ᠭᠠᠯᠠᠭᠤᠳᠣ ᠪᠠᠯᠭᠠᠰᠣᠨ ᠤ ᠪᠠᠶ᠋ᠬᠠᠦ᠋ᠨᠳᠣᠷ ᠭᠠᠴᠠᠭ᠎ᠠ ᠮᠠᠯᠴᠢᠨ ᠳᠠᠷᠢᠶᠠᠴᠢᠨ ᠤ ᠨᠠᠭᠠᠳᠣᠮ ᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2019-08-12
     ᠰᠢᠨ᠎ᠠ ᠳᠣᠮᠳᠡᠳᠣ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠬᠡᠯᠡᠨ ᠦᠨᠳᠣᠰᠣᠳᠡᠨ ᠤ ᠣᠯᠠᠮᠵᠢᠯᠠᠯᠳᠣ ᠰᠣᠶᠣᠯ ᠢ ᠣᠯᠠᠮᠵᠢᠯᠠᠨ ᠬᠦᠭᠵᠢᠭᠦᠯᠵᠣ ᠮᠠᠯᠴᠢᠨ ᠳᠠᠷᠢᠶᠠᠴᠢᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠬᠤ ᠶᠢᠨ ᠳᠦᠯᠣᠬᠡ ᠭᠠᠯᠠᠭᠤᠳᠣ ᠪᠠᠯᠭᠠᠰᠣᠨ ᠤ ᠪᠠᠶ᠋ᠬᠠᠦ᠋ᠨᠳᠣᠷ ᠭᠠᠴᠠᠭ᠎ᠠ 8 ᠰᠠᠷ᠎ᠠ ᠶᠢᠨ 8 ᠤ ᠡᠳᠣᠷ ᠮᠠᠯᠴᠢᠨ ᠲᠠᠷᠢᠶᠠᠴᠢᠨ ᠤ ᠨᠠᠭᠠᠳᠣᠮ ᠤᠨ ᠬᠤᠷᠠᠯ ᠢ ᠡᠷᠬᠢᠯᠡᠨ ᠬᠢᠪᠡ᠃ ᠬᠤᠰᠢᠭᠤ ᠠᠷᠡᠳ ᠤᠨ ᠳᠦᠯᠣᠬᠡᠯᠡᠭᠴᠢᠳ  ᠤᠨ ᠪᠠᠶᠢᠡᠭᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠣ ᠹᠸᠡᠭ ᠪᠤᠯᠤᠨ ᠬᠤᠰᠢᠭᠤ ᠦᠨᠳᠣᠰᠣᠳᠡᠨ ᠤ ᠭᠡᠷᠡᠭ ᠡᠷᠬᠢᠯᠡᠬᠦ ᠵᠦᠪᠯᠡᠯ᠂ ᠳᠠᠭᠠᠭᠠᠨ ᠳᠠᠳᠬᠦᠨ ᠬᠠᠷᠢᠯᠴᠠᠵᠣ ᠪᠠᠶᠢᠭ᠎ᠠ ᠪᠠᠶᠢᠭᠤᠯᠭ᠎ᠠ ᠵᠡᠷᠬᠡ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠶᠢᠨ ᠬᠠᠷᠢᠭᠤᠴᠠᠯᠭᠠᠳᠠᠨ ᠨᠠᠭᠠᠳᠣᠮ ᠤᠨ ᠬᠤᠷᠠᠯ ᠤᠨ ᠡᠬᠢᠯᠡᠯᠳᠡ ᠶᠢᠨ ᠶᠣᠰᠣᠯᠠᠯ ᠳᠤ ᠣᠷᠣᠯᠴᠠᠪᠠ᠃      ᠨᠠᠭᠠᠳᠣᠮ ᠤᠨ ᠬᠤᠷᠠᠯ ᠳᠡᠭᠡᠷ᠎ᠡ ᠪᠠᠶ᠋ᠬᠠᠦ᠋ᠨᠳᠣᠷ ᠭᠠᠴᠠᠭ᠎ᠠ ᠨᠢ 75 ᠨᠠᠰᠣᠨ ᠠᠴᠠ ᠳᠡᠭᠡᠭᠰᠢᠬᠢ ᠠᠬᠠᠮᠠᠳ ᠦᠶ᠎ᠠ ᠶᠢᠨ ᠬᠠᠰᠢᠷ ᠮᠠᠯᠴᠢᠨ᠂ ᠡᠶ᠎ᠡ ᠨᠠᠶᠢᠷᠲᠠᠢ ᠪᠣᠯᠪᠠᠰᠣᠨ ᠭᠡᠷ ᠪᠦᠯᠢ᠂ ᠲᠡᠷᠢᠬᠦᠨ ᠤ ᠵᠢᠱᠢᠶᠡᠴᠢ ᠮᠠᠯᠴᠢᠨ᠂ ᠦᠢᠯᠡᠰ ᠪᠤᠰᠬᠠᠭᠰᠠᠨ ᠳᠡᠷᠢᠬᠦᠨ ᠤ ᠬᠦᠮᠣᠨ ᠵᠡᠷᠭᠡ 50 ᠭᠠᠷᠣᠢ ᠳᠡᠷᠢᠬᠦᠨ ᠤ ᠵᠢᠱᠢᠶᠡᠴᠢ ᠶᠢ ᠱᠠᠩᠨᠠᠨ ᠬᠦᠭᠢᠬᠦᠯᠪᠡ᠃      ᠡᠨ᠋ᠨ ᠣᠳᠠᠭᠠᠨ ᠤ ᠮᠠᠯᠴᠢᠳ ᠤᠨ ᠨᠠᠭᠠᠳᠣᠮ ᠳᠤ ᠪᠠᠰᠠ ᠮᠠᠯᠴᠢᠳ ᠤᠨ ᠭᠠᠷ ᠣᠷᠠᠯᠠᠯ ᠤᠨ ᠦᠵᠡᠬᠦᠯᠦᠯᠬᠡ᠂ ᠮᠠᠯᠵᠢᠯ ᠤᠨ ᠬᠤᠷᠰᠢᠶ᠎ᠠ ᠪᠠᠷ ᠨᠢᠬᠡᠴᠢᠯᠡᠭᠰᠠᠨ ᠳᠠᠭᠡᠰᠣ ᠳᠠᠳᠠᠬᠤ᠂ ᠱᠠᠭ᠎ᠠ ᠨᠠᠭᠠᠳᠬᠤ᠂ ᠰᠠᠭᠰᠣᠨ ᠪᠦᠮᠪᠦᠭᠡ ᠲᠤᠭᠯᠠᠬᠤ᠂ ᠰᠢᠳᠡᠷ᠎ᠡ ᠮᠦᠷᠦᠶᠢᠴᠡᠬᠦ ᠵᠡᠷᠭᠡ ᠳᠠᠮᠢᠷ ᠣᠷᠠᠯᠢᠭ ᠤᠨ ᠣᠷᠣᠯᠳᠣᠭᠠᠨ ᠪᠣᠯᠣᠨ ᠣᠯᠠᠭᠠᠡᠮᠦ᠋ᠴᠢᠷ ᠤᠨ ᠳᠣᠭᠯᠠᠯᠳᠠ᠂ ᠡᠷ᠎ᠠ ᠶᠢᠨ ᠭᠤᠷᠪᠡᠨ ᠨᠠᠭᠠᠳᠣᠮ ᠤᠨ ᠠᠵᠢᠯᠯᠠᠭ᠎ᠠ ᠶᠢ ᠶᠠᠪᠣᠭᠳᠠᠭᠤᠯᠣᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号