ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠲᠣᠭᠤᠷᠢᠨ ᠰᠤᠷᠤᠯᠴᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠣᠯᠲᠠ ᠶᠢᠨ ᠠᠵᠢᠯ ᠳᠤ ᠰᠢᠨᠵᠢᠯᠡᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2019-07-09
     7 ᠰᠠᠷ᠎ᠠ ᠶᠢᠨ 5 ᠤ ᠡᠳᠦᠷ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ ᠵᠡᠷᠭᠡ 23 ᠬᠥᠮᠦᠨ ᠢᠶᠠᠷ ᠪᠦᠷᠢᠯᠳᠦᠭᠰᠡᠨ ᠲᠣᠭᠤᠷᠢᠨ ᠰᠤᠷᠤᠯᠴᠠᠬᠤ ᠪᠦᠯᠬᠦᠮ ᠤᠨ ᠬᠢᠨ ᠮᠠᠨ ᠤ ᠬᠤᠰᠢᠭᠤᠨ ᠳᠤ ᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠣᠯᠲᠠ ᠶᠢᠨ ᠠᠵᠢᠯ ᠳᠤ ᠰᠢᠨᠵᠢᠯᠡᠨ ᠪᠠᠶᠢᠴᠠᠭᠠᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ᠂ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷᠠᠳᠠᠨ ᠰᠢᠨᠵᠢᠯᠡᠨ ᠪᠠᠶᠢᠴᠠᠭᠠᠪᠠ᠃      ᠲᠣᠭᠤᠷᠢᠨ ᠰᠤᠷᠤᠯᠴᠠᠬᠤ ᠪᠦᠯᠬᠦᠮ ᠤᠨ ᠬᠢᠨ ᠤᠷᠢᠳ ᠬᠤᠵᠢᠳ ᠬᠤᠰᠢᠭᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ᠂ ᠰᠣᠶᠣᠯ ᠤᠨ ᠪᠦᠲᠦᠭᠡᠯᠳᠡ ᠠᠵᠤ ᠦᠢᠯᠡᠰ ᠤᠨ ᠬᠦᠷᠢᠶᠡᠯᠡᠩ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠭᠦᠯᠭᠡ ᠶᠢᠨ ᠲᠢᠩᠬᠢᠮ᠂ ᠨᠠᠨᠳᠢᠨ ᠨᠡᠶᠢᠭᠡᠮ ᠲᠣᠭᠤᠷᠢᠭ᠂ ᠲᠣᠭᠤᠷᠢᠮ ᠭᠠᠴᠠᠭ᠎ᠠ ᠵᠡᠷᠭᠡ ᠭᠠᠵᠠᠷ ᠢᠶᠠᠷ ᠭᠦᠷᠴᠤ ᠲᠤᠬᠠᠢ ᠶᠢᠨ ᠭᠠᠵᠠᠷ  ᠲᠤᠨᠢ ᠪᠠᠶᠢᠴᠠᠭᠠᠯᠲᠠ ᠬᠢᠬᠦ᠂ ᠮᠠᠲ᠋ᠧᠷᠢᠶᠠᠯ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠹᠢᠯᠢᠮ ᠦᠵᠡᠬᠦ ᠵᠡᠷᠭᠡ ᠬᠡᠯᠪᠡᠷᠢ ᠪᠠᠷ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠢ ᠨᠠᠷᠢᠨ ᠣᠶᠢᠯᠠᠭᠠᠪᠠ᠃      ᠲᠣᠭᠤᠷᠢᠨ ᠰᠤᠷᠤᠯᠴᠠᠬᠤ ᠪᠦᠯᠬᠦᠮ ᠤᠨ ᠬᠢᠨ ᠡᠯ᠎ᠡ ᠲᠣᠭᠤᠷᠢᠨ ᠦᠵᠡᠬᠦ ᠴᠡᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠣᠯᠲᠠ ᠶᠢᠨ ᠠᠵᠢᠯ ᠢ ᠲᠣᠭᠤᠷᠢᠨ ᠦᠵᠡᠭᠰᠡᠨ ᠤ ᠳᠠᠷᠠᠭ᠎ᠠ ᠮᠠᠨ ᠤ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠪᠠ ᠣᠶᠤᠨ ᠰᠠᠨᠠᠭᠠᠨ  ᠤ ᠭᠡᠪ ᠪᠠᠶᠢᠳᠠᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠣᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠶ ᠣᠶᠢᠯᠠᠭᠠᠨ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠣᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠰᠡᠳᠬᠢᠴᠡ ᠲᠣᠳᠣᠷᠬᠠᠢ᠂ ᠪᠠᠶᠢᠷᠢ ᠲᠣᠭᠲᠠᠭᠠᠯᠲᠠ ᠰᠢᠨᠵᠢᠯᠡᠬᠦ ᠤᠬᠠᠭᠠᠨᠴᠢ᠂ ᠬᠠᠷᠠᠯᠲᠠ ᠲᠣᠳᠣ᠂ ᠠᠷᠭ᠎ᠠ ᠬᠡᠮᠵᠢᠶ᠎ᠡ ᠬᠦᠴᠦᠲᠡᠶ᠂ ᠦᠷ᠎ᠡ ᠪᠦᠲᠦᠮᠵᠢ ᠢᠯᠡᠷᠬᠡᠶ ᠪᠠᠶᠢᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠣᠯᠲᠠ ᠶᠢᠨ ᠠᠵᠢᠯ ᠤᠨ ᠳᠤᠮᠳᠠ ᠣᠯᠤᠭᠰᠠᠨ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠪᠠ᠃      ᠲᠣᠭᠤᠷᠢᠨ ᠰᠤᠷᠤᠯᠴᠠᠬᠤ ᠪᠦᠯᠬᠦᠮ ᠤᠨ ᠬᠢᠨ ᠢᠯᠡᠷᠬᠡᠶᠢᠯᠡᠬᠦ ᠳᠡᠭᠡᠨ᠂ ᠦᠦᠰᠢᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠣᠯᠲᠠ ᠶᠢᠨ ᠠᠵᠢᠯ ᠳᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ ᠰᠣᠶᠣᠯ᠂ ᠬᠥᠭᠵᠢᠯᠲᠡ᠂ ᠪᠣᠳᠠᠲᠤ ᠴᠣᠭᠴᠠᠵᠢᠯᠲᠠ᠂ ᠣᠨᠴᠠᠯᠢᠭ᠂ ᠦᠷ᠎ᠡ ᠪᠦᠲᠦᠮᠵᠢ ᠪᠠᠷ ᠲᠣᠪᠣᠶᠢᠮ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠤᠨ ᠠᠭᠤᠷ ᠠᠮᠢᠰᠬᠤᠯ ᠭᠦᠨ ᠵᠤᠵᠠᠭᠠᠨ ᠪᠠᠶᠢᠵᠤ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠣᠯᠲᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ︾ ᠶᠢᠨ ᠢᠷᠠᠭᠤ ᠠᠯᠳᠠᠷ ᠢ ᠬᠦᠷᠲᠡᠭᠰᠡᠨ ᠢᠶᠠᠷ ᠪᠠᠷᠠᠬᠤ ᠦᠭᠡᠢ ᠡᠭᠦᠳᠦᠨ ᠪᠠᠶᠢᠭᠤᠯᠬᠤ ᠠᠵᠢᠯᠯᠠᠭ᠎ᠠ ᠶᠢ ᠠᠰᠢᠭᠯᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠦᠨᠳᠦᠰᠦᠲᠡᠨ ᠤ ᠣᠷᠣᠨ ᠤ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠡᠷᠢᠯᠬᠢᠯᠡᠨ ᠦᠨᠳᠦᠰᠦᠲᠡᠨ ᠤ ᠣᠷᠣᠨ ᠤ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠭᠰᠡᠨ ᠠᠷᠭ᠎ᠠ ᠪᠠᠷᠢᠯ᠂ ᠲᠤᠷᠰᠢᠯᠭ᠎ᠠ ᠶᠢ ᠰᠤᠷᠤᠯᠴᠠᠭᠤᠰᠢᠲᠠᠢ ᠶᠤᠮ᠃ ᠬᠤᠶᠢᠰᠢᠳᠠ ᠶᠢᠨ ᠠᠵᠢᠯ ᠤᠨ ᠳᠤᠮᠳᠠ ᠰᠣᠯᠢᠯᠴᠠᠭ᠎ᠠ ᠰᠤᠷᠤᠯᠴᠠᠯᠭ᠎ᠠ  ᠪᠠᠨ ᠤᠯᠠᠮ ᠨᠢᠭᠡ ᠠᠯᠬᠤᠮ ᠴᠢᠩᠭᠠᠳᠬᠠᠵᠤ ᠰᠠᠶᠢᠨ ᠲᠠᠢ ᠲᠠᠯ᠎ᠠ ᠶᠢ ᠨᠢ ᠰᠣᠷᠣᠯᠴᠠᠨ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠨ ᠬᠠᠷᠢᠯᠴᠠᠨ ᠠᠬᠢᠭᠤᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠡᠷᠡᠭᠦᠯ ᠪᠥᠭᠡᠳ ᠡᠶ᠎ᠡ ᠵᠣᠬᠢᠴᠠᠯ ᠲᠠᠢ ᠬᠥᠭᠵᠢᠯᠲᠡ ᠶᠢ ᠬᠠᠮᠲᠤ ᠪᠠᠷ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠲᠣᠭᠤᠷᠢᠨ ᠰᠤᠷᠤᠯᠴᠠᠬᠤ ᠪᠦᠯᠬᠦᠮ ᠤᠨ ᠬᠢᠨ ᠪᠠᠰᠠ ᠬᠤᠰᠢᠭᠤ ᠰᠣᠶᠣᠯ ᠤᠨ ᠣᠷᠳᠣᠨ ᠤ ᠰᠣᠶᠣᠯ ᠲᠠᠮᠢᠷ ᠤᠨ ᠣᠨᠴᠠ ᠲᠣᠮᠢᠯᠠᠭᠴᠢ ᠶᠢᠨ ᠵᠣᠬᠢᠶᠠᠨ ᠪᠦᠲᠦᠭᠡᠭᠰᠡᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号