ᠪᠦᠬᠦ ᠤᠷᠤᠨ ᠤ ︽ᠤᠬ ᠰᠠᠨᠠᠭ᠎ᠠ ᠪᠠᠨ ᠦᠯᠦ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠤ ᠬᠦᠮᠦᠵᠢᠯ ᠤᠨ ᠳᠤᠰᠬᠠᠢ ᠰᠡᠳᠦᠪᠳᠤ ᠳᠠᠶᠢᠯᠤᠮᠵᠢ ᠬᠦᠬᠡᠬᠤᠳᠠ ᠳᠤ ᠶᠠᠪᠤᠬᠳᠠᠪᠠ
ᠨᠡᠶᠢᠲᠡᠯᠡᠭᠰᠡᠨ ᠴᠠᠭ᠄
2019-07-08
     6 ᠰᠠᠷ᠎ᠠ ᠶᠢᠨ 29 ᠤ ᠦᠳᠡ ᠶᠢᠨ ᠡᠮᠤᠨ᠎ᠡ᠂ ᠪᠦᠬᠦ ᠤᠷᠤᠨ ᠤ ︽ᠤᠬ ᠰᠠᠨᠠᠭ᠎ᠠ ᠪᠠᠨ ᠦᠯᠦ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠤ ᠬᠦᠮᠦᠵᠢᠯ ᠤᠨ ᠳᠤᠰᠬᠠᠢ ᠰᠡᠳᠦᠪᠳᠤ ᠳᠠᠶᠢᠯᠤᠮᠵᠢ ᠬᠦᠬᠡᠬᠤᠳᠠ ᠳᠤ ᠶᠠᠪᠤᠬᠳᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ᠂ ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠯᠢ ᠰᠢᠦ ᠯᠢᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠤᠷᠤᠯᠴᠠᠵᠥ ᠳᠠᠶᠢᠯᠤᠮᠵᠢ ᠶᠢ ᠰᠤᠨᠤᠰᠪᠠ᠃ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠯᠢ ᠰᠢᠶᠠ᠂ ᠮᠠ ᠰᠢᠤᠸᠠᠢ ᠵᠢᠶᠦ᠋ᠨ᠂ ᠵᠠᠩ ᠶᠤᠸᠠᠨ ᠵᠦᠩ᠂ ᠯᠢ ᠵᠢᠶᠧ ᠰᠢᠶᠠᠩ᠂ ᠡᠤ ᠲᠤᠸᠠᠨ ᠶᠢᠩ᠂ ᠯᠢᠶᠠᠨ ᠰᠦ᠋᠂ ᠠᠢ ᠯᠢ ᠬᠤᠸᠠ᠂ ᠡᠸᠤ ᠶᠠᠩ ᠰᠢᠶᠤᠤ ᠬᠤᠢ᠂ ᠪᠤᠤ ᠭᠠᠩ᠂ ᠵᠧᠩ ᠬᠤᠩ ᠹᠠᠨ᠂ ᠯᠢᠦ ᠰᠢᠨ ᠯᠧ᠂ ᠴᠠᠩ ᠵᠢᠶᠦ᠋ᠨ ᠵᠧᠩ᠂ ᠶᠠᠩ ᠽᠦᠩ ᠷᠧᠨ᠂ ᠯᠢ ᠴᠢ ᠯᠢᠨ ᠤᠷᠤᠯᠴᠠᠵᠥ ᠳᠠᠶᠢᠯᠤᠮᠵᠢ ᠶᠢ ᠰᠤᠨᠤᠰᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠦ ᠴᠢ ᠹᠠᠨ ᠳᠠᠶᠢᠯᠤᠮᠵᠢ ᠶᠢ ᠡᠷᠬᠢᠯᠡᠪᠡ᠃      ᠳᠠᠶᠢᠯᠤᠮᠵᠢ ᠳᠤ᠂ ᠳᠤᠮᠳᠠᠳᠤ ᠤᠯᠤᠰ ᠤᠨ ᠵᠢᠩᠭᠠᠩᠱᠠᠨ ᠺᠠᠳ᠋ᠷ ᠤᠨ ᠳᠡᠬᠡᠳᠤ ᠰᠤᠷᠭᠠᠭᠤᠯᠢ ᠶᠢᠨ ᠫᠷᠦᠹᠧᠰᠰᠤᠷ ᠴᠧᠨ ᠱᠧᠩ ᠬᠤᠸᠠ ︽ᠬᠤᠪᠢᠰᠬᠠᠯᠳᠤ ᠤᠳᠤᠮᠰᠢᠯ ᠢ ᠤᠯᠠᠮᠵᠢᠯᠠᠵᠥ ᠤᠬ ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠶ᠎ᠡ︾ ᠬᠡᠬᠦ ᠰᠡᠳᠦᠪ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ︽ᠤᠬ ᠰᠠᠨᠠᠭ᠎ᠠ ᠪᠠᠨ ᠦᠯᠦ ᠮᠠᠷᠳᠠᠵᠥ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠳᠤᠬᠠᠢ ᠴᠢᠬᠤᠯᠠ ᠦᠬᠦᠯᠡᠮᠵᠢ ᠶᠢᠨ ᠵᠤᠷᠢᠬ ᠰᠠᠨᠠᠭ᠎ᠠ ᠶᠢᠨ ᠳᠤᠭᠤᠷᠢᠨ ᠳᠤ᠂ ᠡᠯᠪᠡᠭ ᠪᠠᠶᠠᠯᠢᠭ ᠳᠡᠥᠬᠡᠨ ᠮᠠᠲᠧᠷᠢᠶᠠᠯ᠂ ᠬᠦᠨ ᠵᠤᠵᠠᠭᠠᠨ ᠤᠨᠤᠯ ᠤᠨ ᠮᠡᠳᠡᠯᠬᠡ᠂ ᠠᠮᠢᠳᠤᠯᠢᠭ ᠪᠦᠬᠦᠢ ᠬᠡᠷᠡᠭ ᠤᠨ ᠵᠠᠳᠠᠯᠤᠯᠳᠠ ᠪᠠᠷ ᠳᠠᠮᠵᠢᠭᠤᠯᠤᠨ ᠳᠤᠮᠳᠠᠳᠤ ᠤᠯᠤᠰ ᠤᠨ ᠡᠪ ᠬᠠᠮᠳᠤᠴᠤᠳ ᠤᠨ ᠵᠢᠩᠭᠠᠩᠱᠠᠨ ᠳᠠᠬᠢ ᠤᠬ ᠰᠠᠨᠠᠭ᠎ᠠ ᠠᠴᠠ ᠡᠬᠢᠯᠡᠨ ᠶᠠᠷᠢᠵᠥ᠂ ᠭᠤᠤᠯᠳᠠᠭᠤ ᠡᠷᠡᠰ ᠰᠢᠭᠤᠷᠬᠠᠢ ᠪᠠᠷ ᠬᠦᠰᠡᠯᠡᠩ ᠳᠡᠭᠡᠨ ᠳᠡᠮᠡᠤᠯᠦᠭᠰᠡᠨ᠂ ᠦᠨᠡᠨ ᠠᠴᠠ ᠵᠦᠪ ᠢ ᠡᠷᠢᠵᠥ ᠰᠢᠨ᠎ᠡ ᠵᠠᠮ ᠨᠡᠬᠡᠭᠡᠭᠰᠡᠨ᠂ ᠰᠢᠷᠭᠠᠭᠤ ᠬᠠᠳᠠᠭᠤᠵᠢᠯᠳᠠᠢ ᠳᠡᠮᠡᠴᠡᠵᠥ ᠬᠦᠴᠢᠷ ᠪᠤᠭᠤᠮᠳᠠ ᠶᠢ ᠰᠢᠪᠳᠤᠯᠤᠬᠰᠠᠨ᠂ ᠤᠯᠠᠨ ᠳᠦᠮᠡᠨ ᠳᠤ ᠳᠦᠰᠢᠭᠯᠡᠨ ᠢᠯᠠᠯᠳᠠ ᠤᠯᠤᠬᠰᠠᠨ ᠵᠡᠷᠬᠡ ᠳᠠᠯ᠎ᠠ ᠪᠠᠷ ᠵᠢᠩᠭᠠᠩᠱᠠᠨ ᠤ ᠵᠤᠷᠢᠭ ᠰᠠᠨᠠᠭᠠᠨ ᠤ ᠰᠦᠭ ᠰᠦᠨᠡᠰᠤ᠂ ᠭᠤᠤᠯ ᠠᠭᠤᠯᠭ᠎ᠠ᠂ ᠦᠨᠳᠦᠰᠦ ᠰᠠᠭᠤᠷᠢ ᠪᠠ ᠡᠷᠳᠡᠨᠢ ᠶᠢ ᠨᠠᠷᠢᠯᠢᠭ ᠳᠠᠶᠢᠯᠪᠤᠷᠢᠯᠠᠵᠤ᠂ ᠬᠤᠪᠢᠰᠬᠠᠯᠳᠤ ᠤᠳᠤᠮᠰᠢᠯ ᠢ ᠤᠯᠠᠮᠵᠢᠯᠠᠵᠥ᠂ ᠤᠬ ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ ᠡᠯᠪᠡᠭ ᠪᠠᠶᠠᠯᠢᠭ ᠠᠭᠤᠯᠤᠬᠳᠠᠬᠤᠨ ᠪᠤᠯᠤᠨ ᠴᠠᠬ ᠦᠶᠡᠴᠢ ᠰᠠᠨᠠᠭ᠎ᠠ ᠠᠬᠤᠢ ᠶᠢ ᠳᠠᠶᠢᠯᠪᠤᠷᠢᠯᠠᠬᠰᠠᠨ ᠪᠠᠶᠢᠨ᠎ᠠ᠃      ᠯᠢᠦ ᠴᠢ ᠹᠠᠨ ᠲᠠᠶᠢᠯᠤᠮᠵᠢ ᠡᠷᠬᠢᠯᠡᠬᠦ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠭᠡᠰᠢᠭᠦᠨ ᠺᠠᠳ᠋ᠷ ᠲᠤ ᠦᠭᠭᠦᠭᠰᠡᠨ ᠴᠢᠩ ᠰᠡᠳᠭᠢᠯ ᠤᠨ ᠰᠤᠷᠭᠠᠯ ᠢ ᠪᠠᠲᠤ ᠴᠡᠭᠡᠵᠢᠯᠡᠵᠦ᠂ ᠭᠤᠤᠯ ᠰᠡᠳᠦᠪᠲᠦ ᠬᠦᠮᠦᠵᠢᠯ ᠤᠨ ᠶᠡᠷᠦᠩᠬᠡᠢ ᠱᠠᠭᠠᠷᠳᠠᠯᠭ᠎ᠠ᠂ ᠬᠠᠷᠠᠯᠲᠠ ᠶᠤᠰᠤᠭᠠᠷ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ᠂ ᠵᠢᠩᠭᠠᠩᠱᠠᠨ ᠠᠭᠤᠯᠠᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠤᠷᠤᠬᠰᠢᠯᠠᠬᠤ ᠵᠠᠮ ᠢ ᠬᠡᠷᠡᠯᠲᠦᠬᠦᠯᠬᠦ ᠳ᠋ᠧᠩ᠂ ᠠᠶᠠᠯᠠᠯ ᠤᠨ ᠴᠢᠭᠯᠡᠯ ᠢ ᠡᠵᠡᠮᠳᠡᠬᠦ ᠵᠠᠯᠠᠭᠤᠷ ᠪᠤᠯᠭᠠᠨ᠂ ᠲᠡᠮᠡᠴᠡᠯ ᠤᠨ ᠬᠠᠷᠠᠯᠲᠠ ᠳᠠᠬᠢ ᠰᠢᠨᠳᠠᠷᠠᠰᠢ ᠦᠭᠡᠢ ᠬᠦᠭᠡᠭᠡᠴᠡᠯᠳᠦᠯ᠂ ᠲᠤᠬᠠᠶᠢᠢᠯᠠᠬᠰᠠᠨ ᠠᠵᠢᠯ ᠳᠠᠬᠢ ᠬᠠᠯᠠᠰᠢᠷᠠᠯ ᠦᠭᠡᠢ ᠴᠢᠷᠮᠠᠶᠢᠯᠭ᠎ᠠ᠂ ᠡᠷᠬᠢᠮ ᠳᠡᠭᠡᠳᠦ ᠵᠤᠷᠢᠭ ᠰᠠᠨᠠᠭ᠎ᠠ ᠳᠠᠬᠢ ᠡᠷᠡᠰ ᠪᠠᠲᠤ ᠪᠠᠷᠢᠮᠲᠠᠯᠠᠯ᠂ ᠬᠦᠴᠢᠷ ᠪᠡᠷᠬᠡᠰᠢᠶᠡᠯ ᠪᠡᠷᠬᠡ ᠪᠠᠷᠲᠠᠭ᠎ᠠ ᠳᠠᠬᠢ ᠵᠤᠷᠢᠬᠲᠤ ᠡᠭᠦᠷᠭᠡᠯᠡᠯ ᠪᠤᠯᠭᠠᠨ ᠬᠤᠪᠢᠷᠠᠭᠤᠯᠵᠤ᠂ ᠪᠤᠳᠠᠲᠤ ᠠᠵᠢᠯᠯᠠᠭ᠎ᠠ ᠪᠠᠷ ᠢᠶᠠᠨ ᠨᠡᠶᠢᠭᠡᠮ ᠵᠢᠷᠦᠮ ᠤᠨ ᠪᠠᠶᠢᠭᠤᠯᠤᠯ ᠢ ᠰᠠᠬᠢᠵᠤ᠂ ᠠᠷᠠᠳ ᠲᠦᠮᠡᠨ ᠤ ᠵᠤᠯ ᠵᠢᠷᠭᠠᠯ ᠢ ᠰᠠᠬᠢᠵᠤ᠂ ᠰᠢᠯᠢᠳᠡᠭ ᠤᠯᠠᠮᠵᠢᠯᠠᠯ ᠢ ᠰᠠᠬᠢᠵᠤ᠂ ᠴᠠᠭ ᠦᠶ᠎ᠠ ᠤᠷᠤᠨ ᠵᠠᠢ ᠶᠢ ᠠᠯᠤᠰᠯᠠᠬᠰᠠᠨ ᠵᠢᠩᠭᠠᠩᠱᠠᠨ ᠠᠭᠤᠯᠠᠨ ᠤ ᠵᠤᠷᠢᠭ ᠰᠠᠨᠠᠭ᠎ᠠ ᠶᠢ ᠦᠵᠡᠰᠭᠦᠯᠡᠩᠲᠦ ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠦᠪᠡᠷ ᠲᠡᠷᠭᠡᠯᠰᠢᠭᠦᠯᠬᠦ ᠠᠮᠢᠳᠤᠯᠢᠭ ᠦᠢᠯᠡᠳᠦᠯᠭᠡ ᠳᠤ ᠯᠤᠳᠤ ᠶᠡᠭᠡ ᠦᠢᠯᠡᠳᠦᠯ ᠪᠠᠳᠠᠷᠠᠭᠤᠯᠵᠤ᠂ ᠵᠢᠩᠭᠠᠩᠱᠠᠨ ᠠᠭᠤᠯᠠᠨ ᠤ ᠵᠤᠷᠢᠭ ᠰᠠᠨᠠᠭ᠎ᠠ ᠶᠢᠨ ᠰᠢᠨ᠎ᠠ ᠴᠠᠭ ᠦᠶ᠎ᠠ ᠳᠠᠬᠢ ᠭᠡᠷᠡᠯ ᠭᠢᠯᠪᠠᠭ᠎ᠠ ᠶᠢ ᠰᠠᠴᠤᠷᠠᠭᠤᠯᠬᠤ ᠬᠡᠷᠡᠭᠳᠠᠢ ᠭᠡᠵᠦ ᠴᠢᠬᠤᠯᠠᠴᠢᠯᠠᠪᠠ᠃      ᠲᠠᠶᠢᠯᠤᠮᠵᠢ ᠶᠢ ᠸᠢᠳᠢᠣ᠋ ᠶᠢᠨ ᠬᠡᠯᠪᠡᠷᠢ ᠪᠠᠷ ᠠᠶᠢᠮᠠᠭ ᠬᠤᠲᠠ᠂ ᠬᠤᠰᠢᠭᠤ ᠰᠢᠶᠠᠨ ᠬᠦᠷᠲᠡᠯ᠎ᠠ ᠬᠢᠪᠡ᠃ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠢᠯᠠᠯ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠦᠬᠦᠳ᠂ ᠭᠤᠤᠯ ᠰᠡᠳᠦᠪᠲᠦ ᠬᠦᠮᠦᠵᠢᠯ ᠤᠨ ᠤᠳᠤᠷᠢᠳᠬᠤ ᠳᠤᠭᠤᠶᠢᠢᠯᠠᠩ ᠤᠨ ᠠᠯᠪᠠᠨ ᠭᠡᠷ ᠤᠨ ᠪᠦᠬᠦ ᠪᠦᠷᠢᠯᠳᠦᠬᠦᠨ ᠭᠤᠤᠯ ᠬᠤᠷᠠᠯ ᠤᠨ ᠲᠠᠯᠠᠪᠠᠢ ᠳᠤ ᠲᠠᠶᠢᠯᠤᠮᠵᠢ ᠶᠢ ᠰᠤᠨᠤᠰᠪᠠ᠃      ᠬᠤᠰᠢᠭᠤ ᠤᠳᠤᠷᠢᠳᠤᠯᠭ᠎ᠠ ᠡᠷᠳᠡᠨᠢᠪᠢᠯᠢᠭ᠂ ᠰᠤ᠋ ᠰᠢᠨ ᠹᠠ᠂ ᠵᠠᠩ ᡁᠢ ᠰᠢᠦ᠋ᠩ᠂ ᠹᠧᠩ ᡁᠢ ᠮᠢᠩ᠂ ᠯᠢ ᠰᠢᠦ ᠹᠧᠩ᠂ ᠪᠠᠶᠠᠨᠴᠡᠩᠭᠡᠯ᠂ ᠯᠸᠢ · ᠬᠠᠰ᠂ ᠤᠶᠤᠨᠪᠢᠯᠢᠭ᠌᠂ ᠶᠠᠩ ᠵᠦᠩ ᠬᠤᠩ᠂ ᠰᠢᠶᠤᠤ ᡁᠢ ᠺᠤᠸᠠᠨ᠂ ᠽᠦᠸᠧ ᠴᠧᠨ ᠭᠤᠸᠠᠩ ᠵᠢᠴᠢ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号