ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠴᠤᠤᠳᠠᠢ ᠭᠠᠴᠠᠭᠠᠨ ᠳᠤ ᠬᠦᠷᠴᠤ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2019-07-09
     ᠳᠦᠷᠦᠬᠦᠭᠡᠨ᠂ ᠨᠠᠮ ᠪᠠᠶᠢᠭᠤᠯᠤᠬᠳᠠᠬᠰᠠᠨ 98 ᠵᠢᠯ ᠤᠨ ᠤᠢ ᠶᠢ ᠪᠡᠯᠭᠡᠯᠡᠬᠦ ᠳᠠᠰᠢᠷᠠᠮ ᠢᠶᠠᠷ᠂ ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠢᠨ ᠶᠠᠳᠠᠭᠤ ᠶᠢ ᠳᠡᠳᠬᠦᠬᠦ ᠬᠠᠷᠢᠯᠴᠠᠬᠤ ᠴᠡᠭ ᠪᠤᠯᠬᠤ ᠰᠦᠯᠳᠡ ᠰᠤᠮᠤᠨ ᠤ ᠴᠤᠤᠳᠠᠢ ᠭᠠᠴᠠᠭᠠᠨ ᠳᠤ ᠬᠦᠷᠴᠤ᠂ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠴᠢᠩᠭᠠᠳᠬᠠᠬᠤ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠢ ᠦᠷᠨᠢᠭᠦᠯᠬᠦ᠂ ᠬᠦᠳᠡᠭᠡ ᠳᠤᠰᠬᠤᠨ ᠢ ᠬᠦᠭᠵᠢᠬᠦᠯᠬᠦ ᠵᠡᠷᠭᠡ ᠭᠤᠤᠯᠳᠠᠯᠭᠠᠳᠤ ᠠᠵᠢᠯ ᠤᠨ ᠳᠤᠭᠤᠷᠢᠨ ᠳᠤ ᠰᠠᠭᠤᠳᠠᠯ ᠤᠨ ᠬᠤᠷᠠᠯ ᠬᠢᠵᠤ᠂ ᠭᠠᠴᠠᠭᠠᠨ ᠤ ᠨᠠᠮ ᠤᠨ ᠡᠬᠦᠷ ᠭᠠᠴᠠᠭ᠎ᠠ ᠵᠦᠪᠯᠡᠯ ᠤᠨ ᠪᠦᠷᠢᠯᠳᠦᠬᠦᠨ ᠂ ᠨᠠᠮ ᠤᠨ ᠭᠡᠰᠢᠬᠦᠨ ᠲᠠᠢ ᠨᠢᠭᠤᠷᠳᠠᠨ ᠶᠠᠷᠢᠯᠴᠠᠵᠤ᠂ ᠳᠡᠳᠡᠨ ᠳᠤ ᠨᠠᠮ ᠤᠨ ᠬᠠᠶᠢᠷ᠎ᠠ ᠬᠠᠯᠠᠮᠵᠢᠯᠠᠯ ᠢ ᠳᠠᠮᠵᠢᠭᠤᠯᠤᠨ᠂ ᠨᠠᠮ ᠤᠨ ᠡᠳᠦᠷᠯᠢᠭ ᠤᠨ ᠠᠵᠢᠯᠯᠠᠭ᠎ᠠ ᠪᠠᠨ ᠤᠳᠬ᠎ᠠ ᠠᠭᠤᠯᠭ᠎ᠠ ᠲᠠᠢ ᠳᠡᠮᠳᠡᠭᠯᠡᠭᠰᠡᠨ ᠪᠠᠶᠢᠨ᠎ᠠ᠃            ᠳᠤᠰ ᠡᠳᠦᠷᠯᠢᠭ ᠤᠨ ᠠᠵᠢᠯᠯᠯᠠᠭ᠎ᠠ ᠳᠤ ᠭᠠᠴᠠᠭᠠᠨ ᠤ ᠬᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ᠂ ᠬᠠᠮᠳᠤ ᠶᠢᠨ ᠠᠵᠤ ᠠᠬᠤᠢ ᠶᠢᠨ ᠤᠷᠤᠯᠭ᠎ᠠ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠳᠠᠶᠢᠯᠠᠯᠳᠤᠭᠠᠨ᠂ ᠬᠦᠳᠡᠭᠡ ᠳᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠤ ᠪᠠᠶᠢᠭ᠎ᠠ ᠪᠠᠶᠢᠳᠠᠯ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠤᠨ ᠪᠠᠶᠢᠳᠠᠯ ᠵᠡᠷᠭᠡ ᠳᠠᠯ᠎ᠠ ᠪᠠᠷ ᠬᠠᠷᠢᠭᠤ ᠮᠡᠳᠡᠬᠦᠯᠦᠯᠳᠡ ᠬᠢᠵᠡᠢ᠃ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢᠨ ᠳᠠᠯ᠎ᠠ ᠪᠠᠷ᠂ ᠭᠠᠴᠠᠭᠠᠨ ᠤ ᠨᠠᠮ ᠤᠨ ᠭᠡᠰᠢᠬᠦᠳ ᠳᠤᠰ ᠪᠡᠶ᠎ᠠ ᠶᠢᠨ ᠭᠡᠪ ᠪᠤᠯᠪᠠᠰᠤᠷᠠᠯ ᠢ ᠳᠡᠭᠡᠭᠰᠢᠯᠡᠬᠦᠯᠬᠦ ᠠᠴᠠ ᠭᠠᠷᠳᠠᠨ᠂ ᠨᠠᠮ ᠤᠨ ᠡᠬᠦᠷ ᠤᠨ ᠳᠠᠶᠢᠴᠢᠨ ᠪᠠᠬᠢᠯᠡᠯᠳᠡ ᠶᠢᠨ ᠤᠢᠢᠯᠡᠳᠤᠯ ᠪᠠ ᠨᠠᠮ ᠤᠨ ᠭᠡᠰᠢᠬᠦᠨ ᠤ ᠬᠤᠰᠢᠭᠤᠴᠢ ᠵᠢᠱᠢᠶᠡᠴᠢ ᠤᠢᠢᠯᠡᠳᠤᠯ ᠢ ᠬᠦᠢᠴᠡᠳ ᠪᠠᠳᠠᠷᠠᠭᠤᠯᠵᠤ᠂ ᠠᠵᠤ ᠤᠢᠢᠯᠡᠰ ᠢᠶᠠᠷ ᠶᠠᠳᠠᠭᠤ ᠶᠢ ᠳᠡᠳᠬᠦᠬᠦ ᠳᠠᠯ᠎ᠠ ᠪᠠᠷ ᠦᠷᠬᠦᠯᠵᠢᠯᠡᠨ ᠬᠦᠴᠤᠯᠡᠵᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢ ᠳᠠᠰᠤᠷᠠᠯᠳᠠ ᠦᠭᠡᠢ ᠪᠤᠵᠠᠭᠠᠢᠢᠷᠠᠭᠤᠯᠤᠨ᠂ ᠮᠠᠯᠴᠢᠳ ᠤᠨ ᠤᠷᠤᠯᠭ᠎ᠠ ᠶᠢ ᠦᠨᠡᠨ ᠬᠦ ᠨᠡᠮᠡᠭᠳᠡᠬᠦᠯᠬᠦ ᠭᠡᠷᠡᠭᠳᠡᠢ︔ ᠭᠠᠴᠠᠭᠠᠨ ᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠶᠡᠷᠦᠩᠭᠡᠢ ᠳᠦᠯᠦᠪᠵᠢᠬᠦᠯᠭᠡ ᠶᠢ ᠰᠠᠶᠢᠳᠤᠷ ᠬᠢᠵᠤ᠂ ᠤᠷᠭᠤᠮᠠᠯ ᠤᠨ ᠪᠦᠷᠬᠦᠴᠡ ᠶᠢ ᠰᠡᠷᠬᠦᠭᠡᠨ᠂ ᠤᠰᠤ ᠪᠠᠷ ᠴᠡᠪᠡᠷᠯᠡᠬᠦ ᠵᠤᠷᠯᠤᠩ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠤ᠂ ᠤᠷᠤᠰᠢᠨ ᠠᠮᠢᠳᠤᠷᠠᠬᠤ ᠳᠤ ᠳᠠᠭᠠᠯᠠᠮᠵᠢᠳᠠᠢ ᠤᠷᠴᠢᠨ ᠳᠤᠭᠤᠷᠢᠨ ᠢ ᠪᠦᠷᠢᠯᠳᠦᠬᠦᠯᠬᠦ ᠭᠡᠷᠡᠭᠳᠡᠢ︔ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠢ ᠢᠳᠡᠪᠬᠢᠳᠡᠢ ᠦᠷᠨᠢᠬᠦᠯᠵᠤ᠂ ᠦᠵᠡᠯᠳᠡ ᠳᠠᠨᠢᠯᠳᠠ ᠪᠠᠨ ᠳᠡᠭᠡᠭᠰᠢᠯᠡᠬᠦᠯᠤᠨ᠂ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ ᠤᠬᠠᠭᠤᠯᠭ᠎ᠠ ᠶᠢᠨ ᠬᠦᠴᠤᠯᠡᠴᠡ ᠪᠠᠨ ᠨᠡᠮᠡᠭᠳᠡᠬᠦᠯᠤᠨ ᠠᠶᠢᠯ ᠡᠷᠤᠭᠡ ᠪᠤᠯᠭᠠᠨ ᠳᠤ ᠮᠡᠳᠡᠬᠦᠯᠵᠤ᠂ ᠤᠯᠠᠨ ᠳᠦᠮᠡᠨ ᠤ ᠦᠷᠭᠡᠨ ᠢᠶᠠᠷ ᠤᠷᠤᠯᠴᠠᠵᠤ ᠢᠯᠡᠴᠢᠯᠡᠨ ᠮᠡᠳᠡᠬᠦᠯᠬᠦ ᠶᠢ ᠳᠠᠶᠢᠴᠢᠯᠠᠬᠤ ᠭᠡᠷᠡᠭᠳᠡᠢ︔ ᠬᠦᠳᠡᠭᠡ ᠳᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠳᠠᠯ᠎ᠠ ᠪᠠᠷ᠂ ︽ᠨᠠᠮ ᠤᠨ ᠡᠬᠦᠷ + ᠳᠤᠰᠬᠠᠢ ᠬᠤᠷᠰᠢᠶᠠᠵᠢᠯ + ᠮᠠᠯᠴᠢᠨ ᠡᠷᠤᠭᠡ︾  ᠶᠢᠨ ᠭᠡᠪᠴᠢᠶᠡᠵᠢᠭᠰᠡᠨ ᠳᠡᠵᠢᠭᠡᠪᠤᠷᠢ ᠶᠢᠨ ᠵᠠᠬᠪᠤᠷ ᠢ ᠳᠡᠯᠭᠡᠷᠡᠬᠦᠯᠤᠨ᠂ ᠠᠵᠤ ᠤᠢᠢᠯᠡᠰ ᠤᠨ ᠪᠦᠳᠤᠴᠡ ᠶᠢ ᠳᠤᠬᠢᠷᠠᠭᠤᠯᠵᠤ᠂ ᠰᠢᠯᠢᠳᠡᠭ ᠴᠢᠨᠠᠷ ᠤᠨ ᠡᠪᠡᠰᠤ ᠳᠠᠷᠢᠬᠤ᠂ ᠪᠤᠷᠳᠤᠵᠤ ᠳᠠᠷᠭᠤᠯᠠᠭᠤᠯᠬᠤ ᠠᠵᠤ ᠤᠢᠢᠯᠡᠰ ᠢ ᠬᠦᠭᠵᠢᠬᠦᠯᠬᠦ ᠶᠢ ᠤᠶᠠᠯᠳᠤᠭᠤᠯᠤᠬᠰᠠᠨ ᠠᠵᠤ ᠤᠢᠢᠯᠡᠰ ᠤᠨ ᠭᠡᠯᠪᠡᠷᠢ ᠶᠢ ᠳᠡᠯᠭᠡᠷᠡᠬᠦᠯᠬᠦ ᠭᠡᠷᠡᠭᠳᠡᠢ ᠭᠡᠵᠤ ᠰᠠᠨᠠᠯ ᠰᠠᠨᠠᠭᠤᠯᠭ᠎ᠠ ᠪᠠᠨ ᠳᠤᠷᠠᠳᠴᠤ᠂ ᠴᠢᠬᠤᠯᠠᠴᠢᠯᠠᠨ ᠱᠠᠭᠠᠷᠳᠠᠬᠰᠠᠨ ᠪᠠᠶᠢᠨ᠎ᠠ᠃            ᠰᠠᠭᠤᠳᠠᠯ ᠤᠨ ᠬᠤᠷᠠᠯ ᠤᠨ ᠳᠠᠷᠠᠭ᠎ᠠ᠂ ᠪᠠᠰᠠ ᠴᠤᠤᠳᠠᠢ ᠭᠠᠴᠠᠭᠠᠨ ᠤ ᠪᠤᠷᠤ ᠬᠤᠰᠢᠶᠠᠩᠭᠤᠷ᠂ ᠪᠤᠬᠢᠷᠳᠤᠯ ᠦᠭᠡᠢ ᠳᠦᠮᠤᠰᠤᠨ ᠤ ᠰᠠᠭᠤᠷᠢᠨ ᠭᠠᠵᠠᠷ ᠪᠠ ᠦᠭᠡᠷ ᠳᠡᠵᠢᠭᠡᠬᠦ ᠰᠠᠭᠤᠷᠢᠨ ᠭᠠᠵᠠᠷ ᠲᠤ ᠬᠦᠷᠴᠤ ᠳᠤᠭᠤᠷᠢᠨ ᠦᠵᠡᠪᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号