ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠲᠠᠪᠰᠢᠨ ᠤᠷᠤᠬᠤ ᠪᠤᠯ ᠬᠡᠦᠬᠡᠳ ᠤᠨ ᠦᠰᠦᠨ ᠪᠤᠶᠢᠵᠢᠯᠳᠠ ᠳᠠᠬᠢ | ᠵᠠᠩᠭᠢᠯᠠᠭ᠎ᠠ ᠶᠢᠨ ᠱᠠᠳᠤ ᠦᠶ ᠡ ᠪᠤᠯᠬᠤ ᠶᠤᠮ᠃ ᠬᠡᠦᠬᠡᠳ ᠲᠤ ᠠᠪᠴᠤ ᠬᠡᠯᠡᠪᠡᠯ ᠰᠤᠷᠤᠯᠭ᠎ᠠ ᠶᠢᠨ ᠤᠷᠴᠢᠨ | ᠲᠤᠭᠤᠷᠢᠨ ᠳᠤ ᠬᠤᠪᠢᠷᠠᠯᠳᠠ ᠡᠬᠦᠰᠦᠭᠰᠡᠨ ᠢᠶᠠᠷ ᠦᠯᠦ ᠪᠠᠷᠠᠮ ᠠᠮᠢᠳᠤᠷᠠᠯ ᠤᠨ ᠲᠠᠳᠬᠠᠯ᠂ ᠰᠤᠷᠤᠯᠭ᠎ᠠ ᠶᠢᠨ ᠠᠷᠭ᠎ᠠ | ᠠᠪᠴᠠᠯ ᠳᠤ ᠴᠤ ᠬᠤᠪᠢᠷᠠᠯᠳᠠ ᠭᠠᠷᠬᠤ ᠶᠤᠮ᠃ ᠬᠡᠦᠬᠡᠳ ᠢ ᠪᠠᠭ᠎ᠠ ᠰᠤᠷᠭᠠᠭᠤᠯᠢ ᠶᠢᠨ ᠬᠠᠮᠳᠤ ᠶᠢᠨ ᠠᠮᠢᠳᠤᠷᠠᠯ | ᠰᠤᠷᠤᠯᠴᠠᠯᠭ᠎ᠠ ᠳᠤ ᠠᠩᠬ᠎ᠠ ᠠᠯᠬᠤᠮ ᠤᠨ ᠲᠠᠨᠢᠯᠳᠠ ᠲᠠᠢ ᠪᠤᠯᠭᠠᠨ᠂ ᠪᠡᠶ ᠡ ᠰᠡᠳᠬᠢᠴᠡ ᠶᠢᠨ ᠵᠤᠬᠢᠴᠠᠩᠭᠤᠢ | ᠬᠦᠭᠵᠢᠯᠳᠡ ᠶᠢ ᠠᠬᠢᠭᠤᠯᠬᠤ ᠶᠢᠨ ᠲᠤᠰᠠᠳᠠ ᠦᠦᠰᠢᠨ ᠬᠤᠰᠢᠭᠤᠨ ᠤ ᠮᠤᠩᠭᠤᠯ ᠦᠨᠳᠦᠰᠦᠲᠡᠨ ᠤ ᠬᠡᠦᠬᠡᠳ ᠤᠨ | ᠴᠡᠴᠡᠷᠯᠢᠭ ᠤᠨ ᠲᠡᠬᠦᠰᠬᠦ ᠠᠩᠭᠢ ᠨᠢ ᠤᠢᠢᠷ᠎ᠠ ᠶᠢᠨ ᠡᠳᠦᠷ ︽ᠴᠡᠴᠡᠷᠯᠢᠭ ᠲᠠᠬᠢ ᠬᠠᠮᠤᠬ ᠰᠡᠬᠦᠯᠴᠢ ᠶᠢᠨ ᠬᠢᠴᠢᠶᠠᠯ︾ | ᠬᠡᠬᠦ ᠰᠢᠷᠢᠰ ᠠᠵᠢᠯᠯᠠᠭ᠎ᠠ ᠶᠢ ᠦᠷᠨᠢᠬᠦᠯᠦᠭᠰᠡᠨ ᠶᠤᠮ᠃ ᠠᠵᠢᠯᠯᠠᠭ᠎ᠠ ᠶᠢ ᠨᠢᠬᠡ ᠡᠳᠦᠷ ᠤᠨ ᠬᠤᠭᠤᠴᠠᠭ᠎ᠠ ᠲᠠᠢ | ᠦᠷᠨᠢᠬᠦᠯᠵᠦ᠂ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠷᠭ᠎ᠠ ᠬᠡᠯᠪᠡᠷᠢ ᠪᠠᠷ ᠬᠢᠴᠢᠶᠠᠯ ᠤᠨ | ᠲᠤᠬᠢᠷᠠᠭᠤᠯᠭ᠎ᠠ ᠪᠠᠨ ᠪᠤᠯᠭᠠᠵᠤ᠂ ᠰᠤᠷᠤᠭᠴᠢ ᠶᠢᠨ ᠪᠠᠷᠢᠮᠵᠢᠶ᠎ᠠ ᠪᠠᠷ ᠪᠡᠶ᠎ᠡ ᠪᠠᠨ ᠴᠢᠩᠭ᠎ᠠ ᠱᠠᠭᠠᠷᠳᠠᠨ ᠪᠢᠴᠢᠭ ᠤᠨ | ᠪᠤᠭᠴᠤ ᠪᠠᠨ ᠲᠢᠭᠯᠡᠬᠦ᠂ ᠵᠦᠪ ᠰᠠᠭᠤᠬᠤ᠂ ᠬᠠᠷᠠᠨᠳᠠ ᠵᠦᠪ ᠰᠠᠶᠢᠬᠠᠨ ᠪᠠᠷᠢᠬᠤ᠂ ᠪᠢᠴᠢᠭ ᠤᠨ ᠬᠡᠷᠡᠭᠰᠡᠯ ᠢᠶᠠᠨ | ᠬᠠᠶᠢᠷᠠᠯᠠᠨ ᠬᠠᠮᠠᠭᠠᠯᠠᠬᠤ᠂ ᠺᠢᠨᠣ᠋ ᠦᠵᠡᠬᠦ᠂ ᠴᠡᠴᠡᠷᠯᠢᠭ ᠲᠡᠭᠡᠨ ᠬᠤᠨᠤᠬᠤ ᠵᠡᠷᠬᠡ ᠪᠠᠷ ᠲᠠᠮᠵᠢᠨ ᠪᠠᠭ᠎ᠠ | ᠰᠤᠷᠭᠠᠭᠤᠯᠢ ᠳᠤ ᠤᠷᠤᠬᠤ ᠠᠩᠬᠠᠨ ᠤ ᠰᠠᠭᠤᠷᠢ ᠶᠢ ᠲᠠᠯᠪᠢᠵᠠᠢ᠃ | ︽ᠴᠡᠴᠡᠷᠯᠢᠭ ᠲᠠᠬᠢ ᠬᠠᠮᠤᠭ ᠰᠡᠬᠦᠯᠴᠢ ᠶᠢᠨ ᠬᠢᠴᠢᠶᠡᠯ︾ ᠬᠡᠬᠦ ᠰᠢᠷᠢᠰ ᠠᠵᠢᠯᠯᠠᠭ᠎ᠠ ᠪᠠᠷ ᠲᠠᠮᠵᠢᠨ | ᠪᠠᠭᠰᠢ ᠲᠠᠢ ᠪᠠᠨ ᠬᠠᠮᠳᠤ ᠪᠠᠶᠢᠬᠤ ᠪᠠᠶᠠᠷ ᠴᠡᠩᠭᠡᠯ ᠢ ᠤᠯᠭᠤᠨ᠂ ᠬᠡᠦᠬᠡᠳ ᠤᠨ ᠪᠡᠶ᠎ᠡ ᠪᠠᠨ ᠲᠠᠭᠠᠭᠠᠬᠤ ᠴᠢᠳᠠᠪᠤᠷᠢ ᠶᠢ | ᠲᠡᠭᠡᠭᠰᠢᠯᠡᠬᠦᠯᠦᠭᠰᠡᠨ ᠢᠶᠠᠷ ᠦᠯᠦ ᠪᠠᠷᠠᠮ ᠦᠪᠡᠷ ᠤᠨ ᠪᠡᠶ ᠡ ᠳᠡᠭᠡᠨ ᠢᠳᠡᠬᠡᠯ ᠲᠠᠢ ᠪᠤᠯᠬᠤ᠂ ᠬᠠᠮᠳᠤ ᠶᠢᠨ | ᠠᠮᠢᠳᠤᠷᠠᠯ ᠳᠤ ᠬᠠᠷᠢᠯᠴᠠᠨ ᠬᠠᠷᠠᠭᠠᠯᠵᠠᠬᠤ ᠢ ᠡ ᠲᠤᠲᠤᠨᠤᠰᠤᠭ ᠬᠠᠶᠢᠷ ᠠ ᠰᠡᠳᠬᠢᠯᠬᠡ ᠶᠢ ᠪᠤᠢ ᠪᠤᠯᠭᠠᠨ᠂ | ᠬᠡᠦᠬᠡᠳ ᠤᠳ ᠲᠤ ᠮᠠᠷᠳᠠᠭᠳᠠᠰᠢ ᠦᠬᠡᠢ ᠲᠤᠷᠠᠳᠬᠠᠯ ᠦᠭᠪᠡ᠃ ᠮᠦᠨ ᠴᠤ ᠬᠡᠦᠬᠡᠳ ᠤᠳ ᠢ ᠪᠠᠭ᠎ᠠ | ᠰᠤᠷᠭᠠᠭᠤᠯᠢ ᠶᠢᠨ ᠠᠮᠢᠳᠤᠷᠠᠯ ᠰᠤᠷᠤᠯᠴᠠᠯᠭ᠎ᠠ ᠳᠤ ᠤᠯᠠᠮ ᠨᠢᠬᠡ ᠠᠯᠬᠤᠮ ᠤᠨ ᠬᠦᠨᠵᠡᠬᠡᠢ ᠰᠡᠷᠡᠯᠳᠡ ᠲᠠᠢ ᠪᠤᠯᠭᠠᠭᠰᠠᠨ | ᠪᠠ ᠪᠠᠭ᠎ᠠ ᠰᠤᠷᠭᠠᠭᠤᠯᠢ ᠶᠢᠨ ᠠᠮᠢᠳᠤᠷᠠᠯ ᠳᠤ ᠨᠡᠩ ᠶᠡᠭᠡ ᠬᠦᠰᠡᠯ ᠡᠷᠡᠮᠡᠯᠵᠡᠯ ᠲᠠᠢ ᠪᠤᠯᠭᠠᠵᠠᠢ᠃ |