ᠰᠢ ᠶᠢᠨ ᠫᠢᠩ ᠪᠤᠯᠭᠠᠷᠢᠶ᠎ᠠ ᠶᠢᠨ ᠶᠡᠷᠦᠩᠭᠡᠶᠢᠯᠡᠭᠴᠢ ᠯᠠᠳᠧᠹᠦ᠋ ᠲᠠᠢ ᠭᠡᠯᠡᠯᠴᠡᠭᠡ ᠬᠢᠪᠠ
ᠨᠡᠶᠢᠲᠡᠯᠡᠭᠰᠡᠨ ᠴᠠᠭ᠄
2019-07-08
     ᠤᠯᠤᠰ ᠤᠨ ᠲᠡᠷᠢᠬᠦᠯᠡᠭᠴᠢ ᠰᠢ ᠶᠢᠨ ᠫᠢᠩ 3 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠤᠯᠭᠠᠷᠢᠶ᠎ᠠ ᠶᠢᠨ ᠶᠡᠷᠦᠩᠭᠡᠶᠢᠯᠡᠭᠴᠢ ᠯᠠᠳᠧᠹᠦ᠋ ᠲᠠᠢ ᠭᠡᠯᠡᠯᠴᠡᠭᠡ ᠬᠢᠵᠡᠢ᠃ ᠬᠤᠶᠠᠷ ᠤᠯᠤᠰ ᠤᠨ ᠲᠡᠷᠢᠬᠦᠨ᠂ ᠳᠤᠮᠳᠠᠳᠤ ᠪᠤᠯᠭᠠᠷᠢᠶ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠤᠯᠭᠠᠨ ᠳᠡᠭᠡᠭᠰᠢᠯᠡᠬᠦᠯᠦᠨ᠎ᠠ ᠭᠡᠵᠦ ᠰᠠᠨᠠᠯ ᠨᠢᠭᠡᠳᠠᠢ ᠲᠤᠭᠳᠠᠪᠠ᠃      ᠰᠢ ᠶᠢᠨ ᠫᠢᠩ᠂ ᠪᠤᠯᠭᠠᠷᠢᠶ᠎ᠠ ᠪᠤᠯ ᠰᠢᠨ᠎ᠠ ᠳᠤᠮᠳᠠᠳᠤ ᠤᠯᠤᠰ ᠯᠤᠭ᠎ᠠ ᠬᠠᠮᠤᠭ ᠡᠷᠳᠡ ᠬᠠᠷᠢᠯᠴᠠᠭ᠎ᠠ ᠪᠠᠶᠢᠭᠤᠯᠤᠭᠰᠠᠨ ᠤᠯᠤᠰ ᠤᠨ ᠨᠢᠭᠡ ᠪᠤᠯᠤᠨ᠎ᠠ᠃ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠤᠯᠠᠮᠵᠢᠯᠠᠯᠳᠦ ᠨᠦᠬᠦᠷᠯᠡᠯ ᠢᠶᠠᠨ ᠵᠠᠯᠭᠠᠮᠵᠢᠯᠠᠨ ᠪᠠᠳᠠᠷᠠᠭᠤᠯᠵᠠᠢ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭ᠎ᠠ ᠶᠢ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠤᠯᠭᠠᠨ ᠳᠡᠭᠡᠭᠰᠢᠯᠡᠬᠦᠯᠬᠦ ᠪᠠᠷ ᠰᠢᠨ᠎ᠠ ᠭᠠᠷᠤᠭ᠎ᠠ ᠪᠤᠯᠭᠠᠵᠦ᠂ ᠤᠯᠠᠨ ᠤᠯᠤᠰ ᠤᠨ ᠨᠠᠷᠢᠨ ᠪᠤᠳᠤᠯᠢᠶᠠᠨᠳᠠᠢ ᠬᠤᠪᠢᠷᠠᠯᠳᠠ ᠶᠢᠨ ᠰᠢᠯᠭᠠᠯᠲᠠ ᠶᠢ ᠭᠠᠷ ᠬᠤᠯᠪᠤᠨ ᠠᠷᠭᠠᠴᠠᠭᠠᠵᠦ᠂ ᠳᠤᠮᠳᠠᠳᠤ ᠪᠤᠯᠭᠠᠷᠢᠶ᠎ᠠ ᠶᠢᠨ ᠨᠦᠬᠦᠷᠯᠡᠯ ᠳᠤ ᠰᠢᠨ᠎ᠠ ᠳᠤᠳᠤᠭᠠᠳᠦ ᠠᠭᠤᠯᠬᠤᠨ ᠤᠷᠤᠭᠤᠯᠵᠤ᠂ ᠳᠤᠮᠳᠠᠳᠤ ᠪᠤᠯᠭᠠᠷᠢᠶ᠎ᠠ ᠶᠢᠨ ᠬᠠᠮᠳᠤᠷᠠᠯᠴᠠᠭ᠎ᠠ ᠳᠤ ᠰᠢᠨ᠎ᠠ ᠬᠦᠳᠡᠯᠭᠡᠬᠦ ᠬᠦᠴᠦ ᠨᠡᠮᠡᠷᠢᠯᠡᠶ᠎ᠠ ᠭᠡᠵᠦ ᠵᠢᠭᠠᠵᠦ ᠭᠠᠷᠭᠠᠵᠠᠢ᠃      ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠵᠦ ᠬᠠᠷᠢᠯᠴᠠᠨ ᠢᠳᠡᠭᠡᠯᠴᠡᠵᠦ᠂ ᠵᠠᠰᠠᠭ ᠤᠨ ᠤᠷᠳᠤᠨ᠂ ᠬᠠᠤᠯᠢ ᠲᠤᠭᠳᠠᠭᠠᠬᠤ ᠪᠠᠶᠢᠭᠤᠯᠤᠮᠵᠢ᠂ ᠲᠦᠷᠦ ᠶᠢᠨ ᠨᠠᠮ ᠵᠡᠷᠭᠡ ᠡᠯ᠎ᠠ ᠲᠠᠯ᠎ᠠ ᠶᠢᠨ ᠶᠠᠪᠤᠯᠴᠠᠭ᠎ᠠ ᠶᠢ ᠴᠢᠩᠭᠠᠳᠬᠠᠨ᠂ ᠲᠤᠰ ᠲᠤᠰ ᠤᠨ ᠢᠶᠠᠨ ᠭᠤᠤᠯᠯᠠᠭᠴᠢ ᠠᠰᠢᠬ ᠲᠤᠰᠠ ᠳᠤ ᠬᠤᠯᠪᠤᠭᠳᠠᠭᠰᠠᠨ ᠪᠠ ᠴᠢᠬᠤᠯᠠ ᠶᠡᠭᠡ ᠠᠩᠬᠠᠷᠴᠦ ᠪᠠᠶᠢᠭ᠎ᠠ ᠠᠰᠠᠭᠤᠳᠠᠯ ᠳᠡᠭᠡᠷ᠎ᠠ ᠦᠷᠬᠦᠯᠵᠢᠯᠡᠨ ᠬᠠᠷᠢᠯᠴᠠᠨ ᠡᠷᠡᠰ ᠪᠠᠳᠤ ᠳᠡᠮᠵᠢᠶ᠎ᠠ᠃ ᠬᠤᠶᠠᠷ ᠤᠯᠤᠰ ᠢᠶᠠᠷ ᠢᠶᠠᠨ ᠤᠯᠠᠨ ᠤᠯᠤᠰ ᠤᠨ ᠪᠠᠶᠢᠳᠠᠯ ᠤᠨ ᠲᠤᠬᠠᠢ ᠮᠠᠰᠢ ᠤᠯᠠᠨ ᠠᠳᠠᠯᠢ ᠪᠤᠶᠤ ᠠᠳᠠᠯᠢᠪᠳᠤᠷ ᠦᠵᠡᠯᠲᠠ ᠲᠠᠢ ᠪᠠᠶᠢᠨ᠎ᠠ᠂ ᠤᠯᠠᠨ ᠲᠠᠯᠠᠳᠦ ᠦᠵᠡᠯ ᠪᠠ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠭᠰᠠᠨ ᠤᠯᠠᠨ ᠤᠯᠤᠰ ᠤᠨ ᠰᠢᠰᠲ᠋ᠧᠮ ᠢ ᠬᠠᠮᠳᠤ ᠪᠠᠷ ᠬᠠᠮᠠᠭᠠᠯᠠᠶ᠎ᠠ᠃ ᠪᠤᠯᠭᠠᠷᠢᠶ᠎ᠠ ᠪᠤᠯ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠵᠠᠰᠠᠭ ᠤᠨ ᠤᠷᠳᠤᠨ ᠤ ᠬᠠᠮᠳᠤᠷᠠᠯᠴᠠᠭᠠᠨ ᠤ ᠪᠢᠴᠢᠭ ᠮᠠᠲ᠋ᠧᠷᠢᠶᠠᠯ ᠢ ᠬᠠᠮᠤᠬ ᠡᠷᠳᠡ ᠲᠤᠭᠳᠠᠭᠰᠠᠨ ᠳᠤᠮᠳᠠ ᠵᠡᠬᠦᠨ ᠡᠸᠦ᠋ᠷᠦᠫᠠ ᠶᠢᠨ ᠤᠯᠤᠰ ᠤᠨ ᠨᠢᠭᠡ ᠪᠤᠯᠤᠨ᠎ᠠ᠂ ᠳᠤᠮᠳᠠᠳᠤ ᠤᠯᠤᠰ ᠳᠤᠷᠠᠳᠠᠶ᠎ᠠ ᠪᠤᠯᠭᠠᠷᠢᠶ᠎ᠠ ᠶᠢᠨ ᠲᠠᠯ᠎ᠠ ᠲᠠᠢ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠶᠢ ᠴᠢᠩᠭᠠᠳᠬᠠᠵᠦ᠂ ᠰᠠᠭᠤᠷᠢ ᠲᠦᠬᠦᠭᠡᠷᠤᠮᠵᠢ ᠶᠢᠨ ᠬᠤᠯᠪᠤᠯᠳᠤᠨ ᠨᠡᠪᠳᠡᠷᠡᠯᠴᠡᠬᠦ ᠶᠢ ᠠᠬᠢᠭᠤᠯᠤᠨ᠂ ᠠᠷᠠᠯᠵᠢᠶ᠎ᠠ ᠪᠠ ᠪᠡᠯᠡ ᠤᠷᠤᠭᠤᠯᠤᠯᠳᠠ ᠶᠢᠨ ᠬᠡᠪᠴᠢᠶ᠎ᠠ ᠶᠢ ᠦᠷᠭᠡᠳᠭᠡᠵᠦ᠂ ᠰᠤᠶᠤᠯ ᠢᠷᠭᠡᠨᠰᠢᠯ ᠤᠨ ᠶᠠᠪᠤᠯᠴᠠᠭ᠎ᠠ ᠶᠢ ᠨᠢᠬᠳᠠᠷᠠᠭᠤᠯᠵᠦ᠂ ᠤᠯᠠᠮᠵᠢᠯᠠᠯ ᠨᠦᠬᠦᠷᠯᠡᠯ ᠢᠶᠠᠨ ᠪᠠᠳᠠᠷᠠᠭᠤᠯᠤᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠶᠢᠨ ᠲᠠᠯ᠎ᠠ ᠳᠤᠮᠳᠠᠳᠤ ᠡᠸᠦ᠋ᠷᠦᠫᠠ ᠶᠢᠨ ᠬᠠᠷᠢᠯᠴᠠᠭ᠎ᠠ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠨ ᠦᠵᠡᠵᠦ᠂ ᠡᠸᠦ᠋ᠷᠦᠫᠠ ᠲᠢᠪ ᠤᠨ ᠨᠢᠭᠡ ᠴᠤᠬᠴᠠᠵᠢᠯᠳᠠ ᠶᠢᠨ ᠠᠬᠢᠴᠠ ᠶᠢ ᠡᠷᠡᠰ ᠳᠡᠮᠵᠢᠨ᠂ ᠡᠸᠦ᠋ᠷᠦᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠪᠦᠯᠬᠦᠮᠳᠡᠯ ᠪᠠ ᠪᠤᠵᠠᠭᠠᠶᠢᠷᠠᠯ ᠢ ᠡᠷᠡᠰ ᠳᠡᠮᠵᠢᠵᠦ᠂ ᠤᠯᠠᠨ ᠤᠯᠤᠰ ᠤᠨ ᠭᠡᠷᠡᠭ ᠶᠠᠪᠤᠳᠠᠯ ᠳᠤᠮᠳᠠ ᠡᠸᠦ᠋ᠷᠦᠫᠠ ᠲᠢᠪ ᠨᠡᠩ ᠴᠢᠬᠤᠯᠠ ᠦᠢᠯᠡᠳᠦᠯ ᠦᠵᠡᠬᠦᠯᠬᠦ ᠶᠢ ᠡᠷᠡᠰ ᠳᠡᠮᠵᠢᠨ᠎ᠠ ᠂ ᠡᠨᠡ ᠪᠤᠯ ᠲᠦᠷ ᠵᠠᠭᠤᠷ᠎ᠠ ᠶᠢᠨ ᠠᠷᠭ᠎ᠠ ᠪᠢᠰᠢ ᠶᠤᠮ᠃ ᠰᠢᠨ᠎ᠠ ᠨᠢᠬᠡ ᠬᠤᠭᠤᠴᠠᠭᠠᠨ ᠤ ᠡᠸᠦ᠋ᠷᠦᠫᠠ ᠳᠢᠪ ᠤᠨ ᠤᠯᠤᠰ ᠤᠳ ᠤᠨ ᠬᠤᠯᠪᠤᠭᠠᠨ ᠤ ᠪᠠᠶᠢᠭᠤᠯᠤᠮᠵᠢ ᠠᠴᠠ ᠳᠤᠮᠳᠠᠳᠤ ᠤᠯᠤᠰ ᠲᠤ ᠠᠪᠬᠤ ᠳᠦᠷᠦ ᠶᠢᠨ ᠪᠤᠳᠤᠯᠭ᠎ᠠ ᠶᠢᠨ ᠢᠶᠠᠨ ᠳᠤᠬᠳᠠᠪᠤᠷᠢᠳᠦ ᠴᠢᠨᠠᠷ᠂ ᠦᠷᠬᠦᠯᠵᠢᠯᠡᠬᠦ ᠴᠢᠨᠡᠷ ᠢ ᠪᠠᠳᠤᠯᠠᠵᠦ᠂ ᠳᠤᠮᠳᠠᠳᠤ ᠶᠢᠨ ᠳᠠᠯ᠎ᠠ ᠶᠢᠨ ᠬᠢᠨ ᠲᠠᠢ ᠬᠠᠮᠳᠤ ᠪᠠᠷ ᠬᠠᠷᠢᠯᠴᠠᠨ ᠬᠦᠨᠳᠦᠳᠬᠡᠬᠦ᠂ ᠡᠷᠬᠡ ᠳᠡᠭᠰᠢ ᠲᠦᠪ ᠭᠤᠤᠯᠴᠢ᠂ ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ ᠰᠠᠭᠤᠷᠢᠨ ᠳᠡᠬᠡᠷ᠎ᠠ ᠭᠠᠷ ᠬᠤᠯᠪᠤᠯᠴᠠᠵᠦ ᠪᠠᠶᠢᠭᠠᠳ ᠳᠤᠮᠳᠠᠳᠤ ᠡᠸᠦ᠋ᠷᠦᠫᠠ ᠶᠢᠨ ᠡᠩᠬᠡ ᠳᠠᠶᠢᠪᠤᠩ᠂ ᠨᠡᠮᠡᠭᠳᠡᠯ᠂ ᠦᠬᠡᠷᠡᠴᠢᠯᠡᠯᠳᠡ᠂ ᠪᠤᠯᠪᠠᠰᠤᠨ ᠵᠡᠷᠬᠡ ᠳᠦᠷᠪᠡᠨ ᠶᠡᠭᠡ ᠬᠠᠨᠢᠳᠠᠨ ᠤ ᠬᠠᠷᠢᠯᠴᠠᠭᠠᠨ ᠤ ᠪᠠᠶᠢᠭᠤᠯᠤᠯᠳᠠ ᠶᠢ ᠠᠬᠢᠭᠤᠯᠬᠤ ᠶᠢ ᠬᠦᠰᠡᠵᠦ ᠪᠠᠶᠢᠨ᠎ᠠ᠃ ᠪᠤᠯᠭᠠᠷᠢᠶ᠎ᠠ ᠪᠤᠯ ᠳᠤᠮᠳᠠᠳᠤ ᠤᠯᠤᠰ ᠤᠨ ᠡᠸᠦ᠋ᠷᠦᠫᠠ ᠳᠢᠪ ᠲᠠᠬᠢ ᠰᠠᠶᠢᠨ ᠨᠠᠶᠢᠵᠠ᠂ ᠰᠠᠶᠢᠨ ᠬᠠᠨᠢᠳᠠᠨ᠂ ᠮᠦᠨ ᠴᠤ ᠳᠤᠮᠳᠠᠳᠤ ᠤᠯᠤᠰ — ᠳᠤᠮᠳᠠ ᠵᠡᠬᠦᠨ ᠡᠸᠦ᠋ᠷᠦᠫᠠ ᠶᠢᠨ ᠤᠯᠤᠰ ᠤᠳ ᠤᠨ ᠬᠠᠮᠳᠤᠷᠠᠯᠴᠠᠭᠠᠨ ᠤ ᠴᠢᠬᠤᠯᠠ ᠤᠷᠤᠯᠴᠠᠬᠴᠢ ᠪᠠ ᠠᠬᠢᠭᠤᠯᠤᠬᠴᠢ ᠪᠤᠯᠬᠤ ᠶᠤᠮ᠂ ᠪᠤᠯᠭᠠᠷᠢᠶ᠎ᠠ ᠶᠢᠨ ᠳᠠᠯ᠎ᠠ ᠠᠴᠠ ᠦᠷᠬᠦᠯᠵᠢᠯᠡᠨ ᠪᠦᠳᠦᠬᠡᠯᠴᠢ ᠴᠢᠨᠠᠷᠳᠠᠢ ᠦᠢᠯᠡᠳᠦᠯ ᠦᠵᠡᠬᠦᠯᠬᠦ ᠶᠢ ᠬᠦᠰᠡᠵᠦ ᠪᠠᠶᠢᠨ᠎ᠠ ᠬᠡᠵᠦ ᠴᠢᠬᠤᠯᠠᠴᠢᠯᠠᠪᠠ᠃      ᠯᠠᠳᠧᠹᠦ᠋᠂ ᠪᠤᠯᠭᠠᠷᠢᠶ᠎ᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠬᠰᠠᠨ 70 ᠵᠢᠯ ᠤᠨ ᠤᠢ ᠶᠢᠨ ᠳᠠᠰᠢᠷᠠᠮ ᠢᠶᠠᠷ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷᠳᠠᠢ ᠪᠠᠶᠢᠨ᠎ᠠ᠃ ᠪᠤᠯᠭᠠᠷᠢᠶ᠎ᠠ ᠳᠤᠮᠳᠠᠳᠤ ᠶᠢᠨ ᠬᠠᠷᠢᠯᠴᠠᠭ᠎ᠠ ᠶᠢ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠤᠯᠭᠠᠨ ᠳᠡᠰ ᠳᠡᠪᠰᠢᠬᠦᠯᠦᠭᠰᠡᠨ ᠨᠢ ᠬᠤᠶᠠᠷ ᠤᠯᠤᠰ ᠤᠨ ᠬᠠᠷᠢᠯᠴᠠᠭᠠᠨ ᠤ ᠰᠠᠭᠤᠷᠢ ᠶᠢ ᠤᠯᠠᠮ ᠴᠢᠨᠠᠬᠰᠢᠳᠠ ᠪᠠᠬᠢᠵᠢᠬᠦᠯᠬᠦ ᠪᠤᠯᠤᠨ᠎ᠠ ᠃ ︽ᠨᠢᠬᠡ ᠪᠦᠰᠡ ᠨᠢᠬᠡ ᠵᠠᠮ︾ ᠤᠨ ᠰᠠᠨᠠᠭᠠᠴᠢᠯᠠᠭ᠎ᠠ ᠪᠤᠯ ᠳᠡᠯᠡᠬᠡᠢ ᠶᠢᠨ ᠡᠩᠬᠡ ᠳᠠᠶᠢᠪᠤᠩ ᠬᠢᠬᠡᠳ ᠬᠦᠭᠵᠢᠯ ᠴᠡᠴᠡᠭᠯᠡᠯ ᠳᠤ ᠠᠰᠢᠬᠳᠠᠢ ᠶᠤᠮ᠂ ᠪᠤᠯᠭᠠᠷᠢᠶ᠎ᠠ ᠶᠢᠨ ᠳᠠᠯ᠎ᠠ ᠶᠢᠨ ᠬᠢᠨ ᠳᠤᠷᠠᠳᠠᠶ᠎ᠠ ᠡᠬᠦᠨ ᠳᠤ ᠬᠦᠨᠵᠡᠭᠡᠢ ᠤᠷᠤᠯᠴᠠᠵᠦ᠂ ᠳᠤᠰ ᠪᠠᠶ᠎ᠠ ᠶᠢᠨ ᠢᠶᠠᠨ ᠤᠷᠤᠨ ᠪᠠᠶᠢᠷᠢᠰᠢᠯ ᠤᠨ ᠳᠠᠪᠠᠭᠤᠯᠢᠬ ᠢ ᠬᠦᠢᠴᠡᠳ ᠪᠠᠳᠠᠷᠠᠭᠤᠯᠵᠦ᠂ ᠡᠸᠦ᠋ᠷᠦᠫᠠ ᠳᠢᠪ ᠪᠤᠯᠤᠨ ᠠᠽᠢᠶ᠎ᠠ ᠳᠢᠪ ᠢ ᠬᠤᠯᠪᠤᠬᠤ ᠡᠬᠦᠳᠡ ᠪᠡ ᠬᠦᠬᠦᠷᠭᠡ ᠬᠤᠯᠪᠤᠭᠠᠰᠤ ᠪᠤᠯᠤᠨ᠎ᠠ᠃ ᠪᠤᠯᠭᠠᠷᠢᠶ᠎ᠠ ᠶᠢᠨ ᠳᠠᠯ᠎ᠠ ᠶᠢᠨ ᠬᠢᠨ ᠳᠤᠷᠠᠳᠠᠶ᠎ᠠ ᠳᠤᠮᠳᠠᠳᠤ ᠶᠢᠨ ᠳᠠᠯ᠎ᠠ ᠯᠤᠭ᠎ᠠ ᠠᠷᠠᠯᠵᠢᠶ᠎ᠠ᠂ ᠵᠠᠮ ᠳᠡᠬᠡᠬᠡᠪᠤᠷᠢ᠂ ᠠᠭᠠᠷ ᠤᠨ ᠠᠶᠠᠯᠠᠯ᠂ ᠪᠠᠷᠠᠭᠠᠨ ᠤ ᠬᠦᠢᠯᠬᠡᠬᠡ᠂ ᠮᠦᠩᠬᠦᠨ ᠬᠦᠢᠯᠬᠡᠬᠡ᠂ ᠰᠢᠨ᠎ᠠ ᠶᠢ ᠡᠬᠦᠳᠬᠦ᠂ ᠤᠷᠤᠨ ᠨᠤᠳᠤᠬ᠂ ᠰᠤᠶᠤᠯ ᠢᠷᠬᠡᠨᠰᠢᠯ ᠵᠡᠷᠬᠡ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠎ᠠ᠂ ᠳᠤᠮᠳᠠᠳᠤ ᠤᠯᠤᠰ ᠤᠨ ᠠᠵᠦ ᠠᠬᠤᠶᠢᠯᠡᠯ ᠤᠨ ᠬᠢᠨ ᠪᠤᠯᠭᠠᠷᠢᠶ᠎ᠠ ᠳᠠᠬᠢ ᠪᠡᠯᠡ ᠤᠷᠤᠭᠤᠯᠤᠯᠳᠠ ᠪᠠᠨ ᠨᠡᠮᠡᠭᠳᠡᠬᠦᠯᠬᠦ ᠶᠢ ᠪᠠᠶᠠᠷᠯᠠᠨ ᠤᠬᠳᠤᠨ᠎ᠠ᠃ ᠪᠤᠯᠭᠠᠷᠢᠶ᠎ᠠ ᠤᠯᠠᠨ ᠳᠠᠯᠠᠳᠤ ᠦᠵᠡᠯ ᠢ ᠳᠡᠮᠵᠢᠵᠦ᠂ ᠳᠡᠯᠡᠬᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠳᠠ ᠶᠢ ᠳᠡᠮᠵᠢᠵᠦ᠂ ᠳᠤᠷᠠᠳᠠᠶ᠎ᠠ ᠳᠤᠮᠳᠠᠳᠤ ᠶᠢᠨ ᠳᠠᠯ᠎ᠠ ᠯᠤᠭ᠎ᠠ ᠵᠤᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠨ᠎ᠠ᠃ ᠪᠤᠯᠭᠠᠷᠢᠶ᠎ᠠ ᠶᠢᠨ ᠳᠠᠯ᠎ᠠ ᠶᠢᠨ ᠬᠢᠨ ᠡᠸᠦ᠋ᠷᠦᠫᠠ ᠳᠢᠪ ᠳᠤᠮᠳᠠᠳᠤ ᠶᠢᠨ ᠬᠠᠷᠢᠯᠴᠠᠭ᠎ᠠ ᠵᠢᠴᠢ ᠳᠤᠮᠳᠠ ᠵᠡᠬᠦᠨ ᠡᠸᠦ᠋ᠷᠦᠫᠠ ᠶᠢᠨ ᠤᠯᠤᠰ ᠤᠳ ᠤᠨ ᠳᠤᠮᠳᠠᠳᠤ ᠤᠯᠤᠰ ᠯᠤᠭ᠎ᠠ ᠶᠢᠨ ᠬᠠᠮᠳᠤᠷᠠᠯᠴᠠᠭ᠎ᠠ ᠶᠢ ᠠᠬᠢᠭᠤᠯᠬᠤ ᠪᠠᠷ ᠦᠷᠬᠦᠯᠵᠢᠯᠡᠨ ᠬᠦᠴᠦᠯᠡᠨ ᠴᠢᠷᠮᠠᠶᠢᠨ᠎ᠠ ᠬᠡᠵᠦ ᠢᠯᠡᠳᠬᠡᠪᠡ᠃      ᠬᠡᠯᠡᠯᠴᠡᠭᠡ ᠬᠢᠬᠦ ᠠᠴᠠ ᠡᠮᠤᠨ᠎ᠠ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠳᠠᠩᠬᠢᠮ ᠤᠨ ᠵᠡᠬᠦᠨ ᠡᠬᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠯᠠᠳᠧᠹᠦ᠋ ᠶᠢ ᠤᠬᠳᠤᠬᠤ ᠶᠤᠰᠤᠯᠠᠯ ᠶᠠᠪᠤᠭᠤᠯᠵᠠᠢ᠃ ᠫᠧᠩ ᠯᠢ ᠶᠤᠸᠠᠨ᠂ ᠶᠠᠩ ᠵᠢᠶᠧ ‍ᠤᠤᠢ᠂ ᠳ᠋ᠢᠩ ᠵᠦᠩ ᠯᠢ᠂ ᠸᠠᠩ ᠢ᠂ ᠵᠠᠩ ᠴᠢᠩ ᠯᠢ᠂ ᠡᡁᠧ ᠯᠢ ᠹᠧᠩ ᠨᠠᠷ ᠤᠷᠤᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号