︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠠᠵᠢᠯ ᠢ ᠤᠯᠠᠮ ᠨᠢᠬᠡ ᠠᠯᠬᠤᠮ | ᠬᠦᠨᠵᠡᠬᠡᠶᠢᠷᠡᠬᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠶᠠᠷᠢᠶ᠎ᠠ ᠬᠡᠯᠡᠯᠴᠡᠬᠡᠨ ᠤ ᠤᠷᠴᠢᠨ ᠢ ᠪᠤᠢ | ᠪᠤᠯᠭᠠᠵᠤ᠂ ᠰᠢᠯᠢᠳᠡᠭ ᠰᠡᠶᠢᠨ ᠨᠡᠶᠢᠬᠡᠮ ᠤᠨ ᠠᠮᠤᠷ ᠲᠦᠪᠰᠢᠨ ᠪᠠ ᠠᠮᠤᠷ ᠲᠦᠪᠰᠢᠨ ᠰᠤᠷᠭᠠᠭᠤᠯᠢ ᠶᠢᠨ ᠬᠦᠷᠢᠶᠠᠨ ᠤ | ᠤᠷᠴᠢᠨ ᠲᠤᠭᠤᠷᠢᠨ ᠢ ᠪᠤᠢ ᠪᠤᠯᠭᠠᠬᠤ ᠶᠢᠨ ᠲᠦᠯᠦᠬᠡ᠂ ᠤᠢᠢᠷ᠎ᠠ ᠶᠢᠨ ᠡᠳᠦᠷ᠂ ᠭᠠᠯᠠᠭᠤᠳᠤ ᠬᠤᠶᠠᠳᠤᠭᠠᠷ | ᠲᠤᠮᠢᠯᠠᠭᠰᠠᠨ ᠰᠠᠯᠪᠤᠷᠢ ᠨᠢ ᠦᠦᠰᠢᠨ ᠬᠤᠰᠢᠭᠤᠨ ᠤ ᠲᠡᠭᠡᠳᠦ ᠵᠡᠷᠬᠡ ᠶᠢᠨ ᠲᠤᠮᠳᠠᠳᠤ ᠰᠤᠷᠭᠠᠭᠤᠯᠢ ᠳᠤ ᠬᠦᠷᠴᠦ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠲᠡᠮᠡᠴᠡᠯ ᠤᠨ ᠤᠬᠠᠭᠤᠯᠬᠤ ᠠᠵᠢᠯ ᠢ | ᠦᠷᠨᠢᠬᠦᠯᠪᠡ᠃ | ᠲᠡᠳ᠋ ᠰᠠᠯᠪᠤᠷᠢ ᠶᠢᠨ ᠲᠠᠷᠤᠭ᠎ᠠ ᠠᠴᠠ ᠪᠠᠭᠰᠢ ᠰᠤᠷᠤᠭᠴᠢᠳ ᠲᠤ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠦᠷᠦᠯ ᠤᠨ ᠠᠵᠢᠯ ᠤᠨ ᠬᠤᠯᠪᠤᠭᠳᠠᠯ ᠪᠦᠬᠦᠢ ᠮᠡᠳᠡᠯᠬᠡ ᠪᠠ ᠬᠠᠷ᠎ᠠ ᠪᠦᠯᠦᠭᠳᠡᠨ ᠬᠠᠷᠬᠢᠰ | ᠬᠦᠴᠦᠨ ᠢ ᠠᠷᠢᠯᠭᠠᠬᠤ ᠠᠵᠢᠯ ᠤᠨ ᠴᠢᠬᠤᠯᠠ ᠠᠴᠢ ᠬᠤᠯᠪᠤᠭᠳᠠᠯ ᠢ ᠨᠠᠷᠢᠨ ᠲᠠᠶᠢᠯᠪᠤᠷᠢᠯᠠᠵᠤ᠂ ᠵᠠᠯᠠᠭᠤ ᠪᠠᠭᠠᠴᠤᠳ | ᠰᠤᠷᠭᠠᠭᠤᠯᠢ ᠶᠢᠨ ᠬᠦᠷᠢᠶᠠᠨ ᠤ ᠲᠠᠷᠤᠯᠠᠯ ᠳᠤ ᠬᠡᠷᠬᠢᠨ ᠬᠠᠨᠳᠤᠬᠤ᠂ ᠲᠡᠷᠬᠡᠳᠡᠬᠢ ᠬᠠᠷ᠎ᠠ ᠪᠦᠯᠦᠭᠳᠡᠨ ᠬᠠᠷᠬᠢᠰ | ᠬᠦᠴᠦᠨ ᠢ ᠬᠡᠷᠬᠢᠨ ᠢᠯᠭᠠᠬᠤ᠂ ᠬᠠᠷ᠎ᠠ ᠪᠦᠯᠦᠭᠳᠡᠨ ᠬᠠᠷᠬᠢᠰ ᠬᠦᠴᠦᠨ ᠠᠴᠠ ᠬᠡᠷᠬᠢᠨ ᠦᠪᠡᠷ ᠢ ᠪᠠᠨ ᠬᠠᠮᠠᠭᠠᠯᠠᠬᠤ | ᠪᠠ ᠢᠳᠡᠪᠬᠢᠳᠡᠢ ᠢᠯᠡᠴᠢᠯᠡᠨ ᠮᠡᠳᠡᠬᠦᠯᠬᠦ ᠵᠡᠷᠬᠡ ᠠᠭᠤᠯᠭ᠎ᠠ ᠶᠢ ᠲᠠᠶᠢᠯᠪᠤᠷᠢᠯᠠᠨ ᠶᠠᠷᠢᠭᠰᠠᠨ ᠪᠠᠶᠢᠨ᠎ᠠ᠃ ᠠᠷᠠᠳ ᠤᠨ | ᠴᠠᠭᠳᠠᠭ᠎ᠠ ᠨᠠᠷ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠪᠠᠷ ᠲᠠᠮᠵᠢᠨ ᠪᠠᠭᠰᠢ ᠰᠤᠷᠤᠭᠴᠢᠳ ᠲᠤ ᠬᠠᠤᠯᠢ ᠶᠢ | ᠵᠦᠷᠢᠴᠡᠵᠤ ᠶᠠᠯ᠎ᠠ ᠬᠢᠬᠦ ᠶᠢᠨ ᠬᠦᠨᠦᠬᠡᠯ ᠢ ᠬᠦᠨᠵᠡᠬᠡᠢ ᠪᠦᠬᠡᠳ ᠤᠢᠢᠯᠠᠭᠠᠮᠵᠢᠳᠠᠢ ᠶᠠᠷᠢᠵᠤ᠂ ᠰᠤᠷᠤᠭᠴᠢ ᠳᠤ | ᠬᠠᠤᠯᠢ ᠶᠢ ᠮᠡᠳᠡᠬᠦᠯᠵᠦ᠂ ᠬᠠᠤᠯᠢ ᠶᠢ ᠰᠤᠷᠤᠯᠴᠠᠭᠤᠯᠵᠤ᠂ ᠬᠠᠤᠯᠢ ᠶᠢ ᠤᠢᠢᠯᠠᠭᠠᠭᠤᠯᠵᠤ᠂ ᠤᠬᠠᠮᠰᠠᠷ ᠠᠴᠠ ᠪᠠᠨ | ᠬᠠᠤᠯᠢ ᠶᠢ ᠰᠠᠬᠢᠬᠤ ᠲᠠᠳᠬᠠᠯ ᠲᠠᠢ ᠪᠤᠯᠭᠠᠵᠤ᠂ ᠪᠠᠰᠠ ᠴᠤ ᠠᠮᠤᠷ ᠲᠤᠭᠳᠠᠭᠤᠨ᠂ ᠡᠶ᠎ᠡ ᠨᠠᠶᠢᠷᠠᠮᠳᠠᠭᠤ | ᠰᠤᠷᠭᠠᠭᠤᠯᠢ ᠶᠢᠨ ᠬᠦᠷᠢᠶ᠎ᠠ ᠶᠢ ᠪᠠᠶᠢᠭᠤᠯᠬᠤ ᠳᠤ ᠰᠢᠯᠢᠳᠡᠭ ᠰᠡᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ |