ᠬᠤᠰᠢᠭᠤ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ ᠰᠦᠯᠳᠡ ᠰᠤᠮᠤᠨ ᠳᠤ ᠭᠦᠷᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠥᠵᠡᠪᠡ
ᠨᠡᠶᠢᠲᠡᠯᠡᠭᠰᠡᠨ ᠴᠠᠭ᠄
2019-07-08
     7 ᠰᠠᠷ᠎ᠠ ᠶᠢᠨ 3  ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠵᠢᠷᠤᠮᠲᠤ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠳ ᠢ ᠳᠠᠭᠠᠭᠤᠯᠤᠨ ᠰᠦᠯᠲᠡ ᠰᠤᠮᠤᠨ ᠳᠤ ᠭᠦᠷᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠣᠰᠬᠠᠢ ᠰᠡᠳᠦᠪᠲᠦ ᠪᠠᠶᠢᠴᠠᠭᠠᠨ ᠰᠣᠳᠣᠯᠣᠯᠲᠠ ᠥᠷᠨᠢᠭᠦᠯᠪᠡ᠃ ᠰᠦᠯᠳᠡ ᠰᠤᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃       ᠪᠠᠶᠢᠴᠠᠭᠠᠨ ᠰᠣᠳᠣᠯᠤᠯᠲᠠ ᠶᠢᠨ ᠳᠤᠭᠤᠶᠢᠯᠠᠩ ᠤᠨ ᠬᠢᠨ ᠰᠦᠯᠳᠡ ᠰᠤᠮᠤᠨ ᠤ ᠴᠣᠣᠲᠠᠢ ᠭᠠᠴᠠᠭᠠᠨ ᠤ ᠮᠢᠬᠠᠨ ᠦᠬᠡᠷ ᠲᠡᠵᠢᠭᠡᠨ ᠦᠷᠡᠵᠢᠭᠦᠯᠬᠦ ᠦᠢᠯᠡᠳᠪᠤᠷᠢ᠂ ᠱᠠᠷᠯᠢᠭ ᠭᠠᠴᠠᠭᠠᠨ ᠤ ︽3 + 1︾ ᠨᠠᠮ ᠤᠨ ᠪᠠᠶᠢᠭᠤᠯᠤᠯᠲᠠ᠂ ᠲᠠᠯ᠎ᠠ ᠶᠢᠨ ᠣᠰᠣ ᠭᠠᠴᠠᠭᠠᠨ ᠤ ᠪᠠᠩᠭᠢ ᠪᠤᠰᠤ ᠰᠠᠩᠭᠦᠤ ᠶᠢᠨ ᠵᠥᠪᠯᠠᠯ᠂ ᠲᠠᠯ᠎ᠠ ᠶᠢᠨ ᠣᠰᠣ ᠭᠠᠴᠠᠭᠠᠨ ᠤ ᠣᠷᠭᠠᠨᠢᠭ ᠪᠣᠷᠳᠣᠭᠤᠷ ᠤᠨ ᠦᠢᠯᠡᠳᠪᠤᠷᠢ᠂ ᠲᠣᠭᠤᠷᠢᠮ ᠭᠠᠴᠠᠭ᠎ᠠ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠯᠲᠠ ᠶᠢᠨ ᠪᠠᠶᠢᠳᠠᠯ ᠢ ᠲᠤᠬᠠᠶ ᠶᠢᠨ ᠭᠠᠵᠠᠷ  ᠲᠤ ᠨᠢ ᠬᠦᠷᠴᠦ ᠪᠠᠶᠢᠴᠠᠭᠠᠨ ᠦᠵᠡᠵᠦ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠤᠭᠰᠠᠨ ᠮᠦᠷᠳᠡᠭᠡᠨ ᠲᠣᠭᠤᠷᠢᠮ ᠭᠠᠴᠠᠭᠠᠨ ᠳᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠃       ᠬᠤᠷᠠᠯ ᠳᠡᠭᠡᠷ᠎ᠡ᠂ ᠰᠦᠯᠳᠡ ᠰᠤᠮᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠰᠦᠯᠳᠡ ᠰᠤᠮᠤᠨ ᠤ 2019 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠦᠬᠦᠯᠢ ᠴᠣᠭᠴᠠ ᠶᠢᠨ ᠠᠵᠢᠯ ᠢ ᠠᠬᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ᠂ ᠳᠠᠷᠠᠭᠠᠴᠢ ᠶᠢᠨ ᠠᠯᠬᠤᠮ ᠤᠨ ᠠᠵᠢᠯ ᠶᠢᠨ ᠪᠠᠶᠢᠷᠢᠰᠢᠭᠤᠯᠤᠯᠲᠠ ᠶᠢᠨ ᠲᠤᠬᠠᠶ ᠬᠠᠷᠢᠭᠤ ᠮᠡᠳᠡᠭᠦᠯᠦᠯᠲᠡ ᠬᠢᠵᠤ ᠲᠣᠭᠤᠷᠢᠨ ᠪᠠᠢᠴᠠᠭᠠᠯᠲᠠ ᠳᠤ ᠣᠷᠣᠯᠴᠠᠭᠰᠠᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠲᠣᠰ ᠲᠣᠰ ᠰᠦᠯᠳᠡ ᠰᠤᠮᠤᠨ  ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ  ᠤᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠪᠠ᠃       ᠯᠢ ᠵᠢᠷᠤᠮᠲᠤ ᠰᠦᠯᠳᠡ ᠰᠤᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠰᠢᠨ᠎ᠡ ᠲᠥᠯᠥᠪᠵᠢᠭᠦᠯᠭᠡ ᠵᠢᠴᠢ ᠬᠠᠮᠢᠶ᠎ᠠ ᠪᠦᠬᠦᠢ ᠲᠥᠷᠥᠯ ᠵᠦᠢᠯ  ᠢ ᠬᠡᠷᠡᠭᠵᠢᠭᠦᠯᠦᠭᠰᠡᠨ ᠪᠠᠶᠢᠳᠠᠯ   ᠳᠤ ᠨᠤᠳᠠᠯᠠᠯᠳᠠ ᠥᠭᠪᠡ᠃ ᠲᠡᠷᠡ ᠢᠯᠡᠷᠬᠡᠶᠢᠯᠡᠬᠦ ᠳᠡᠭᠡᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠨᠢ ᠰᠦᠯᠳᠡ ᠰᠤᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠳᠤᠮᠳᠠᠬᠢ ᠭᠤᠣᠯᠳᠠᠯᠭ᠎ᠠ᠂ ᠬᠦᠴᠢᠷ ᠠᠰᠠᠭᠤᠳᠠᠯ ᠵᠢᠴᠢ ᠪᠠᠴᠢᠮ ᠰᠢᠢᠳᠪᠤᠷᠢᠯᠡᠬᠦ ᠴᠢᠬᠤᠯᠠᠲᠠᠶ ᠠᠰᠠᠭᠤᠳᠠᠯ ᠢ ᠴᠠᠭ  ᠳᠠᠷᠣᠢ ᠳᠤᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠢᠴᠢᠭ ᠤᠨ ᠬᠡᠯᠪᠡᠷᠢ ᠪᠠᠷ ᠮᠡᠳᠡᠭᠦᠯᠦᠯᠲᠡ ᠬᠢᠵᠦ ᠲᠣᠰ ᠤᠳᠠᠭᠠᠨ ᠤ ᠪᠠᠶᠢᠴᠠᠭᠠᠨ ᠰᠤᠳᠤᠯᠤᠯᠳᠠ ᠶᠢᠨ ᠠᠵᠢᠯ ᠢ ᠦᠨᠡᠨ ᠪᠣᠳᠠᠳᠠᠢ᠂ ᠨᠠᠷᠢᠯᠢᠭ ᠭᠦᠨᠵᠡᠭᠡᠶ ᠪᠤᠯᠭᠠᠨ᠎ᠠ ᠭᠡᠵᠡᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号