︽ᠳᠦᠴᠢᠨ ᠵᠢᠯ ᠤᠨ ᠳᠦᠷᠣᠬᠡᠨ ᠳᠡᠭᠡᠷ᠎ᠡ︾ ᠭᠤᠣᠯ ᠰᠡᠳᠣᠪᠳᠣ ᠠᠵᠢᠯᠯᠠᠭ᠎ᠠ ᠣᠷᠳᠣᠰ ᠬᠤᠳᠠ ᠶᠢᠨ ᠮᠣᠩᠭᠤᠯ ᠦᠨᠳᠣᠰᠣᠳᠡᠨ ᠤ ᠬᠤᠶᠠᠳᠣᠭᠠᠷ ᠳᠣᠮᠳᠠᠳᠣ ᠰᠣᠷᠭᠠᠭᠤᠯᠢ ᠳᠤ ᠶᠠᠪᠣᠭᠳᠠᠯ᠎ᠠ
ᠨᠡᠶᠢᠲᠡᠯᠡᠭᠰᠡᠨ ᠴᠠᠭ᠄
2019-08-13
     ᠣᠶᠢᠷ᠎ᠠ ᠶᠢᠨ ᠡᠳᠣᠷ᠂ ᠣᠣᠯ ᠤᠨ ᠦᠣᠰᠢᠨ ᠬᠤᠰᠢᠭᠤᠨ ᠤ ᠦᠨᠳᠣᠰᠣᠳᠡᠨ ᠤ ᠳᠣᠮᠳᠠᠳᠣ ᠰᠣᠷᠭᠠᠭᠤᠯᠢ ᠶᠢᠨ ᠠᠩᠬ᠎ᠠ ᠳᠣᠮᠳᠠᠳᠣ ᠶᠢᠨ ᠠᠩᠬᠢ ᠡᠬᠢᠯᠡᠭᠰᠡᠨ ᠢ ᠳᠣᠷᠠᠰᠬᠠᠨ ᠳᠡᠮᠳᠡᠭᠯᠡᠬᠦ ︽ᠳᠦᠴᠢᠨ ᠵᠢᠯ ᠤᠨ ᠳᠦᠷᠣᠬᠡᠨ ᠳᠡᠭᠡᠷ᠎ᠡ︾ ᠭᠤᠣᠯ ᠰᠡᠳᠣᠪᠳᠣ ᠠᠵᠢᠯᠯᠠᠭ᠎ᠠ ᠣᠷᠳᠣᠰ ᠬᠤᠳᠠ ᠶᠢᠨ ᠮᠣᠩᠭᠤᠯ ᠦᠨᠳᠣᠰᠣᠳᠡᠨ ᠤ ᠬᠤᠶᠠᠳᠣᠭᠠᠷ ᠳᠣᠮᠳᠠᠳᠣ ᠰᠣᠷᠭᠠᠭᠤᠯᠢ  ᠳᠤ ᠶᠠᠪᠣᠭᠳᠠᠯ᠎ᠠ᠃      ᠡᠨ᠋ᠨ ᠣᠳᠠᠭᠠᠨ ᠤ ᠭᠤᠣᠯ ᠰᠡᠳᠣᠪᠳᠣ ᠠᠵᠢᠯᠯᠠᠭᠠᠨ ᠳᠤ 1979 ᠣᠨ ᠳᠤ ᠦᠣᠰᠢᠨ ᠬᠤᠰᠢᠭᠤᠨ ᠤ ᠦᠨᠳᠣᠰᠣᠳᠡᠨ ᠤ ᠳᠣᠮᠳᠡᠳᠣ ᠰᠣᠷᠭᠠᠭᠤᠯᠢ ᠶᠢᠨ ᠠᠩᠬ᠎ᠠ ᠳᠣᠮᠳᠡᠳᠣ ᠶᠢᠨ ᠳᠡᠣᠬᠡ ᠶᠢ ᠡᠬᠢᠯᠡᠭᠦᠯᠣᠭ᠍ᠰᠡᠨ ᠬᠤᠶᠠᠷ ᠠᠩᠬᠢ ᠶᠢᠨ 80 ᠭᠠᠷᠣᠢ ᠰᠣᠷᠣᠭᠴᠢᠳ ᠣᠷᠣᠯᠴᠠᠵᠣ ᠡᠳᠡᠭᠡᠷ ᠰᠣᠷᠣᠭᠴᠢᠳ ᠤᠨ ᠳᠣᠳᠣᠷ᠎ᠠ ᠠᠴᠠ ᠨᠠᠮ ᠵᠠᠰᠠᠭ ᠤᠨ ᠣᠳᠣᠷᠢᠳᠣᠯᠭ᠎ᠠ᠂ ᠨᠡᠷᠡᠳᠣ ᠬᠠᠣᠯᠢᠴᠢ᠂ ᠠᠯᠳᠠᠷᠳᠣ ᠺᠢᠨᠣ᠋ ᠳᠣᠭᠯᠠᠭᠴᠢ᠂ ᠰᠣᠶᠣᠯ ᠰᠣᠷᠭᠠᠨ ᠬᠦᠮᠣᠵᠢᠯ ᠤᠨ ᠵᠢᠳᠬᠦᠯᠳᠡᠨ᠂ ᠵᠠᠩ ᠣᠶᠢᠯᠡ ᠰᠤᠳᠤᠯᠤᠭᠠᠴᠢ᠂ ᠰᠢᠯᠢᠳᠡᠭ ᠪᠠᠭᠰᠢ᠂ ᠨᠠᠷᠠᠳᠣ ᠡᠮᠴᠢ᠂ ᠣᠯᠣᠰ ᠤᠨ ᠠᠯᠪᠡᠳᠡᠨ᠂ ᠭᠠᠷᠮᠠᠭᠠᠢ ᠮᠠᠯᠴᠢᠨ ᠵᠡᠷᠭᠡ ᠴᠣᠯᠭᠤᠷᠡᠨ ᠭᠠᠷᠴᠣ ᠣᠯᠣᠰ ᠣᠷᠣᠨ᠂ ᠬᠤᠰᠢᠭᠤ ᠨᠣᠳᠤᠭ ᠤᠨ ᠴᠡᠴᠡᠭᠯᠡᠯ ᠮᠠᠨᠳᠣᠯ᠂ ᠦᠨᠳᠣᠰᠣᠳᠡᠨ ᠶᠠᠰᠣᠳᠡᠨ ᠤ ᠬᠦᠭᠵᠢᠯ ᠪᠠᠳᠡᠷᠡᠯ  ᠳᠤ ᠦᠪᠡᠷ ᠦᠪᠡᠷ ᠤᠨ ᠢᠶᠠᠨ ᠬᠦᠴᠣᠨ ᠴᠢᠳᠠᠯ ᠢᠶᠠᠨ ᠬᠠᠷᠡᠮ ᠦᠬᠡᠢ ᠡᠷᠬᠦᠵᠤ ᠡᠬᠡ ᠰᠣᠷᠭᠠᠭᠤᠯᠢ ᠶᠢᠨ ᠠᠯᠳᠠᠷ ᠨᠠᠷ᠎ᠠ ᠶᠢ ᠡᠷᠬᠦᠨ ᠶᠠᠪᠤᠵᠤ ᠪᠠᠶᠢᠨ᠎ᠠ᠃      ᠠᠵᠢᠯᠯᠠᠭ᠎ᠠ ᠳᠡᠭᠡᠷ᠎ᠡ᠂ ᠰᠣᠷᠣᠭᠴᠢᠳ ᠠᠴᠠ ᠡᠬᠡ ᠰᠣᠷᠭᠠᠭᠤᠯᠢ ᠳᠤ ᠪᠠᠨ 300 ᠭᠠᠷᠣᠢ ᠨᠣᠮ ᠰᠣᠳᠣᠷ ᠬᠠᠨᠳᠢᠪᠯᠡᠭ᠌ᠰᠡᠨ ᠤ ᠬᠠᠮᠳᠣ ᠪᠠᠰᠠ ᠦᠪᠣᠷ ᠮᠣᠩᠭᠤᠯ ᠤᠨ ︽ᠠᠷᠡᠳ︾ ᠬᠠᠣᠯᠢᠴᠢ ᠶᠢᠨ ᠭᠠᠵᠠᠷ ᠤᠨ ᠳᠡᠷᠤᠭ᠎ᠠ ᠪᠡᠪᠣᠣ ᠠᠴᠠ ᠡᠨ᠋ᠨ ᠵᠢᠯ ᠠᠴᠠ ᠡᠬᠢᠯᠡᠨ ᠵᠢᠯ ᠪᠣᠯᠭᠠᠨ ᠡᠬᠡ ᠰᠣᠷᠭᠠᠭᠤᠯᠢ ᠳᠤ ᠪᠠᠨ ᠬᠢᠴᠢᠶᠡᠯᠯᠡᠵᠤ ᠪᠠᠶᠢᠭ᠎ᠠ ᠲᠠᠪᠣᠨ ᠰᠢᠯᠳᠡᠭ ᠵᠠᠯᠠᠭᠤ ᠪᠠᠭᠰᠢ ᠶᠢ ᠱᠠᠩᠨᠠᠬᠤ ᠱᠠᠩᠨᠠᠯ ᠤᠨ ᠮᠦᠡᠭᠬᠦ ᠶᠢ ᠳᠣᠭᠳᠠᠭᠠᠭᠰᠠᠨ ᠪᠠᠶᠢᠨ᠎ᠠ᠃      ᠣᠳᠣ ᠶᠢᠨ ᠣᠷᠳᠣᠰ ᠬᠤᠳᠠ ᠶᠢᠨ ᠮᠣᠩᠭᠤᠯ ᠦᠨᠳᠣᠰᠣᠳᠡᠨ ᠤ ᠬᠤᠶᠠᠳᠣᠭᠠᠷ ᠳᠣᠮᠳᠠᠳᠣ ᠰᠣᠷᠭᠠᠭᠤᠯᠢ ᠨᠢ 1958 ᠣᠨ ᠳᠤ ᠪᠠᠶᠢᠭᠤᠯᠣᠭᠳᠠᠵᠣ ᠣᠷᠢᠳ ᠬᠤᠵᠢᠳ ︽ᠦᠣᠰᠢᠨ ᠬᠤᠰᠢᠭᠤᠨ ᠤ ᠦᠨᠳᠣᠰᠣᠳᠡᠨ ᠤ ᠳᠣᠮᠳᠠᠳᠣ ᠰᠣᠷᠭᠠᠭᠤᠯᠢ︾  ︽ᠦᠣᠰᠢᠨ ᠬᠤᠰᠢᠭᠤᠨ ᠤ ᠮᠣᠩᠭᠤᠯ ᠦᠨᠳᠣᠰᠣᠳᠡᠨ ᠤ ᠨᠢᠭᠡᠳᠣᠭᠡᠷ ᠳᠣᠮᠳᠡᠳᠣ ᠰᠣᠷᠭᠠᠭᠤᠯᠢ︾ ᠵᠡᠷᠭᠡ ᠨᠡᠷᠡᠶᠢᠳᠦᠯ ᠲᠠᠢ ᠪᠠᠶᠢᠵᠤ 2002 ᠣᠨ ᠳᠤ ᠣᠷᠳᠣᠰ ᠬᠤᠳᠠ ᠶᠢᠨ ᠵᠠᠰᠠᠭ ᠤᠨ ᠣᠷᠳᠣᠨ ᠤ ᠵᠦᠪᠰᠢᠶᠠᠷᠠᠯ ᠢᠶᠠᠷ ︽ᠣᠷᠳᠣᠰ ᠬᠤᠳᠠ ᠶᠢᠨ ᠮᠣᠩᠭᠤᠯ ᠦᠨᠳᠣᠰᠣᠳᠡᠨ ᠤ ᠬᠤᠶᠠᠳᠣᠭᠠᠷ ᠳᠣᠮᠳᠠᠳᠣ ᠰᠣᠷᠭᠠᠭᠤᠯᠢ︾ ᠪᠣᠯᠵᠣ ᠣᠷᠢᠳ ᠬᠤᠵᠢᠳ ᠠᠩᠬ᠎ᠠ ᠳᠣᠮᠳᠠᠳᠣ ᠶᠢᠨ ᠳᠦᠮᠡ ᠭᠠᠷᠣᠢ ᠰᠣᠷᠣᠭᠴᠢ᠂ ᠳᠡᠭᠡᠳᠣ ᠳᠣᠮᠳᠠᠳᠣ ᠶᠢᠨ ᠵᠢᠷᠭᠤᠭᠠᠨ ᠮᠢᠩᠭ᠎ᠠ ᠭᠠᠷᠣᠢ ᠰᠣᠷᠣᠭᠴᠢᠳ  ᠢ ᠳᠡᠭᠦᠰᠬᠡᠵᠣ ᠨᠠᠶᠢᠬᠡᠮ ᠤᠨ ᠡᠯ᠎ᠡ ᠲᠠᠯ᠎ᠠ ᠶᠢᠨ ᠠᠵᠣ ᠣᠶᠢᠯᠡᠰ ᠤᠨ ᠬᠦᠭᠵᠢᠯᠳᠡ ᠬᠤᠪᠢᠷᠠᠯᠳᠠ ᠳᠤ ᠣᠶᠢᠯᠠᠴᠢᠯᠠᠵᠣ ᠪᠠᠶᠢᠨ᠎ᠠ ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号