ᠪᠦᠬᠦ ᠬᠤᠰᠢᠭᠤᠨ ᠤ ᠡᠨᠧᠷᠬᠢ ᠶᠢᠨ ᠠᠵᠢᠯ ᠲᠦᠷᠦᠯ ᠤᠨ ᠬᠤᠶᠠᠳᠣᠭᠠᠷ ᠣᠯᠠᠷᠢᠯ ᠤᠨ ᠠᠶᠣᠯᠬᠦᠢ ᠦᠢᠯᠡᠳᠪᠦᠷᠢᠯᠡᠯ ᠤᠨ ᠠᠵᠢᠯ ᠤᠨ ᠳᠣᠬᠢᠷᠠᠭᠤᠯᠣᠯᠲᠠ ᠶᠢᠨ ᠬᠤᠷᠠᠯ ᠵᠢᠴᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠡᠮᠡᠴᠡᠯ ᠤᠨ ᠠᠬᠢᠭᠤᠯᠣᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-07-08
     7 ᠰᠠᠷ᠎ᠠ ᠶᠢᠨ 2 ᠤᠨ ᠡᠳᠦᠷ᠂ ᠪᠦᠬᠦ ᠬᠤᠰᠢᠭᠤᠨ ᠤ ᠡᠨᠧᠷᠬᠢ ᠶᠢᠨ ᠠᠵᠢᠯ ᠲᠦᠷᠦᠯ ᠤᠨ ᠬᠤᠶᠠᠳᠣᠭᠠᠷ ᠣᠯᠠᠷᠢᠯ ᠤᠨ ᠠᠶᠣᠯᠬᠦᠢ ᠦᠢᠯᠡᠳᠪᠦᠷᠢᠯᠡᠯ ᠤᠨ ᠠᠵᠢᠯ ᠤᠨ ᠳᠣᠬᠢᠷᠠᠭᠤᠯᠣᠯᠲᠠ ᠶᠢᠨ ᠬᠤᠷᠠᠯ ᠵᠢᠴᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠡᠮᠡᠴᠡᠯ ᠤᠨ ᠠᠬᠢᠭᠤᠯᠣᠯᠲᠠ ᠶᠢᠨ ᠬᠤᠷᠠᠯ ᠬᠤᠷᠠᠯᠳᠣᠪᠠ᠃ ᠬᠤᠰᠢᠭᠤ ᠡᠨᠧᠷᠬᠢ  ᠶᠢᠨ ᠳᠣᠪᠴᠢᠶᠠᠨ ᠤ ᠰᠠᠯᠠᠭᠠᠨ ᠳᠡᠰ ᠠᠴᠠ ᠳᠡᠭᠡᠭᠰᠢᠬᠢ ᠺᠠᠳ᠋ᠷ᠂ ᠨᠡᠬᠦᠷᠡᠰᠦᠨ ᠠᠭᠤᠷᠬᠠᠢ ᠶᠢᠨ ᠠᠵᠣ ᠠᠬᠤᠶᠢᠯᠠᠯ᠂ ᠳᠣᠰᠣ ᠬᠡᠢ ᠶᠢᠨ ᠠᠵᠣ ᠠᠬᠤᠶᠢᠯᠠᠯ᠂ ᠴᠠᠬᠢᠯᠭᠠᠨ ᠬᠦᠴᠦᠨ ᠤ ᠠᠵᠣ ᠠᠬᠤᠶᠢᠯᠠᠯ ᠤᠨ ᠬᠠᠷᠢᠭᠤᠴᠠᠯᠭᠠᠳᠠᠨ ᠬᠤᠷᠠᠯ  ᠳᠤ ᠣᠷᠣᠯᠴᠠᠪᠠ᠃
     ᠬᠤᠷᠠᠯ ᠠᠴᠠ ᠴᠢᠬᠤᠯᠠᠴᠢᠯᠠᠬᠤ ᠳᠠᠭᠠᠨ᠂ ᠠᠶᠣᠯᠬᠦᠢ ᠦᠢᠯᠡᠳᠪᠦᠷᠢᠯᠡᠯ ᠪᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠡᠮᠡᠴᠡᠯ ᠤᠨ ᠠᠵᠢᠯ ᠪᠣᠯ ᠮᠠᠨ ᠤ ᠬᠤᠰᠢᠭᠤ ᠢᠯᠠᠩᠭᠤᠶ᠎ᠠ ᠮᠠᠨ ᠤ ᠬᠤᠰᠢᠭᠤᠨ ᠤ ᠡᠨᠧᠷᠬᠢ  ᠶᠢᠨ ᠠᠵᠢᠯ ᠲᠦᠷᠦᠯ ᠤᠨ ᠬᠠᠮᠤᠭ ᠤᠨ ᠴᠢᠬᠤᠯᠠ ᠠᠵᠢᠯ ᠮᠦᠨ᠂ ᠡᠶᠢᠮᠦ ᠠᠴᠠ ᠪᠦᠬᠦ ᠬᠤᠰᠢᠭᠤᠨ ᠤ ᠡᠨᠧᠷᠬᠢ ᠶᠢᠨ ᠠᠵᠢᠯ ᠲᠦᠷᠦᠯ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠦ ᠠᠶᠣᠯᠬᠦᠢ ᠦᠢᠯᠡᠳᠪᠦᠷᠢᠯᠡᠯ ᠪᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠡᠮᠡᠴᠡᠯ  ᠤᠨ ᠠᠵᠢᠯ ᠢ ᠴᠢᠩᠭ᠎ᠠ ᠠᠳᠬᠤᠨ ᠳᠠᠯᠳᠠ ᠬᠡᠮ ᠪᠠ ᠠᠳᠡᠯ ᠬᠡᠨᠡᠳᠡᠯ ᠭᠠᠷᠬᠤ ᠶᠢ ᠡᠷᠡᠰ ᠰᠡᠷᠬᠡᠶᠢᠯᠡᠬᠦ ᠬᠡᠷᠡᠭᠲᠡᠢ᠃ ᠨᠢᠬᠡᠳᠦᠯᠳᠡᠢ ᠲᠦᠯᠦᠪᠯᠡᠵᠦ ᠡᠨᠧᠷᠬᠢ ᠶᠢᠨ ᠠᠵᠢᠯ ᠲᠦᠷᠦᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠤᠨ ᠪᠣᠳᠠᠳᠠᠢ ᠦᠷ᠎ᠡ ᠪᠦᠲᠦᠮᠵᠢ ᠣᠯᠬᠤ ᠬᠡᠷᠡᠭᠲᠡᠢ ᠬᠡᠪᠡ᠃      ᠬᠤᠷᠠᠯ ᠠᠴᠠ ᠱᠠᠭᠠᠷᠳᠠᠬᠤ ᠳᠠᠭᠠᠨ᠂ ᠣᠳᠣᠬᠠᠨ ᠳᠤ ᠪᠦᠬᠦ ᠬᠤᠰᠢᠭᠤᠨ ᠤ ᠡᠨᠧᠷᠬᠢ ᠶᠢᠨ ᠰᠢᠰᠲ᠋ᠧᠮ ᠤᠨ ᠡᠯ᠎ᠡ ᠳᠦᠷᠦᠯ ᠤᠨ ᠠᠵᠢᠯ ᠪᠦᠬᠦ ᠳᠠᠯ᠎ᠠ ᠪᠠᠷ ᠡᠬᠢᠯᠡᠵᠦ ᠵᠠᠩᠬᠢᠯᠠᠭ᠎ᠠ ᠶᠢᠨ ᠬᠤᠭᠤᠴᠠᠭ᠎ᠠ᠂ ᠰᠢᠪᠳᠣᠯᠣᠯᠲᠠ ᠶᠢᠨ ᠬᠤᠭᠤᠴᠠᠭᠠᠨ ᠳᠠᠭᠠᠨ ᠪᠠᠶᠢᠨ᠎ᠠ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠭᠤᠶᠢᠪᠢᠰᠢ ᠦᠬᠡᠢ ᠦᠢᠯᠡᠳᠦᠯᠭᠡᠵᠢᠬᠦᠯᠵᠦ ᠡᠯ᠎ᠡ ᠱᠠᠳᠣᠨ  ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠶᠢᠳᠪᠦᠷᠢ ᠪᠣᠳᠣᠯᠭ᠎ᠠ ᠶᠢ ᠰᠠᠶᠢᠳᠣᠷ ᠲᠤᠭᠤᠰᠢᠯᠠᠭᠤᠯᠵᠦ ᠡᠨᠧᠷᠬᠢ  ᠶᠢᠨ ᠠᠵᠢᠯ ᠲᠦᠷᠦᠯ ᠤᠨ ᠬᠢᠷᠢ ᠳᠦᠪᠰᠢᠨ ᠢ ᠳᠡᠭᠡᠭᠰᠢᠯᠡᠬᠦᠯᠤᠨ ᠰᠢᠨ᠎ᠡ ᠳᠡᠭᠳᠡᠷ ᠲᠤ ᠭᠠᠷᠬᠤ ᠶᠢ ᠠᠬᠢᠭᠤᠯᠬᠤ ᠬᠡᠷᠡᠭᠲᠡᠢ ᠬᠡᠪᠡ᠃      ᠬᠤᠷᠠᠯ ᠳᠡᠭᠡᠷ᠎ᠡ ᠡᠯ᠎ᠡ ᠳᠣᠰᠣ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠠᠵᠣ ᠠᠬᠤᠶᠢᠯᠠᠯ᠂ ᠨᠡᠬᠦᠷᠡᠰᠦᠨ ᠠᠭᠤᠷᠬᠠᠢ ᠶᠢᠨ ᠠᠵᠣ ᠠᠬᠤᠶᠢᠯᠠᠯ᠂ ᠬᠠᠣᠯᠢ ᠬᠡᠷᠡᠭᠵᠢᠬᠦᠯᠬᠦ ᠳᠣᠪᠴᠢᠶ᠎ᠠ᠂ ᠡᠨᠧᠷᠬᠢ ᠶᠢᠨ ᠠᠯᠪᠠᠨ ᠬᠡᠷ ᠠᠴᠠ ᠮᠡᠳᠡᠬᠦᠯᠦᠯᠲᠡ ᠬᠢᠵᠦ ᠡᠨᠧᠷᠬᠢ ᠶᠢᠨ ᠳᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠡᠯ᠎ᠡ ᠱᠠᠳᠣᠨ ᠤ ᠠᠶᠣᠯᠬᠦᠢ ᠦᠢᠯᠡᠳᠪᠦᠷᠢᠯᠡᠯ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠡᠮᠡᠴᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠬᠤ ᠶᠢᠨ ᠬᠠᠮᠲᠣ ᠣᠶᠢᠷ᠎ᠠ ᠶᠢᠨ ᠬᠤᠭᠤᠴᠠᠭᠠᠨ ᠳᠠᠬᠢ ᠠᠶᠣᠯᠬᠦᠢ ᠦᠢᠯᠡᠳᠪᠦᠷᠢᠯᠡᠯ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠡᠮᠡᠴᠡᠯ ᠤᠨ ᠠᠵᠢᠯ ᠳᠤ ᠪᠠᠶᠢᠷᠢᠯᠠᠭᠤᠯᠣᠯᠲᠠ ᠬᠢᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号