ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠲᠠᠪᠰᠢᠨ ᠤᠷᠤᠬᠤ ᠪᠤᠯ ᠬᠡᠦᠬᠡᠳ ᠤᠨ ᠦᠰᠦᠨ ᠪᠤᠶᠢᠵᠢᠯᠳᠠ ᠳᠠᠬᠢ | ᠵᠠᠩᠭᠢᠯᠠᠭ᠎ᠠ ᠶᠢᠨ ᠱᠠᠳᠤ ᠦᠶ ᠡ ᠪᠤᠯᠬᠤ ᠶᠤᠮ᠃ ᠬᠡᠦᠬᠡᠳ ᠲᠤ ᠠᠪᠴᠤ ᠬᠡᠯᠡᠪᠡᠯ ᠰᠤᠷᠤᠯᠭ᠎ᠠ ᠶᠢᠨ ᠤᠷᠴᠢᠨ ᠲᠤᠭᠤᠷᠢᠨ ᠳᠤ | ᠬᠤᠪᠢᠷᠠᠯᠳᠠ ᠡᠬᠦᠰᠦᠭᠰᠡᠨ ᠢᠶᠠᠷ ᠦᠯᠦ ᠪᠠᠷᠠᠮ ᠠᠮᠢᠳᠤᠷᠠᠯ ᠤᠨ ᠲᠠᠳᠬᠠᠯ᠂ ᠰᠤᠷᠤᠯᠭ᠎ᠠ ᠶᠢᠨ ᠠᠷᠭ᠎ᠠ ᠠᠪᠴᠠᠯ ᠳᠤ ᠴᠤ | ᠬᠤᠪᠢᠷᠠᠯᠳᠠ ᠭᠠᠷᠬᠤ ᠶᠤᠮ᠃ ᠬᠡᠦᠬᠡᠳ ᠢ ᠪᠠᠭ᠎ᠠ ᠰᠤᠷᠭᠠᠭᠤᠯᠢ ᠶᠢᠨ ᠬᠠᠮᠳᠤ ᠶᠢᠨ ᠠᠮᠢᠳᠤᠷᠠᠯ ᠰᠤᠷᠤᠯᠴᠠᠯᠭ᠎ᠠ ᠳᠤ ᠠᠩᠬ᠎ᠠ | ᠠᠯᠬᠤᠮ ᠤᠨ ᠲᠠᠨᠢᠯᠳᠠ ᠲᠠᠢ ᠪᠤᠯᠭᠠᠨ᠂ ᠪᠡᠶ ᠡ ᠰᠡᠳᠬᠢᠴᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠶᠢᠨ ᠲᠤᠰᠠᠳᠠ | ᠦᠦᠰᠢᠨ ᠬᠤᠰᠢᠭᠤᠨ ᠤ ᠮᠤᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠲᠡᠬᠦᠰᠬᠦ ᠠᠩᠭᠢ ᠨᠢ ᠤᠢᠢᠷ᠎ᠠ ᠶᠢᠨ | ᠡᠳᠦᠷ ︽ᠴᠡᠴᠡᠷᠯᠢᠭ ᠲᠠᠬᠢ ᠬᠠᠮᠤᠬ ᠰᠡᠬᠦᠯᠴᠢ ᠶᠢᠨ ᠬᠢᠴᠢᠶᠠᠯ︾ ᠬᠡᠬᠦ ᠰᠢᠷᠢᠰ ᠠᠵᠢᠯᠯᠠᠭ᠎ᠠ ᠶᠢ ᠦᠷᠨᠢᠬᠦᠯᠦᠭᠰᠡᠨ ᠶᠤᠮ᠃ | ᠠᠵᠢᠯᠯᠠᠭ᠎ᠠ ᠶᠢ ᠨᠢᠬᠡ ᠡᠳᠦᠷ ᠤᠨ ᠬᠤᠭᠤᠴᠠᠭ᠎ᠠ ᠲᠠᠢ ᠦᠷᠨᠢᠬᠦᠯᠵᠦ᠂ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ | ᠠᠷᠭ᠎ᠠ ᠬᠡᠯᠪᠡᠷᠢ ᠪᠠᠷ ᠬᠢᠴᠢᠶᠠᠯ ᠤᠨ ᠲᠤᠬᠢᠷᠠᠭᠤᠯᠭ᠎ᠠ ᠪᠠᠨ ᠪᠤᠯᠭᠠᠵᠤ᠂ ᠰᠤᠷᠤᠭᠴᠢ ᠶᠢᠨ ᠪᠠᠷᠢᠮᠵᠢᠶ᠎ᠠ ᠪᠠᠷ ᠪᠡᠶ᠎ᠡ ᠪᠠᠨ ᠴᠢᠩᠭ᠎ᠠ | ᠱᠠᠭᠠᠷᠳᠠᠨ ᠪᠢᠴᠢᠭ ᠤᠨ ᠪᠤᠭᠴᠤ ᠪᠠᠨ ᠲᠢᠭᠯᠡᠬᠦ᠂ ᠵᠦᠪ ᠰᠠᠭᠤᠬᠤ᠂ ᠬᠠᠷᠠᠨᠳᠠ ᠵᠦᠪ ᠰᠠᠶᠢᠬᠠᠨ ᠪᠠᠷᠢᠬᠤ᠂ ᠪᠢᠴᠢᠭ ᠤᠨ | ᠬᠡᠷᠡᠭᠰᠡᠯ ᠢᠶᠠᠨ ᠬᠠᠶᠢᠷᠠᠯᠠᠨ ᠬᠠᠮᠠᠭᠠᠯᠠᠬᠤ᠂ ᠺᠢᠨᠣ᠋ ᠦᠵᠡᠬᠦ᠂ ᠴᠡᠴᠡᠷᠯᠢᠭ ᠲᠡᠭᠡᠨ ᠬᠤᠨᠤᠬᠤ ᠵᠡᠷᠬᠡ ᠪᠠᠷ ᠲᠠᠮᠵᠢᠨ ᠪᠠᠭ᠎ᠠ | ᠰᠤᠷᠭᠠᠭᠤᠯᠢ ᠳᠤ ᠤᠷᠤᠬᠤ ᠠᠩᠬᠠᠨ ᠤ ᠰᠠᠭᠤᠷᠢ ᠶᠢ ᠲᠠᠯᠪᠢᠵᠠᠢ᠃ | ︽ᠴᠡᠴᠡᠷᠯᠢᠭ ᠲᠠᠬᠢ ᠬᠠᠮᠤᠭ ᠰᠡᠬᠦᠯᠴᠢ ᠶᠢᠨ ᠬᠢᠴᠢᠶᠡᠯ︾ ᠬᠡᠬᠦ ᠰᠢᠷᠢᠰ ᠠᠵᠢᠯᠯᠠᠭ᠎ᠠ ᠪᠠᠷ ᠲᠠᠮᠵᠢᠨ ᠪᠠᠭᠰᠢ ᠲᠠᠢ ᠪᠠᠨ | ᠬᠠᠮᠳᠤ ᠪᠠᠶᠢᠬᠤ ᠪᠠᠶᠠᠷ ᠴᠡᠩᠭᠡᠯ ᠢ ᠤᠯᠭᠤᠨ᠂ ᠬᠡᠦᠬᠡᠳ ᠤᠨ ᠪᠡᠶ᠎ᠡ ᠪᠠᠨ ᠲᠠᠭᠠᠭᠠᠬᠤ ᠴᠢᠳᠠᠪᠤᠷᠢ ᠶᠢ ᠲᠡᠭᠡᠭᠰᠢᠯᠡᠬᠦᠯᠦᠭᠰᠡᠨ ᠢᠶᠠᠷ | ᠦᠯᠦ ᠪᠠᠷᠠᠮ ᠦᠪᠡᠷ ᠤᠨ ᠪᠡᠶ ᠡ ᠳᠡᠭᠡᠨ ᠢᠳᠡᠬᠡᠯ ᠲᠠᠢ ᠪᠤᠯᠬᠤ᠂ ᠬᠠᠮᠳᠤ ᠶᠢᠨ ᠠᠮᠢᠳᠤᠷᠠᠯ ᠳᠤ ᠬᠠᠷᠢᠯᠴᠠᠨ ᠬᠠᠷᠠᠭᠠᠯᠵᠠᠬᠤ ᠢ | ᠡ ᠲᠤᠲᠤᠨᠤᠰᠤᠭ ᠬᠠᠶᠢᠷ ᠠ ᠰᠡᠳᠬᠢᠯᠬᠡ ᠶᠢ ᠪᠤᠢ ᠪᠤᠯᠭᠠᠨ᠂ ᠬᠡᠦᠬᠡᠳ ᠤᠳ ᠲᠤ ᠮᠠᠷᠳᠠᠭᠳᠠᠰᠢ ᠦᠬᠡᠢ ᠲᠤᠷᠠᠳᠬᠠᠯ ᠦᠭᠪᠡ᠃ | ᠮᠦᠨ ᠴᠤ ᠬᠡᠦᠬᠡᠳ ᠤᠳ ᠢ ᠪᠠᠭ᠎ᠠ ᠰᠤᠷᠭᠠᠭᠤᠯᠢ ᠶᠢᠨ ᠠᠮᠢᠳᠤᠷᠠᠯ ᠰᠤᠷᠤᠯᠴᠠᠯᠭ᠎ᠠ ᠳᠤ ᠤᠯᠠᠮ ᠨᠢᠬᠡ ᠠᠯᠬᠤᠮ ᠤᠨ | ᠬᠦᠨᠵᠡᠬᠡᠢ ᠰᠡᠷᠡᠯᠳᠡ ᠲᠠᠢ ᠪᠤᠯᠭᠠᠭᠰᠠᠨ ᠪᠠ ᠪᠠᠭ᠎ᠠ ᠰᠤᠷᠭᠠᠭᠤᠯᠢ ᠶᠢᠨ ᠠᠮᠢᠳᠤᠷᠠᠯ ᠳᠤ ᠨᠡᠩ ᠶᠡᠭᠡ ᠬᠦᠰᠡᠯ ᠡᠷᠡᠮᠡᠯᠵᠡᠯ ᠲᠠᠢ | ᠪᠤᠯᠭᠠᠵᠠᠢ᠃ |