ᠮᠠᠨ ᠤ ᠬᠤᠰᠢᠭᠤ ︽ᠨᠠᠮ ᠤᠨ ᠪᠠᠶᠢᠭᠤᠯᠣᠯᠳᠠ ᠪᠠᠷ ᠵᠠᠮᠴᠢᠯᠠᠭᠤᠯᠵᠣ ᠨᠣᠮᠢᠨ ᠲᠠᠩᠰᠤᠭ ᠬᠦᠭᠵᠢᠨ ᠮᠡᠨᠳᠣᠯᠳᠠ ᠶᠢ ᠪᠠᠶᠠᠯᠠᠬᠦᠯᠣᠶ᠎ᠠ︾ ᠰᠡᠲᠦᠪᠲᠤ ᠲᠣᠮᠳᠠᠳᠣ ᠣᠯᠣᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 98 ᠵᠢᠯ ᠤᠨ ᠣᠢ ᠶᠢ ᠪᠡᠯᠬᠡᠯᠡᠬᠦ ᠵᠢᠴᠢ ᠰᠢᠯᠢᠳᠡᠭ ᠨᠠᠮ ᠤᠨ ᠬᠡᠰᠢᠬᠦᠨ ᠪᠠ ᠨᠠᠮ ᠤᠨ ᠠᠵᠢᠯᠲᠠᠨ᠂ ᠲᠡᠷᠢᠬᠦᠨ ᠤ ᠨᠠᠮ ᠤᠨ ᠵᠣᠬᠢᠶᠠᠨ ᠪᠠᠶᠢᠭᠤᠯᠤᠯᠲᠠ᠂ ᠰᠢᠯᠢᠳᠡᠭ ᠴᠢᠳᠠᠪᠣᠷᠢᠲᠠᠨ ᠪᠤᠯᠤᠨ ᠭᠠᠴᠠᠭᠠᠨ ᠳᠤ ᠲᠣᠮᠢᠯᠠᠭᠳᠠᠨ ᠰᠠᠭᠤᠭ᠎ᠠ ᠰᠢᠯᠢᠳᠡᠭ ᠺᠠᠳ᠋ᠷ ᠢ ᠱᠠᠩᠨᠠᠨ ᠬᠦᠬᠢᠬᠦᠯᠬᠦ ᠶᠡᠭᠡ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2019-07-08
     7 ᠰᠠᠷ᠎ᠠ ᠶᠢᠨ 1 ᠤ ᠡᠳᠦᠷ᠂ ᠮᠠᠨ ᠤ ᠬᠤᠰᠢᠭᠤ ︽ᠨᠠᠮ ᠤᠨ ᠪᠠᠶᠢᠭᠤᠯᠣᠯᠳᠠ ᠪᠠᠷ ᠵᠠᠮᠴᠢᠯᠠᠭᠤᠯᠵᠣ ᠨᠣᠮᠢᠨ ᠲᠠᠩᠰᠤᠭ ᠬᠦᠭᠵᠢᠨ ᠮᠡᠨᠳᠣᠯᠳᠠ ᠶᠢ ᠪᠠᠶᠠᠯᠠᠬᠦᠯᠣᠶ᠎ᠠ︾ ᠰᠡᠲᠦᠪᠲᠤ ᠲᠣᠮᠳᠠᠳᠣ ᠣᠯᠣᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 98 ᠵᠢᠯ ᠤᠨ ᠣᠢ ᠶᠢ ᠪᠡᠯᠬᠡᠯᠡᠬᠦ ᠵᠢᠴᠢ ᠰᠢᠯᠢᠳᠡᠭ ᠨᠠᠮ ᠤᠨ ᠬᠡᠰᠢᠬᠦᠨ ᠪᠠ ᠨᠠᠮ ᠤᠨ ᠠᠵᠢᠯᠲᠠᠨ᠂ ᠲᠡᠷᠢᠬᠦᠨ ᠤ ᠨᠠᠮ ᠤᠨ ᠵᠣᠬᠢᠶᠠᠨ ᠪᠠᠶᠢᠭᠤᠯᠤᠯᠲᠠ᠂ ᠰᠢᠯᠢᠳᠡᠭ ᠴᠢᠳᠠᠪᠣᠷᠢᠲᠠᠨ ᠪᠤᠯᠤᠨ ᠭᠠᠴᠠᠭᠠᠨ ᠳᠤ ᠲᠣᠮᠢᠯᠠᠭᠳᠠᠨ ᠰᠠᠭᠤᠭ᠎ᠠ ᠰᠢᠯᠢᠳᠡᠭ ᠺᠠᠳ᠋ᠷ ᠢ ᠱᠠᠩᠨᠠᠨ ᠬᠦᠬᠢᠬᠦᠯᠬᠦ ᠶᠡᠭᠡ ᠬᠤᠷᠠᠯ ᠢ  ᠬᠤᠰᠢᠭᠤ ᠰᠣᠶᠣᠯ ᠤᠨ ᠠᠵᠢᠯᠯᠠᠭᠠᠨ ᠤ ᠲᠥᠪ ᠲᠤ ᠡᠷᠬᠢᠯᠡᠨ ᠬᠤᠷᠠᠯᠳᠣᠭᠤᠯᠵᠣ᠂ ᠨᠠᠮ ᠤᠨ ᠭᠡᠷᠡᠯ ᠰᠠᠴᠤᠷᠠᠩᠭᠤᠶ ᠥᠩᠭᠡᠷᠡᠯᠲᠡ ᠶᠢ ᠬᠠᠮᠲᠤ ᠪᠠᠷ ᠡᠷᠭᠢᠴᠡᠭᠦᠯᠵᠦ ᠨᠠᠮ ᠤᠨ ᠠᠭᠤᠣ ᠭᠠᠪᠢᠶ᠎ᠠ ᠠᠤᠭ᠎ᠠ ᠵᠢᠳᠬᠦᠯ ᠢ ᠬᠠᠮᠲᠤ ᠪᠠᠷ ᠳᠤᠷᠠᠰᠤᠨ ᠰᠠᠨᠠᠭᠠᠯᠵᠠᠵᠤ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠪᠠᠶᠢᠭ᠎ᠠ ᠲᠡᠷᠢᠭᠦᠨ ᠤ ᠬᠠᠮᠲᠤ ᠨᠡᠶᠢᠲᠡ ᠪᠣᠯᠤᠨ ᠲᠡᠷᠢᠭᠦᠨ ᠤ ᠬᠤᠪᠢ ᠬᠥᠮᠦᠨ ᠢ ᠱᠠᠩᠨᠠᠨ ᠬᠦᠭᠢᠬᠦᠯᠦᠭᠰᠡᠨ ᠪᠠᠶᠢᠨ᠎ᠠ᠃
     ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠲᠠᠪᠤᠳᠤᠭᠠᠷ ᠱᠠᠭᠠᠷᠳᠡᠨ ᠪᠠᠶᠢᠴᠠᠭᠠᠯᠳᠠ ᠶᠢ ᠠᠬᠢᠭᠤᠯᠬᠤ ᠲᠤᠭᠤᠶᠢᠯᠠᠩ ᠤᠨ ᠪᠠᠶᠢᠡᠭᠭᠤ  ᠶᠢᠨ ᠳᠡᠳ᠋ ᠳᠠᠷᠤᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ ᠰᠦᠩ ᠮᠢᠩ ᠦ᠋᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠬᠤᠤ ᠸᠧᠶ ᠵᠢᠴᠢ ᠬᠤᠰᠢᠭᠤ ᠳᠥᠷᠪᠡᠨ ᠶᠡᠭᠡ ᠤᠳᠤᠷᠢᠳᠬᠤ ᠪᠠᠭ᠂ ᠰᠢᠶᠡᠨ ᠤ ᠲᠡᠰ ᠤᠨ ᠭᠡᠷ ᠲᠤ ᠪᠠᠨ ᠪᠠᠶᠢᠭ᠎ᠠ ᠤᠳᠤᠷᠢᠳᠤᠯᠭ᠎ᠠ᠂ ᠰᠢᠯᠢᠳᠡᠭ ᠨᠠᠮ ᠤᠨ ᠬᠡᠰᠢᠬᠦᠨ ᠪᠠ ᠨᠠᠮ ᠤᠨ  ᠠᠵᠢᠯᠲᠠᠨ᠂ ᠲᠡᠷᠢᠬᠦᠨ ᠤ ᠨᠠᠮ ᠤᠨ ᠵᠣᠬᠢᠶᠠᠨ ᠪᠠᠶᠢᠭᠤᠯᠤᠯᠲᠠ᠂ ᠰᠢᠯᠢᠳᠡᠭ ᠴᠢᠳᠠᠪᠣᠷᠢᠲᠠᠨ ᠪᠤᠯᠤᠨ ᠭᠠᠴᠠᠭᠠᠨ ᠳᠤ ᠲᠣᠮᠢᠯᠠᠭᠳᠠᠨ ᠰᠠᠭᠤᠭ᠎ᠠ ᠰᠢᠯᠢᠳᠡᠭ ᠺᠠᠳ᠋ᠷ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠱᠠᠩᠨᠠᠨ ᠬᠦᠬᠢᠬᠦᠯᠬᠦ ᠶᠡᠭᠡ ᠬᠤᠷᠠᠯ ᠳᠤ ᠣᠷᠣᠯᠴᠠᠪᠠ᠃
     ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶ᠎ᠠ ᠶᠢ ᠲᠥᠯᠥᠭᠡᠯᠡᠨ ᠱᠠᠩᠨᠠᠯ ᠬᠦᠷᠲᠡᠭᠰᠡᠨ ᠲᠡᠷᠢᠭᠦᠨ ᠤ ᠬᠠᠮᠲᠤ ᠨᠡᠶᠢᠲᠡ ᠪᠣᠯᠣᠨ ᠲᠡᠷᠢᠭᠦᠨ ᠤ ᠬᠤᠪᠢ ᠬᠥᠮᠦᠨ ᠳᠤ  ᠪᠠᠶᠠᠷ ᠬᠦᠷᠭᠡᠵᠦ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠬᠦ  ᠶᠢᠨ ᠬᠠᠮᠲᠤ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠣᠨ ᠡᠷᠬᠡᠪᠰᠢ ᠲᠡᠷᠢᠭᠦᠨ ᠤ ᠬᠢ ᠪᠠᠷ ᠳᠠᠭᠤᠷᠢᠶᠠᠯ ᠪᠣᠯᠭᠠᠵᠤ ᠪᠡᠶ᠎ᠡ ᠪᠠᠷ ᠢᠶᠠᠨ ᠵᠢᠱᠢᠶ᠎ᠠ ᠦᠵᠡᠬᠦᠯᠣᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠣᠨ ᠨᠤᠮᠢᠨ ᠲᠠᠩᠰᠤᠭ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠶ ᠭᠡᠵᠦ ᠱᠠᠭᠠᠷᠳᠠᠪᠠ᠃      ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠪᠢᠳᠡ ᠡᠷᠬᠡᠪᠰᠢ ᠤᠭ ᠰᠠᠨᠠᠭ᠎ᠠ ᠪᠠᠨ ᠦᠯᠦ ᠮᠡᠷᠳᠡᠨ  ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠬᠡᠷᠡᠭᠲᠡᠶ᠃ ︽ᠤᠭ ᠰᠠᠨᠠᠭ᠎ᠠ ᠪᠠᠨ ᠦᠯᠦ ᠮᠠᠷᠲᠠᠵᠤ  ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ ᠪᠦᠬᠦ ᠲᠠᠯ᠎ᠠ ᠪᠠᠷ ᠰᠢᠰᠲ᠋ᠧᠮ ᠲᠠᠢ᠂ ᠭᠦᠨᠵᠡᠭᠡᠶ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ ᠤᠨᠤᠯ ᠤᠨ ᠰᠤᠷᠤᠯᠴᠠᠯᠭ᠎ᠠ ᠶᠢ ᠲᠠᠰᠤᠷᠠᠯᠲᠠ ᠦᠭᠡᠢ ᠬᠦᠨᠵᠡᠭᠡᠶᠢᠷᠡᠬᠦᠯᠤᠨ ᠪᠣᠳᠠᠲᠠᠶᠢᠵᠢᠭᠤᠯᠵᠤ ᠤᠨᠤᠯ  ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠣᠯᠬᠤ ᠬᠡᠷᠡᠭᠳᠡᠢ᠃ ᠠᠵᠢᠯ ᠬᠢᠵᠦ ᠦᠢᠯᠡᠰ ᠪᠤᠰᠬᠠᠵᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠠᠷᠠᠳ ᠲᠦᠮᠡᠨ ᠳᠤ ᠦᠢᠯᠡᠴᠢᠯᠡᠵᠦ  ᠬᠦᠴᠢᠷ ᠠᠰᠠᠭᠤᠳᠠᠯ ᠢ ᠰᠢᠢᠳᠪᠤᠷᠢᠯᠡᠨ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃ ᠰᠢᠨ᠎ᠡ ᠶᠢ ᠡᠬᠦᠳᠴᠦ  ᠥᠪᠡᠷ ᠤᠨ ᠬᠡᠪ ᠴᠢᠨᠠᠷ ᠢᠶᠠᠨ ᠲᠡᠭᠡᠭᠰᠢᠯᠡᠬᠦᠯᠦᠨ ᠨᠠᠮ ᠤᠨ ᠳᠣᠲᠣᠭᠠᠳᠤ ᠶᠢᠨ ᠤᠯᠤᠰ ᠲᠥᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠵᠤ ᠪᠠᠶᠢᠩᠭᠤ ᠶᠢᠨ ᠴᠢᠨᠠᠷᠲᠠᠶ ᠬᠥᠮᠦᠵᠢᠯ ᠪᠠ ᠲᠥᠪᠯᠡᠷᠡᠩᠭᠦᠶ ᠴᠢᠨᠠᠷᠲᠠᠶ ᠬᠥᠮᠦᠵᠢᠯ ᠢ ᠤᠶᠠᠯᠳᠤᠭᠤᠯᠬᠤ ᠶᠢ ᠪᠠᠷᠢᠮᠲᠠᠯᠠᠵᠤ ᠬᠠᠭᠤᠴᠢᠨ ᠢ ᠥᠭᠡᠷᠡᠴᠢᠯᠡᠵᠦ ᠰᠢᠨ᠎ᠡ ᠶᠢ ᠡᠬᠦᠳᠬᠦ   ᠪᠠᠷ ᠳᠠᠮᠵᠢᠨ ᠢᠷᠡᠭᠡᠳᠦᠶ ᠪᠠᠨ ᠴᠣᠭᠴᠠᠯᠡᠨ ᠪᠠᠶᠢᠭᠤᠯᠬᠤ ᠬᠡᠷᠡᠭᠳᠡᠢ᠃  ᠨᠠᠮᠴᠢ ᠴᠢᠨᠠᠷ ᠤᠨ ᠪᠣᠯᠪᠠᠰᠤᠷᠠᠯ ᠪᠣᠯᠤᠨ ᠤᠯᠤᠰ ᠲᠥᠷᠦ ᠶᠢᠨ ᠪᠣᠯᠪᠠᠰᠤᠷᠠᠯ ᠢᠶᠠᠨ ᠴᠢᠩᠭᠠᠳᠬᠠᠵᠤ ᠤᠯᠤᠰ ᠲᠥᠷᠦ ᠶᠢᠨ ᠠᠬᠤᠶ ᠪᠠᠶᠢᠳᠠᠯ᠂ ᠦᠵᠡᠯ ᠰᠠᠨᠠᠭᠠᠨ ᠤ ᠠᠬᠤᠶ ᠪᠠᠶᠢᠳᠠᠯ᠂ ᠶᠣᠰᠣ ᠰᠤᠷᠲᠠᠬᠤᠨ ᠤ ᠠᠬᠤᠶ ᠪᠠᠶᠢᠳᠠᠯ ᠢᠶᠠᠨ ᠳᠡᠭᠡᠭᠰᠢᠯᠡᠭᠦᠯᠵᠦ ᠲᠥᠷᠥ ᠪᠠᠷᠢᠬᠤ ᠴᠢᠳᠠᠪᠤᠷᠢ ᠪᠠᠨ ᠪᠦᠬᠦ ᠲᠠᠯ᠎ᠠ ᠪᠠᠷ ᠴᠢᠩᠭᠠᠳᠬᠠᠵᠤ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠠᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠶ᠃ ᠵᠠᠪᠠᠯ ᠵᠣᠷᠢᠭᠲᠠᠶ ᠪᠠᠷ ᠡᠭᠦᠷᠭᠡᠯᠡᠵᠦ ᠥᠷᠭᠡᠨ ᠣᠯᠠᠨ ᠨᠠᠮ ᠤᠨ ᠭᠡᠰᠢᠭᠦᠳ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ  ᠪᠦᠬᠦ ᠬᠤᠰᠢᠭᠤᠨ ᠤ ᠬᠥᠭᠵᠢᠯᠲᠡ ᠶᠢᠨ ᠲᠣᠭᠤᠷᠢᠨ ᠳᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠪᠣᠯᠪᠠᠰᠤᠨ ᠬᠤᠲᠠ ᠶᠢ ᠡᠬᠦᠳᠣᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠ ᠵᠢᠱᠢᠶᠡᠴᠢ ᠳᠠᠭᠠᠭᠤᠯᠣᠭᠴᠢ ᠦᠢᠯᠡᠳᠦᠯ ᠢᠶᠠᠨ ᠪᠠᠳᠠᠷᠠᠭᠤᠯᠵᠤ ᠤᠨᠴᠠᠭᠠᠶᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠵᠠᠩᠭᠢᠯᠠᠭ᠎ᠠ ᠪᠣᠯᠭᠠᠨ ᠠᠳᠬᠤᠵᠣ ᠨᠠᠮ ᠤᠨ ᠬᠥᠳᠡᠭᠡ ᠲᠣᠰᠬᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠦ ᠶᠢᠨ ᠪᠠᠶᠢᠭᠤᠯᠤᠯᠲᠠ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ᠂ ᠨᠡᠶᠢᠬᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ ᠬᠥᠳᠡᠭᠡ ᠲᠣᠰᠬᠤᠨ ᠤ ᠵᠠᠰᠠᠨ ᠴᠡᠭᠴᠠᠯᠠᠯᠳᠠ ᠶᠢᠨ ᠰᠢᠰᠲ᠋ᠧᠮ ᠪᠣᠯᠤᠨ ᠵᠠᠰᠠᠨ ᠴᠡᠭᠴᠠᠯᠠᠬᠦ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ ᠮᠠᠯ ᠳᠠᠷᠢᠶᠠᠯᠡᠩ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠳᠦᠯᠬᠢᠨ ᠠᠬᠢᠭᠤᠯᠵᠤ ᠬᠠᠮᠲᠤᠪᠠᠷ ᠴᠢᠨᠡᠭᠡᠯᠢᠭᠵᠢᠬᠦ ᠵᠠᠮ ᠢᠶᠠᠷ ᠵᠠᠮᠨᠠᠬᠤ ᠬᠡᠷᠡᠭᠲᠡᠶ᠃ ᠵᠠᠪᠠᠯ ᠵᠣᠷᠢᠭᠲᠠᠶ ᠪᠠᠷ ᠰᠢᠪᠲᠤᠯᠤᠯᠲᠠ ᠬᠢᠵᠣ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠬᠡᠷᠡᠭᠲᠡᠶ᠃ ᠥᠷᠭᠡᠨ ᠣᠯᠠᠨ ᠨᠠᠮ ᠤᠨ ᠭᠡᠰᠢᠭᠦᠣᠨ ︽ᠵᠣᠯ ᠵᠢᠷᠭᠠᠯ ᠢ ᠴᠢᠷᠮᠠᠶᠢᠨ ᠲᠡᠮᠡᠴᠡᠵᠦ ᠪᠠᠶᠢᠭᠠᠳ ᠣᠯᠳᠠᠭ ᠶᠤᠮ︾ ᠭᠡᠳᠡᠭ ᠢ ᠪᠠᠲᠤ ᠴᠡᠭᠡᠵᠢᠯᠡᠵᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ  ᠢ ᠦᠢᠯᠡᠳᠦᠯᠬᠡᠵᠢᠬᠦᠯᠵᠦ ᠥᠭᠡᠷᠡᠴᠢᠯᠡᠯᠲᠡ ᠬᠢᠵᠦ ᠰᠢᠨ᠎ᠡ ᠶᠢ  ᠡᠬᠦᠳᠴᠦ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ ᠢᠳᠡᠭᠡᠯ ᠵᠣᠷᠢᠭ ᠢᠶᠠᠨ ᠬᠦᠪᠴᠢᠯᠡᠨ  ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠴᠢᠳᠠᠪᠤᠷᠢ ᠪᠣᠯᠪᠠᠰᠤᠷᠠᠯ ᠬᠤᠣᠰᠯᠠᠭᠰᠠᠨ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ ᠨᠣᠮᠢᠨ ᠲᠠᠩᠰᠤᠭ ᠬᠦᠭᠵᠢᠨ ᠮᠠᠨᠳᠣᠯᠳᠠ ᠳᠤ ᠣᠶᠢᠯᠡᠴᠢᠯᠡᠬᠦᠯᠣᠨ ᠦᠯᠢᠭᠡᠷ ᠳᠠᠭᠤᠷᠢᠶᠠᠯ ᠪᠣᠯᠭᠠᠬᠤ ᠬᠡᠷᠡᠭᠲᠡᠶ ᠭᠡᠵᠡᠢ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠤᠯᠢ ᠴᠠᠭᠠᠨᠵᠠ ᠶᠢᠨ ᠬᠤᠷᠢᠶᠠᠨ ᠤ ᠱᠦᠵᠢ ᠰᠣᠷᠭᠠᠯᠲᠣ ᠨᠠᠮ ᠪᠠᠶᠢᠭᠤᠯᠤᠭᠳᠠᠭᠰᠠᠨ 98 ᠵᠢᠯ ᠤᠨ ᠤᠢ ᠶᠢᠨ ᠲᠠᠰᠢᠷᠠᠮ ᠳᠤ   ᠬᠤᠰᠢᠭᠤ ᠨᠠᠮ ᠤᠨ ᠬᠤᠷᠢᠶ᠎ᠠ ᠠᠴᠠ ᠪᠦᠬᠦ ᠬᠤᠰᠢᠭᠤᠨ ᠤ 30 ᠨᠠᠷ᠎ᠡ ᠪᠥᠬᠦ ᠬᠤᠰᠢᠭᠤᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ 30 ᠨᠡᠷ᠎ᠡ ᠪᠥᠬᠦ ᠬᠤᠰᠢᠭᠤᠨ ᠤ ᠰᠢᠯᠢᠳᠡᠭ ᠨᠠᠮ ᠤᠨ ᠠᠵᠢᠯᠲᠠᠨ᠂ 30 ᠨᠡᠷ᠎ᠡ ᠪᠥᠬᠦ ᠬᠤᠰᠢᠭᠤᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ 20 ᠨᠡᠷ᠎ᠡ ᠪᠥᠬᠦ ᠬᠤᠰᠢᠭᠤᠨ ᠤ ᠰᠢᠯᠢᠳᠡᠭ ᠴᠢᠳᠠᠪᠤᠷᠢᠲᠠᠨ᠂ 19 ᠨᠡᠷ᠎ᠡ ᠭᠠᠴᠠᠭ᠎ᠠ ᠲᠣᠰᠬᠤᠨ ᠤ ᠺᠠᠳ᠋ᠷ ᠢ ᠱᠠᠩᠨᠠᠨ ᠬᠦᠬᠢᠬᠦᠯᠵᠤ ᠴᠣᠯᠠ ᠣᠯᠭᠤᠬᠤ ᠰᠢᠢᠳᠪᠦᠷᠢ  ᠶᠢ ᠤᠩᠰᠢᠨ ᠨᠠᠶᠢᠳᠡᠯᠡᠪᠡ᠃ ᠬᠤᠲᠠ ᠶᠢᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠠᠵᠢᠯ ᠢ ᠱᠠᠭᠠᠷᠳᠡᠨ ᠪᠠᠶᠢᠴᠠᠭᠠᠵᠤ ᠠᠬᠢᠭᠤᠯᠬᠤ ᠲᠠᠪᠤᠳᠤᠭᠠᠷ ᠲᠤᠭᠤᠶᠢᠯᠠᠩ ᠤᠨ ᠪᠠᠶᠢᠡᠭᠭᠤ ᠶᠢᠨ ᠳᠡᠳ᠋ ᠳᠠᠷᠤᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ ᠰᠦᠩ ᠮᠢᠩ ᠦ᠋᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠶ ᠯᠦ ᠵᠡᠷᠭᠡ ᠤᠳᠤᠷᠢᠳᠤᠯᠭ᠎ᠠ ᠨᠠᠷ ᠬᠥᠬᠢᠭᠦᠯᠦᠯ ᠬᠦᠷᠲᠡᠭᠰᠡᠨ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠭᠰᠠᠨ ᠪᠠᠶᠢᠨ᠎ᠠ᠃        ᠱᠠᠩᠨᠠᠨ ᠬᠦᠬᠢᠬᠦᠯᠬᠦ ᠶᠡᠭᠡ ᠬᠤᠷᠠᠯ ᠳᠡᠭᠡᠷ᠎ᠡ ᠪᠠᠰᠠ ᠠᠯᠳᠠᠷᠲᠤ ᠳᠠᠭᠤᠴᠢᠨ ᠵᠢᠩᠬᠤᠸᠠᠷ ᠪᠣᠯᠤᠨ ᠬᠤᠰᠢᠭᠤ ᠤᠯᠠᠭᠠᠨᠮᠥ᠋ᠴᠢᠷ᠂ ᠰᠤᠷᠭᠠᠨ ᠬᠥᠮᠦᠵᠢᠯ  ᠪᠡᠶ᠎ᠡ ᠲᠠᠮᠢᠷ ᠤᠨ ᠲᠣᠪᠴᠢᠶ᠎ᠠ᠂ ᠰᠢᠷᠬᠤᠰᠤᠨ ᠪᠠᠯᠭᠠᠰᠤ᠂ ᠲᠤᠭ ᠪᠠᠯᠭᠠᠰᠤ᠂ ᠦᠥᠰᠢᠨᠵᠤᠤ ᠪᠠᠯᠭᠠᠰᠣ ᠵᠡᠷᠭᠡ ᠪᠠᠶᠢᠭᠤᠯᠭ᠎ᠠ ᠨᠢᠭᠡᠴᠢ ᠠᠴᠠ ᠣᠷᠠᠨ ᠰᠠᠶᠢᠬᠠᠨ ᠤ ᠲᠣᠭᠯᠠᠯᠲᠠ ᠭᠠᠷᠭᠠᠵᠣ ᠦᠵᠡᠭᠴᠢᠳ ᠲᠦᠮᠡᠨ ᠤ ᠬᠠᠷᠠᠭ᠎ᠠ ᠰᠣᠨᠣᠷ ᠢ ᠮᠢᠯᠢᠶᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号