ᠥᠪᠠᠷᠳᠡᠭᠡᠨ ᠵᠠᠰᠠᠬᠤ ᠤᠷᠤᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠳᠠ ᠶᠢ ᠲᠠᠭᠢᠨ ᠭᠢᠨᠠᠵᠤ ᠰᠢᠯᠭᠠᠨ ᠬᠤᠷᠢᠶᠠᠬᠤ ᠲᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠠᠵᠤ ᠰᠢᠯᠭᠠᠨ ᠬᠤᠷᠢᠶᠠᠯᠳᠠ ᠭᠢᠪᠡ
ᠨᠡᠶᠢᠲᠡᠯᠡᠭᠰᠡᠨ ᠴᠠᠭ᠄
2019-07-09
     7 ᠰᠠᠷ᠎ᠠ ᠶᠢᠨ 5 ᠤ ᠡᠳᠦᠷ᠂ ᠥᠪᠠᠷᠳᠡᠭᠡᠨ ᠵᠠᠰᠠᠬᠤ ᠤᠷᠤᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠳᠠ ᠶᠢ ᠲᠠᠭᠢᠨ ᠭᠢᠨᠠᠵᠤ ᠰᠢᠯᠭᠠᠨ ᠬᠤᠷᠢᠶᠠᠬᠤ ᠲᠤᠭᠤᠶᠢᠯᠠᠩ ᠤᠨ ᠬᠢᠨ ᠮᠠᠨ ᠤ ᠬᠤᠰᠢᠭᠤᠨ  ᠳᠤ ᠢᠷᠠᠵᠤ ᠰᠢᠯᠭᠠᠨ ᠬᠤᠷᠢᠶᠠᠯᠳᠠ ᠭᠢᠭᠰᠡᠨ ᠪᠠᠶᠢᠨ᠎ᠠ᠃ ᠲᠠᠭᠢᠨ ᠭᠢᠨᠠᠬᠤ ᠲᠤᠭᠤᠶᠢᠯᠠᠩ ᠤᠨ ᠬᠢᠨ ᠲᠠᠪᠤᠨ ᠲᠤᠭᠤᠶᠢᠯᠠᠩ ᠬᠤᠪᠢᠶᠠᠨ ᠮᠠᠨ ᠤ ᠬᠤᠰᠢᠭᠤᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠳᠠ ᠪᠠᠶᠢᠭᠤᠯᠣᠯᠳᠠ ᠶᠢᠨ ᠦᠷ᠎ᠡ ᠪᠦᠲᠦᠭᠡᠯ ᠢ ᠪᠠᠭᠢᠵᠢᠭᠦᠯᠤᠨ ᠲᠡᠭᠡᠭᠰᠢᠯᠡᠬᠦᠯᠬᠦ ᠠᠵᠢᠯ ᠤᠨ ᠪᠠᠶᠢᠳᠠᠯ ᠳᠤ ᠪᠠᠶᠢᠴᠠᠭᠠᠯᠳᠠ ᠭᠢᠭᠦ ᠶᠢᠨ ᠬᠠᠮᠳᠤ ᠥᠥᠰᠢᠨ ᠬᠤᠰᠢᠭᠤᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠳᠠ ᠶᠢ ᠲᠠᠭᠢᠨ ᠭᠢᠨᠠᠬᠤ ᠬᠠᠷᠢᠭᠤ ᠮᠡᠳᠡᠭᠦᠯᠥᠯᠳᠠ ᠶᠢᠨ ᠬᠤᠷᠠᠯ ᠬᠤᠷᠠᠯᠳᠤᠭᠤᠯᠪᠠ᠃
     ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ ᠵᠢᠴᠢ ᠵᠠᠰᠠᠭ ᠤᠨ ᠤᠷᠳᠤᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠥᠪᠯᠠᠯ᠂ ᠵᠠᠬ᠎ᠠ ᠲᠡᠯᠭᠡᠭᠦᠷ ᠤᠨ ᠲᠤᠪᠴᠢᠶ᠎ᠠ᠂ ᠨᠠᠶᠢᠳᠠ ᠶᠢᠨ ᠥᠢᠯᠡᠰ ᠤᠨ ᠬᠠᠮᠢᠶᠠᠷᠤᠯᠳᠠ ᠶᠢᠨ ᠲᠤᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠠᠯ ᠤᠨ ᠪᠥᠷᠢᠯᠳᠤᠭᠦᠨ  ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠪᠠᠷᠠᠳᠠᠨ ᠪᠠᠶᠢᠴᠠᠭᠠᠬᠤ ᠶᠢᠨ ᠬᠠᠮᠳᠤ ᠬᠠᠷᠢᠭᠤ ᠮᠡᠳᠡᠭᠦᠯᠥᠯᠳᠠ ᠶᠢᠨ ᠬᠤᠷᠠᠯ ᠳᠤ ᠤᠷᠤᠯᠴᠠᠪᠠ᠃      ᠲᠠᠭᠢᠨ ᠭᠢᠨᠠᠵᠤ ᠰᠢᠯᠭᠠᠨ ᠬᠤᠷᠢᠶᠠᠬᠤ ᠲᠤᠭᠤᠶᠢᠯᠠᠩ ᠤᠨ ᠬᠢᠨ ᠮᠠᠨ ᠤ ᠬᠤᠰᠢᠭᠤᠨ ᠤ ᠬᠤᠨᠴᠢᠨ ᠨᠠᠭᠤᠷ ᠡᠷᠡᠭᠦᠯ ᠮᠠᠨᠳᠤ ᠶᠢᠨ ᠭᠤᠤᠯ ᠰᠡᠳᠤᠪᠳᠤ ᠴᠡᠴᠡᠷᠯᠢᠭ᠂ ᠨᠠᠰᠤᠳᠠᠶᠢᠴᠤᠳ ᠢ ᠠᠰᠠᠷᠠᠬᠤ ᠭᠥᠷᠢᠶᠠᠯᠠᠩ᠂ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠭᠦᠷ᠂ ᠢᠳᠡᠭᠡᠨ ᠪᠤᠯᠪᠠᠰᠤᠷᠠᠭᠤᠯᠬᠤ ᠭᠥᠷᠢᠶᠠᠯᠠᠩ᠂ ᠬᠤᠭ ᠨᠤᠪᠰᠢ ᠰᠶᠢᠳᠪᠤᠷᠢᠯᠠᠭᠦ ᠥᠢᠯᠡᠳᠪᠤᠷᠢ᠂ ᠪᠤᠵᠠᠷ ᠤᠰᠤ ᠰᠶᠢᠳᠪᠤᠷᠢᠯᠠᠭᠦ ᠥᠢᠯᠡᠳᠪᠤᠷᠢ᠂ ᠶᠠᠩ ᠭᠤᠸᠠᠩ ᠵᠢᠶᠠ ᠶᠤᠸᠠᠨ A ᠲᠤᠭᠤᠷᠢᠭ ᠤᠨ ᠪᠥᠳᠥᠭᠡᠨ ᠪᠠᠶᠢᠭᠤᠯᠤᠯᠳᠠ ᠵᠡᠷᠭᠡ ᠭᠠᠵᠠᠷ ᠲᠤ ᠭᠥᠷᠴᠤ ᠪᠠᠶᠢᠴᠠᠭᠠᠯᠳᠠ ᠭᠢᠵᠦ ᠬᠤᠳᠠ ᠶᠢᠨ ᠲᠥᠷᠢ ᠲᠥᠷᠭᠦ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠤᠷᠴᠢᠨ ᠲᠤᠭᠤᠷᠢᠨ ᠤ ᠬᠠᠮᠠᠭᠠᠯᠠᠯᠲᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠤᠭᠢᠶᠠᠨ ᠪᠠᠶᠢᠭᠤᠯᠤᠯᠳᠠ ᠶᠢᠨ ᠬᠠᠮᠢᠶᠠᠷᠤᠯᠳᠠ᠂ ᠡᠷᠭᠦᠯ ᠮᠠᠨᠳᠤ ᠶᠢᠨ ᠭᠥᠮᠤᠵᠢᠯ ᠪᠠ ᠡᠷᠡᠭᠦᠯᠵᠢᠯ ᠢ ᠠᠭᠢᠭᠤᠯᠬᠤ᠂ ᠬᠤᠳᠠ ᠶᠢᠨ ᠤᠷᠴᠢᠨ ᠲᠤᠭᠤᠷᠢᠨ ᠤ ᠠᠷᠢᠭᠤᠨ ᠴᠡᠪᠡᠷ᠂ ᠭᠤᠤᠯᠳᠠᠯᠭ᠎ᠠ ᠲᠠᠢ ᠲᠠᠯᠠᠪᠤᠷ  ᠤᠨ ᠠᠷᠢᠭᠤᠨ ᠴᠡᠪᠡᠷ᠂ ᠢᠳᠡᠭᠡᠨ ᠤᠮᠳᠠᠭᠠᠨ ᠪᠠ ᠤᠤᠭᠤᠬᠤ ᠤᠰᠤᠨ ᠤ ᠠᠮᠤᠷ ᠲᠥᠪᠰᠢᠨ᠂ ᠤᠯᠠᠨ ᠨᠠᠶᠢᠳᠠ ᠶᠢᠨ ᠡᠷᠡᠭᠦᠯ ᠬᠠᠮᠠᠭᠠᠯᠠᠯ ᠪᠠ ᠡᠮ ᠡᠮᠨᠡᠯᠭᠡ ᠶᠢᠨ ᠥᠢᠯᠡᠴᠢᠯᠡᠭᠡ ᠵᠡᠷᠭᠡ ᠲᠠᠯ᠎ᠠ ᠪᠠᠷ ᠭᠢᠨᠠᠨ ᠰᠢᠯᠭᠠᠵᠦ ᠰᠢᠯᠭᠠᠨ ᠬᠤᠷᠢᠶᠠᠯᠳᠠ ᠭᠢᠪᠡ᠃
     ᠬᠤᠷᠠᠯ ᠲᠡᠭᠡᠷ᠎ᠡ᠂ ᠵᠤᠤ ᠹᠸᠢ ᠯᠤ᠋ ᠮᠠᠨ ᠤ ᠬᠤᠰᠢᠭᠤᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠳᠠ ᠶᠢᠨ ᠪᠠᠶᠢᠭᠤᠯᠣᠯᠳᠠ ᠶᠢᠨ ᠦᠷ᠎ᠡ ᠪᠦᠳᠦᠬᠡᠯ ᠢ ᠪᠠᠭᠢᠵᠢᠭᠦᠯᠤᠨ ᠲᠡᠭᠡᠭᠰᠢᠯᠠᠭᠦᠯᠭᠦ ᠠᠵᠢᠯ ᠤᠨ ᠪᠠᠶᠢᠳᠠᠯ ᠳᠤ ᠬᠠᠷᠢᠭᠤ ᠮᠡᠳᠡᠭᠦᠯᠥᠯᠳᠠ ᠭᠢᠪᠠ᠃ ᠲᠠᠭᠢᠨ ᠭᠢᠨᠠᠵᠤ ᠰᠢᠯᠭᠠᠨ ᠬᠤᠷᠢᠶᠠᠬᠤ ᠲᠤᠭᠤᠶᠢᠯᠠᠩ ᠤᠨ ᠬᠢᠨ ᠮᠠᠨ  ᠤ ᠬᠤᠰᠢᠭᠤᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠳᠠ ᠶᠢᠨ ᠪᠠᠶᠢᠭᠤᠯᠣᠯᠳᠠ ᠶᠢᠨ ᠦᠷ᠎ᠡ ᠪᠦᠳᠦᠬᠡᠯ ᠢ ᠪᠠᠭᠢᠵᠢᠭᠦᠯᠤᠨ ᠲᠡᠭᠡᠭᠰᠢᠯᠠᠭᠦᠯᠭᠦ ᠠᠵᠢᠯ ᠳᠤ ᠨᠤᠳᠠᠯᠠᠯᠳᠠ ᠭᠢᠭᠦ ᠶᠢᠨ ᠬᠠᠮᠳᠤ ᠲᠠᠷᠠᠭᠠᠴᠢ ᠶᠢᠨ ᠠᠯᠬᠤᠮ ᠤᠨ ᠠᠵᠢᠯ ᠳᠤ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃
     ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠲᠠᠭᠢᠨ ᠭᠢᠨᠠᠵᠤ ᠰᠢᠯᠭᠠᠨ ᠬᠤᠷᠢᠶᠠᠬᠤ ᠲᠤᠭᠤᠶᠢᠯᠠᠩ ᠤᠨ ᠬᠢᠨ ᠮᠠᠨ ᠤ ᠬᠤᠰᠢᠭᠤᠨ ᠤ ᠲᠠᠷᠠᠭᠠᠴᠢ ᠶᠢᠨ ᠠᠯᠬᠤᠮ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠳᠠ ᠶᠢ ᠪᠠᠶᠢᠭᠤᠯᠤᠭᠰᠠᠨ ᠦᠷ᠎ᠡ ᠪᠦᠲᠦᠭᠡᠯ ᠢ ᠪᠠᠭᠢᠵᠢᠭᠦᠯᠤᠨ ᠲᠡᠭᠡᠭᠰᠢᠯᠠᠭᠦᠯᠭᠦ ᠠᠵᠢᠯ ᠤᠨ ᠴᠢᠭᠯᠡᠯ ᠢ ᠲᠤᠳᠤᠷᠬᠠᠶᠢᠯᠠᠨ ᠥᠨᠳᠤᠰᠤᠨ ᠮᠥᠷᠳᠡᠯ ᠬᠠᠩᠭᠠᠭᠰᠠᠨ ᠪᠠᠶᠢᠨ᠎ᠠ᠃ ᠬᠤᠰᠢᠭᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠪᠥᠷᠢᠯᠳᠤᠭᠦᠨ ᠪᠠᠶᠢᠭᠤᠯᠭ᠎ᠠ ᠨᠢᠭᠡᠴᠢ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ ᠤᠳᠤᠬᠠᠨ ᠤ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠵᠦ ᠴᠡᠭᠴᠡᠯᠠᠨ ᠰᠠᠶᠢᠵᠢᠷᠠᠭᠤᠯᠬᠤ ᠲᠥᠰᠤᠯ ᠲᠤᠭᠳᠠᠭᠠᠨ ᠡᠭᠦᠷᠭᠡ ᠶᠢ ᠨᠠᠷᠢᠯᠢᠭ ᠬᠤᠪᠢᠶᠠᠷᠢᠯᠠᠨ ᠴᠡᠭᠴᠡᠯᠠᠨ ᠰᠠᠶᠢᠵᠢᠷᠠᠭᠤᠯᠬᠤ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠵᠤ ᠡᠯ᠎ᠠ ᠲᠥᠷᠤᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠠᠷᠤᠢ ᠳᠤ ᠨᠢ ᠴᠡᠭᠴᠡᠯᠠᠨ ᠰᠠᠶᠢᠵᠢᠷᠠᠭᠤᠯᠬᠤ ᠭᠡᠷᠡᠭᠳᠠᠢ᠃ ᠡᠭᠦᠨ ᠤ ᠬᠠᠮᠳᠤ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠤᠨ ᠬᠢᠨ ᠲᠤᠰ ᠤᠳᠠᠭᠠᠨ ᠤ ᠲᠠᠭᠢᠨ ᠭᠢᠨᠠᠯᠳᠠ ᠰᠢᠯᠭᠠᠨ ᠬᠤᠷᠢᠶᠠᠯᠳᠠ ᠪᠠᠷ ᠠᠵᠠ ᠲᠤᠭᠢᠶᠠᠯ ᠪᠤᠯᠭᠠᠨ ᠤᠷᠤᠰᠢᠨ ᠰᠠᠭᠤᠷᠢᠰᠢᠬᠤ ᠤᠷᠴᠢᠨ ᠢ ᠰᠠᠶᠢᠵᠢᠷᠠᠭᠤᠯᠬᠤ᠂ ᠤᠯᠠᠨ ᠲᠥᠮᠡᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠮᠡᠳᠡᠯᠭᠡ ᠶᠢ ᠲᠥᠭᠡᠮᠡᠯᠵᠢᠬᠦᠯᠬᠦ ᠵᠡᠷᠭᠡ ᠶᠢᠨ ᠠᠵᠢᠯ ᠢ ᠥᠷᠭᠦᠯᠵᠢᠯᠠᠨ ᠴᠢᠩᠭ᠎ᠠ ᠠᠳᠬᠤᠵᠤ ᠪᠠᠬᠢᠵᠢᠬᠦᠯᠦᠨ ᠲᠡᠭᠡᠭᠰᠢᠯᠠᠭᠦᠯᠭᠦ ᠠᠵᠢᠯ ᠤᠨ ᠪᠤᠳᠠᠳᠤ ᠥᠷ᠎ᠠ ᠠᠰᠢᠭ ᠢ ᠲᠠᠰᠤᠷᠠᠯᠲᠠ ᠥᠭᠡᠢ ᠲᠡᠭᠡᠭᠰᠢᠯᠡᠭᠦᠯᠤᠨ ᠪᠥᠭᠦ ᠬᠤᠰᠢᠭᠤᠨ ᠤ ᠡᠯ᠎ᠠ ᠥᠨᠳᠤᠰᠤᠳᠠᠨ ᠤ ᠠᠷᠠᠳ ᠲᠥᠮᠡᠨ ᠳᠤ ᠤᠯᠤᠰ  ᠤᠨ ᠡᠷᠡᠭᠦᠯ ᠬᠠᠮᠠᠭᠠᠯᠠᠯ ᠤᠨ ᠰᠢᠶᠠᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠥᠷ᠎ᠠ ᠪᠥᠳᠥᠭᠡᠯ ᠢ ᠡᠳ᠋ᠯᠠᠭᠦᠯᠭᠦ ᠭᠡᠷᠡᠭᠳᠠᠢ ᠭᠡᠵᠡᠢ᠃
     ᠤᠶᠢᠯᠠᠭᠠᠭᠰᠠᠨ ᠢᠶᠠᠷ᠂ ᠮᠠᠨ ᠤ ᠬᠤᠰᠢᠭᠤ ᠨᠢ 2011 ᠤᠨ ᠠᠴᠠ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠳᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠢ ᠡᠭᠢᠯᠡᠭᠦᠯᠵᠤ 2013 ᠤᠨ ᠳᠤ ᠠᠮᠵᠢᠯᠳᠠ ᠲᠠᠢ ᠨᠡᠷᠡᠶᠢᠳᠤᠭ᠍ᠳᠡᠵᠦ 2016 ᠤᠨ ᠳᠤ ᠲᠠᠭᠢᠨ ᠭᠢᠨᠠᠯᠳᠠ ᠶᠢ ᠥᠩᠭᠡᠷᠡᠭᠡᠨ ᠲᠤᠰ ᠤᠳᠠᠭ᠎ᠠ ᠬᠤᠶᠠᠳᠠᠭᠢ ᠤᠳᠠᠭᠠᠨ ᠤ ᠲᠠᠭᠢᠨ ᠭᠢᠨᠠᠯᠳᠠ ᠭᠢᠵᠤ ᠪᠠᠶᠢᠭ᠎ᠠ ᠶᠤᠮ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号