ᠮᠠᠨ ᠤ ᠬᠤᠰᠢᠭᠤᠨ ᠤ ᠮᠠᠯ ᠲᠠᠷᠢᠶᠠᠯᠠᠩ ᠠᠵᠤ ᠣᠶᠢᠯᠡᠰ ᠤᠨ ᠠᠵᠢᠯ ᠡᠷᠬᠢᠯᠡᠭᠰᠡᠳ ᠤᠨ ᠠᠵᠢᠯ ᠮᠡᠷᠭᠡᠵᠢᠯ | ᠤᠨ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠵᠦ ᠨᠢᠭᠡ ᠪᠦᠯᠦᠭ ᠰᠣᠶᠣᠯ ᠲᠠᠢ᠂ ᠮᠡᠷᠭᠡᠵᠢᠯ ᠲᠠᠢ | ᠂ ᠬᠠᠮᠢᠶᠠᠷᠤᠯᠲᠠ ᠶᠢᠨ ᠴᠢᠳᠠᠪᠤᠷᠢ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠵᠦ ᠣᠳᠣ ᠦᠶ᠎ᠡ ᠶᠢᠨ ᠲᠠᠷᠢᠶᠠᠯᠠᠩ ᠤᠨ | ᠬᠥᠭᠵᠢᠯᠲᠡ ᠶᠢ ᠠᠬᠢᠭᠤᠯᠬᠤ ᠶᠢᠨ ᠳᠣᠰᠠᠳᠠ ᠤᠶᠢᠷ᠎ᠠ ᠶᠢᠨ ᠡᠳᠦᠷ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠰᠢᠨ᠎ᠡ ᠬᠡᠯᠪᠡᠷᠢ ᠶᠢᠨ ᠠᠵᠢᠯ ᠣᠶᠢᠯᠡᠰ ᠤᠨ ᠡᠵᠡᠩᠨᠡᠯᠲᠡ ᠶᠢᠨ ᠭᠤᠤᠯ ᠴᠣᠭᠴᠠ ᠶᠢᠨ ᠲᠠᠭᠠᠭᠤᠯᠤᠭᠴᠢᠳ | ᠤᠨ ᠪᠣᠯᠪᠠᠰᠤᠷᠠᠯ ᠤᠨ ᠠᠩᠭᠢ ᠡᠷᠬᠢᠯᠡᠪᠡ᠃ ᠡᠯ᠎ᠡ ᠰᠤᠮᠤ ᠪᠠᠯᠭᠠᠰᠤᠨ ᠤ ᠮᠠᠯᠵᠢᠯ ᠳᠠᠷᠢᠶᠠᠯᠠᠩ ᠤᠨ ᠲᠣᠮᠣ ᠡᠷᠦᠬᠡ᠂ | ᠶᠠᠳᠠᠭᠤ ᠬᠦᠴᠢᠷᠳᠡᠯᠲᠡᠶ ᠡᠷᠦᠬᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠣᠨᠴᠠ ᠲᠣᠮᠢᠯᠠᠭᠴᠢ᠂ ᠪᠠᠶᠠᠵᠢᠯ | ᠤᠨ ᠳᠠᠭᠠᠭᠤᠯᠤᠭᠴᠢ᠂ ᠨᠤᠲᠤᠭ ᠤᠨ ᠴᠢᠳᠠᠪᠤᠷᠢᠲᠠᠨ ᠵᠡᠷᠭᠡ 200 ᠮᠠᠯᠴᠢᠨ ᠲᠠᠷᠢᠶᠠᠴᠢᠨ ᠪᠤᠯᠪᠠᠰᠤᠷᠠᠯ ᠳᠤ | ᠣᠷᠣᠯᠴᠠᠪᠠ᠃ | ᠳᠣᠰ ᠣᠳᠠᠭᠠᠨ ᠤ ᠪᠣᠯᠪᠠᠰᠤᠷᠠᠯ ᠨᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠰᠢᠯᠢ | ᠶᠢᠨ ᠭᠤᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠭᠡᠷᠡᠭᠯᠡᠬᠡᠨ ᠤ ᠮᠡᠷᠭᠡᠵᠢᠯ ᠳᠡᠯᠭᠡᠷᠡᠭᠦᠯᠬᠦ ᠠᠵᠢᠯ ᠤᠨ | ᠥᠷᠲᠡᠭᠡ᠂ ᠣᠷᠳᠣᠰ ᠤᠨ ᠮᠠᠯ ᠠᠵᠤ ᠠᠬᠤᠢ ᠶᠢᠨ ᠠᠵᠢᠯ ᠤᠨ ᠥᠷᠲᠡᠭᠡ ᠵᠡᠷᠭᠡ ᠪᠠᠶᠢᠭᠤᠯᠭ᠎ᠠ ᠨᠢᠭᠡᠴᠢ ᠶᠢᠨ | ᠳᠣᠰᠬᠠᠢ ᠮᠡᠷᠬᠡᠵᠢᠯᠳᠡᠨ ᠢ ᠤᠷᠢᠵᠤ ᠡᠪᠡᠰᠦ ᠪᠣᠷᠳᠤᠭ᠎ᠠ ᠲᠠᠷᠢᠬᠤ᠂ ᠡᠳ᠋ᠰᠢᠭᠦᠯᠬᠦ ᠮᠡᠷᠭᠡᠵᠢᠯ᠂ ᠮᠠᠰᠢᠨ ᠢᠶᠠᠷ ᠨᠣᠤᠰᠣ | ᠬᠠᠶᠢᠴᠢᠯᠠᠬᠤ᠂ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠵᠡᠷᠭᠡ ᠲᠠᠯ᠎ᠠ ᠪᠠᠷ ᠲᠠᠶᠢᠯᠤᠮᠵᠢ ᠬᠢᠭᠰᠡᠨ ᠤ ᠬᠠᠮᠳᠤ | ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠣᠷᠠᠯ ᠤᠨ ᠶᠠᠪᠤᠴᠠ ᠳᠤ ᠲᠣᠬᠢᠶᠠᠯᠳᠤᠭᠰᠠᠨ ᠡᠯ᠎ᠡ ᠵᠦᠶᠯ ᠤᠨ | ᠮᠡᠷᠭᠡᠵᠢᠯ ᠤᠨ ᠬᠦᠴᠢᠷ ᠠᠰᠠᠭᠤᠳᠠᠯ ᠳᠤ ᠲᠤᠬᠠᠶ ᠶᠢᠨ ᠲᠠᠯᠠᠪᠠᠢ ᠳᠤ ᠨᠢ ᠬᠦᠨᠵᠡᠬᠡᠢ ᠳᠠᠶᠢᠯᠣᠮᠵᠢ ᠬᠢᠪᠠ᠃ | ᠲᠣᠰ ᠤᠳᠠᠭᠠᠨ ᠤ ᠪᠣᠯᠪᠠᠰᠤᠷᠠᠯ ᠨᠢ ᠮᠣᠩᠭᠤᠯ ᠬᠡᠯᠡ ᠪᠠᠷ ᠭᠢᠴᠢᠶᠠᠯᠯᠠᠵᠤ 5 ᠡᠳᠦᠷ ᠤᠨ ᠬᠤᠭᠤᠴᠠᠭ᠎ᠠ ᠲᠠᠢ | ᠶᠠᠪᠤᠭᠳᠠᠨ ᠪᠣᠯᠪᠠᠰᠤᠷᠠᠯ ᠢᠶᠠᠷ ᠥᠷᠭᠡᠨ ᠣᠯᠠᠨ ᠮᠠᠯᠴᠢᠨ ᠲᠠᠷᠢᠶᠠᠴᠢᠳ ᠢᠯᠠᠩᠭᠤᠶ᠎ᠠ ᠶᠠᠳᠠᠭᠤ ᠬᠦᠴᠢᠷᠳᠡᠯᠲᠡᠶ ᠭᠡᠷ | ᠪᠦᠯᠢ ᠪᠣᠯᠤᠨ ᠲᠤᠤᠷ᠎ᠠ ᠣᠷᠣᠯᠭ᠎ᠠ ᠲᠠᠢ ᠡᠷᠦᠬᠡ ᠶᠢᠨ ᠣᠶᠢᠯᠡᠳᠪᠣᠷᠢᠯᠡᠯ ᠠᠮᠢᠳᠣᠷᠠᠯ ᠢᠶᠠᠨ ᠬᠦᠭᠵᠢᠬᠦᠯᠬᠦ ᠲᠠᠨᠢᠯᠲᠠ | ᠶᠢᠨ ᠬᠢᠷᠢ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠭᠰᠠᠨ ᠪᠠᠶᠢᠨ᠎ᠠ᠃ | |