ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠪᠠ ᠮᠠᠯ ᠳᠠᠷᠢᠶᠠᠯᠠᠩ᠂ ᠳᠠᠷᠢᠶᠠᠯᠠᠬᠤ ᠣᠷᠣᠨ ᠮᠠᠯᠵᠢᠬᠤ᠂ ᠮᠠᠯᠴᠢᠨ ᠳᠠᠷᠢᠶᠠᠴᠢᠨ ᠵᠡᠷᠭᠡ ᠮᠠᠯᠵᠢᠬᠤ | ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠦᠷᠬᠡᠨ ᠣᠯᠠᠨ ᠮᠠᠯᠴᠢᠨ | ᠲᠠᠷᠢᠶᠠᠴᠢᠳ ᠲᠤ ᠨᠡᠩ ᠰᠠᠶᠢᠨ᠂ ᠨᠠᠩ ᠰᠢᠯᠢᠳᠡᠭ᠂ ᠨᠡᠩ ᠬᠠᠩᠭᠠᠮᠵᠢᠳᠠᠢ ᠦᠢᠯᠡᠴᠢᠯᠡᠭᠡ ᠬᠦᠷᠲᠡᠭᠡᠬᠦ ᠶᠢᠨ ᠳᠣᠰᠠᠳᠠ | ᠮᠠᠨ ᠤ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠮᠡᠷᠬᠡᠵᠢᠯ ᠤᠨ ᠦᠶᠯᠡᠴᠢᠯᠡᠭᠡᠨ ᠤ ᠳᠤᠭᠤᠶᠢᠯᠠᠩ ᠢ | ᠪᠠᠶᠢᠭᠤᠯᠤᠨ ᠠᠷᠠᠳ ᠣᠯᠠᠨ ᠤ ᠰᠠᠶᠢᠨ ᠦᠨᠡᠯᠡᠯᠳᠡ ᠶᠢ ᠣᠯᠣᠯ᠎ᠠ᠃ | ᠳᠣᠰ ᠣᠶᠢᠯᠡᠴᠢᠯᠡᠬᠡᠨ ᠤ ᠳᠣᠭᠤᠶᠢᠯᠠᠩ ᠨᠢ ᠮᠠᠯ ᠲᠠᠷᠢᠶᠠᠯᠠᠩ ᠤᠨ ᠲᠣᠪᠴᠢᠶ᠎ᠠ᠂ ᠠᠵᠤ ᠦᠶᠯᠡᠳᠪᠦᠷᠢ ᠮᠡᠳᠡᠭᠡ | ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠡᠷᠭᠡ ᠵᠢᠷᠭᠤᠭᠠᠨ ᠪᠠᠶᠢᠭᠤᠯᠭ᠎ᠠ | ᠨᠢᠬᠡᠴᠢ ᠶᠢᠨ ᠲᠤᠬᠠᠶᠢᠯᠠᠭᠰᠠᠨ ᠠᠵᠢᠯ ᠳᠠᠭᠠᠨ ᠭᠠᠷᠮᠠᠭᠠᠢ 36 ᠴᠢᠳᠠᠪᠦᠷᠢᠳᠡᠨ ᠢᠶᠠᠷ ᠪᠦᠷᠢᠯᠳᠣᠵᠣ ᠵᠢᠷᠭᠤᠭᠠᠨ ᠪᠠᠭ᠎ᠠ | ᠲᠤᠭᠤᠶᠢᠯᠠᠩ ᠬᠤᠪᠢᠶᠠᠨ᠂ ᠪᠦᠬᠦ ᠬᠤᠰᠢᠭᠤᠨ ᠤ ᠵᠢᠷᠭᠤᠭᠠᠨ ᠰᠤᠮᠤ ᠪᠠᠯᠭᠠᠰᠤᠨ ᠳᠤ ᠬᠦᠷᠴᠣ ᠠᠵᠤ ᠦᠶᠯᠡᠰ ᠢᠶᠠᠷ | ᠶᠠᠳᠠᠭᠤ ᠶᠢ ᠲᠡᠳᠬᠦᠬᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠦᠭᠵᠢᠬᠦᠯᠬᠦ ᠪᠠ ᠰᠢᠨ᠎ᠡ ᠮᠡᠷᠬᠡᠵᠢᠯ | ᠂ ᠮᠠᠰᠢᠨ ᠮᠧᠬᠠᠨᠢᠭ᠂ ᠲᠡᠵᠢᠬᠡᠵᠦ ᠦᠷᠡᠵᠢᠬᠦᠯᠬᠦ᠂ ᠲᠠᠷᠢᠵᠦ ᠣᠷᠭᠤᠭᠤᠯᠬᠤ ᠵᠡᠷᠭᠡ ᠮᠠᠯ ᠲᠠᠷᠢᠶᠠᠯᠠᠩ ᠳᠤ | ᠬᠤᠯᠪᠤᠭᠳᠠᠭᠰᠠᠨ ᠠᠵᠢᠯ ᠤᠨ ᠳᠠᠯ᠎ᠠ ᠪᠠᠷ ᠮᠠᠯᠴᠢᠨ ᠲᠠᠷᠢᠶᠠᠴᠢᠳ ᠤᠨ ᠡᠬᠦᠳᠡᠨ ᠳᠤ ᠨᠢ ᠬᠦᠷᠴᠦ ᠦᠢᠯᠡᠴᠢᠯᠡᠬᠦ | ᠡᠬᠦᠷᠭᠡ ᠲᠤᠰᠢᠶᠠᠯ ᠢ ᠬᠠᠷᠢᠭᠤᠴᠠᠵᠣ ᠪᠠᠶᠢᠨ᠎ᠠ᠃ | ᠡᠳᠡᠬᠡᠷ ᠦᠢᠯᠡᠴᠢᠯᠡᠬᠡᠨ ᠤ ᠳᠤᠭᠤᠶᠢᠯᠠᠩ ᠨᠢ ︽ᠣᠭ ᠰᠠᠨᠠᠭ᠎ᠠ ᠪᠠᠨ ᠦᠯᠤ ᠮᠠᠷᠳᠡᠨ ᠡᠬᠦᠷᠬᠡ ᠬᠠᠷᠢᠭᠤᠴᠠᠯᠭ᠎ᠠ | ᠪᠠᠨ ᠪᠠᠳᠤ ᠴᠡᠬᠡᠵᠢᠯᠡᠬᠦ︾ ᠵᠤᠷᠢᠭ ᠰᠠᠨᠠᠭ᠎ᠠ ᠶᠢ ᠦᠨᠳᠤᠰᠤᠨ ᠱᠠᠳᠤᠨ ᠳᠤ ᠪᠤᠳᠠᠳᠠᠶᠢᠵᠢᠭᠤᠯᠤᠨ ᠨᠠᠮ ᠤᠨ ᠬᠡᠰᠢᠬᠦᠨ | ᠺᠠᠳ᠋ᠷ ᠠᠵᠢᠯᠳᠠᠳ ᠦᠪᠡᠷ ᠤᠨ ᠪᠡᠶ᠎ᠡ ᠪᠠᠷ ᠢᠶᠠᠨ ᠲᠠᠭᠤᠷᠢᠶᠠᠯ ᠦᠵᠡᠬᠦᠯᠵᠦ᠂ ᠠᠷᠠᠳ ᠣᠯᠠᠨ ᠳᠤ ᠦᠢᠯᠡᠴᠢᠯᠡᠬᠦ | ᠰᠢᠯᠢᠳᠡᠭ ᠬᠡᠪ ᠰᠤᠷᠳᠠᠯ ᠢ ᠪᠠᠳᠠᠷᠠᠭᠤᠯᠵᠦ ᠵᠢᠷᠭᠤᠭᠠᠨ ᠦᠢᠯᠡᠴᠢᠯᠡᠬᠡᠨ ᠤ ᠲᠤᠭᠤᠶᠢᠯᠠᠩ ᠨᠢ ᠣᠳᠤ ᠪᠤᠯᠳᠠᠯ᠎ᠠ | ᠨᠢᠭᠡᠨᠲᠡ 2800 ᠡᠷᠦᠬᠡ ᠳᠤ ᠭᠦᠨᠵᠡᠭᠡᠶᠢᠷᠡᠨ ᠳᠡᠳᠡᠨ ᠤ ᠪᠤᠳᠠᠳᠤ ᠠᠰᠠᠭᠤᠳᠠᠯ ᠬᠦᠴᠢᠷᠳᠡᠯ ᠢ ᠰᠢᠢᠳᠪᠦᠷᠢᠯᠡᠬᠡᠳ | ᠣᠯᠠᠨ ᠲᠥᠮᠡᠨ ᠤ ᠰᠠᠶᠢᠨ ᠦᠨᠡᠯᠡᠯᠳᠡ ᠶᠢ ᠣᠯᠵᠦ ᠪᠠᠶᠢᠨ᠎ᠠ᠃ | |