᠡ ᠬᠠᠩᠭᠠᠵᠤ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠶᠡᠭᠡᠪᠡᠷ ᠳᠥᠭᠦᠮ ᠦᠵᠡᠬᠦᠯᠦᠨ᠎ᠡ᠃ ᠬᠤᠰᠢᠭᠤ ᠲᠡᠰ ᠤᠨ ᠡᠮᠴᠢᠯᠡᠭᠡᠨ ᠤ ᠪᠠᠶᠢᠭᠤᠯᠤᠮᠵᠢ ᠪᠣᠯᠤᠨ ᠰᠤᠮᠤ ᠪᠠᠯᠭᠠᠰᠤᠨ ᠤ ᠭᠤᠤᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶᠠᠨ ᠳᠤ ᠪᠦᠲᠦᠴᠡᠲᠦ ᠡᠯᠧᠺᠲᠷᠤᠨ ᠡᠮᠴᠢᠯᠡᠭᠡᠨ ᠤ ᠲᠡᠪᠳᠡᠷ ᠤᠨ ᠰᠢᠰᠲ᠋ᠧᠮ ᠢ ᠪᠠᠶᠢᠭᠤᠯᠵᠤ ᠡᠯᠧᠺᠲᠷᠤᠨ ᠡᠮᠴᠢᠯᠡᠭᠡᠨ ᠤ ᠲᠡᠪᠳᠡᠷ ᠢ ᠴᠤᠷ ᠤᠨ ᠭᠠᠭᠴᠠ ᠡᠮᠴᠢᠯᠡᠭᠡᠨ ᠤ ᠪᠠᠶᠢᠭᠤᠯᠤᠮᠵᠢ ᠠᠴᠠ ᠠᠪᠴᠤ ᠪᠠᠶᠢᠭᠰᠠᠨ ᠪᠠᠶᠢᠳᠠᠯ ᠢ ᠡᠪᠳᠡᠵᠤ ᠡᠯᠧᠺᠲᠷᠤᠨ ᠡᠮᠴᠢᠯᠡᠭᠡᠨ ᠤ ᠲᠡᠪᠳᠡᠷ ᠢ ᠬᠠᠮᠳᠤᠪᠠᠷ ᠬᠡᠷᠡᠭᠯᠡᠨ᠎ᠡ᠃      ᠳᠡᠭᠡᠷᠡᠬᠢ ᠠᠷᠭ᠎ᠠ ᠬᠡᠮᠵᠢᠶ᠎ᠡ ᠪᠠᠷ ᠳᠠᠮᠵᠢᠨ ᠮᠠᠨ ᠤ ᠬᠤᠰᠢᠭᠤᠨ ᠤ ᠡᠮ ᠡᠮᠨᠡᠯᠭᠡ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠬᠤᠰᠢᠭᠤᠨ ᠤ ᠬᠡᠪᠴᠢᠶᠡᠨ ᠳᠤ ᠡᠮᠨᠡᠭᠦᠯᠬᠦ ᠨᠣᠷᠮ᠎ᠠ ᠪᠠᠨ ᠳᠡᠭᠡᠭᠰᠢᠯᠡᠭᠦᠯᠦᠨ᠎ᠡ᠃      ᠬᠤᠶᠠᠷ᠂ ᠮᠠᠨ ᠤ ᠬᠤᠰᠢᠭᠤ ᠡᠨᠡ ᠵᠢᠯ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠠᠭᠤᠰᠬᠢᠨ ᠦᠷᠪᠢᠰᠦᠯ᠂ ᠬᠠᠯᠳᠠᠪᠤᠷᠢᠲᠤ ᠲᠠᠭᠰᠢᠭᠤᠷ ᠤᠨ ᠸᠠᠺᠼᠢᠨ ᠢ ᠰᠦᠶᠳᠬᠡᠯ ᠬᠤᠷᠢᠶᠠᠬᠤ ᠦᠭᠡᠢ ᠪᠠᠷ ᠲᠠᠷᠢᠬᠤ ᠲᠦᠷᠦ  ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ ᠤᠤ︖      ᠮᠠᠨ ᠤ ᠬᠤᠰᠢᠭᠤᠨ ᠤ ᠨᠠᠰᠤᠲᠠᠶᠢᠴᠤᠳ ᠤᠨ ᠠᠭᠤᠰᠬᠢᠨ ᠦᠷᠪᠢᠰᠦᠯ ᠪᠣᠯᠤᠨ ᠬᠠᠯᠳᠠᠪᠤᠷᠢᠲᠤ ᠲᠠᠭᠰᠢᠭᠤᠷ ᠤᠨ ᠡᠪᠡᠳᠴᠢᠨ ᠤᠷᠤᠬᠤ ᠨᠤᠷᠮ᠎ᠠ ᠶᠢ ᠪᠦᠲᠦᠮᠵᠢᠲᠡᠶ ᠪᠠᠭᠤᠷᠠᠭᠤᠯᠵᠤ ᠨᠠᠰᠤᠲᠠᠶᠢᠴᠤᠳ ᠤᠨ ᠡᠷᠡᠭᠦᠯ ᠮᠡᠨᠳᠦ ᠶᠢ ᠰᠠᠶᠢᠲᠤᠷ ᠪᠠᠲᠤᠯᠠᠬᠤ ᠶᠢᠨ ᠲᠥᠯᠥᠭᠡ ︽ᠵᠠᠰᠠᠭ ᠤᠨ ᠣᠷᠳᠣᠨ ᠠᠴᠠ ᠬᠤᠳᠠᠯᠳᠤᠨ ᠠᠪᠴᠤ᠂ ᠠᠷᠠᠳ ᠣᠯᠠᠨ ᠳᠤ ᠠᠰᠢᠭ ᠬᠦᠷᠲᠡᠭᠡᠬᠦ︾ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ ᠦᠤᠰᠢᠨ ᠬᠤᠰᠢᠭᠤᠨ ᠤ ᠡᠷᠦᠬᠡ ᠠᠮᠠ ᠲᠠᠢ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠶᠳᠬᠡᠯ ᠬᠤᠷᠢᠶᠠᠬᠤ ᠦᠭᠡᠢ ᠪᠠᠷ ᠠᠭᠤᠰᠬᠢᠨ ᠦᠷᠪᠢᠰᠦᠯ ᠪᠣᠯᠤᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠢ ᠲᠠᠷᠢᠵᠤ ᠥᠭᠭᠦᠨ᠎ᠡ᠃ ᠲᠤᠰ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ 2018 ᠣᠨ ᠤ 12 ᠰᠠᠷ᠎ᠠ ᠶᠢᠨ ᠳᠤᠮᠳᠠᠴᠢ ᠪᠠᠷ ᠲᠡᠭᠦᠰ ᠠᠮᠵᠢᠯᠲᠠ ᠲᠠᠢ ᠪᠡᠶᠡᠯᠡᠭᠦᠯᠵᠦ 4900 ᠭᠠᠷᠤᠶ ᠨᠠᠰᠤᠲᠠᠶᠢᠴᠤᠳ ᠲᠤ ᠠᠰᠢᠭ ᠬᠦᠷᠲᠡᠭᠡᠵᠦ ᠨᠠᠰᠤᠳᠠᠶᠢᠴᠤᠳ ᠤᠨ ᠡᠪᠡᠳᠴᠢᠯᠡᠬᠦ ᠨᠤᠷᠮ᠎ᠠ ᠶᠢ ᠪᠦᠲᠦᠮᠵᠢᠲᠠᠢ ᠪᠠᠭᠤᠷᠠᠭᠤᠯᠵᠤ ᠮᠠᠨ ᠤ ᠬᠤᠰᠢᠭᠤᠨ ᠤ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠬᠢᠵᠠᠭᠠᠷᠠᠯᠬᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠡᠨᠡ ᠵᠢᠯ ᠪᠢᠳᠡ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠠᠭᠤᠰᠬᠢᠨ ᠦᠷᠪᠢᠰᠦᠯ ᠪᠠ ᠲᠠᠭᠰᠢᠭᠤᠷ ᠤᠨ ᠸᠠᠺᠼᠢᠨ ᠢ ᠦᠷᠬᠦᠯᠵᠢᠯᠡᠨ ᠰᠦᠶᠳᠬᠡᠯ ᠬᠤᠷᠢᠶᠠᠬᠤ ᠦᠭᠡᠢ ᠲᠠᠷᠢᠨ᠎ᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号