ᠨᠠᠷᠠ ᠬᠤᠷ᠎ᠠ ᠲᠡᠩᠴᠡᠭᠰᠠᠨ ᠨᠠᠯᠠᠭᠠᠷ ᠰᠠᠶᠢᠬᠠᠨ ᠵᠣᠨ ᠤ ᠨᠠᠢᠮᠠᠨ ᠰᠠᠷ᠎ᠠ ᠳᠤ ᠲᠤᠭ ᠪᠠᠯᠭᠠᠰᠣᠨ ᠤ | ᠬᠤᠸᠠᠳᠣᠯᠣᠭᠠᠢ ᠭᠠᠴᠠᠭᠠᠨ ᠤ ᠮᠠᠯᠴᠢᠳ ︽ᠭᠠᠴᠠᠭᠠᠨ ᠲᠡᠬᠡᠷ᠎ᠠ ᠦᠪᠣᠷ ᠮᠣᠩᠭᠤᠯ ᠤᠨ ᠲᠠᠷᠢᠶᠠᠯᠠᠩ ᠤᠨ ᠶᠡᠭᠡ | ᠰᠣᠷᠭᠠᠭᠤᠯᠢ ᠶᠢᠨ ᠪᠠᠭᠰᠢ ᠨᠠᠷ ᠢᠷᠠᠵᠣ ᠮᠠᠯ ᠠᠵᠣ ᠠᠬᠤᠢ ᠶᠢᠨ ᠮᠡᠳᠡᠯᠬᠡ ᠶᠢᠨ ᠬᠢᠴᠢᠶᠠᠯ ᠲᠠᠶᠢᠯᠣᠮᠵᠢ ᠬᠢᠨ᠎ᠠ︾ | ᠬᠡᠰᠠᠨ ᠴᠢᠮᠡᠭᠡ ᠶᠢ ᠰᠣᠨᠣᠰᠣᠭᠠᠳ ᠮᠠᠰᠢᠨ ᠲᠡᠷᠬᠡ ᠪᠠᠷ ᠶᠠᠭᠠᠷᠠᠯᠳᠡᠢ ᠭᠠᠴᠠᠭᠠᠨ ᠲᠦᠪ ᠲᠡᠭᠡᠷ᠎ᠠ ᠪᠠᠨ ᠢᠷᠡᠵᠡᠬᠡᠵᠣ | ᠪᠠᠶᠢᠯ᠎ᠠ᠃ ᠡᠨᠡ ᠣᠳᠠᠭᠠᠨ ᠤ ︽ᠮᠠᠯᠴᠢᠳ ᠤᠨ ᠮᠠᠯ ᠢᠶᠠᠨ ᠲᠡᠵᠢᠬᠡᠨ ᠦᠷᠡᠵᠢᠬᠦᠯᠬᠦ ᠬᠡᠷᠡᠭᠯᠡᠬᠡᠨ ᠤ ᠮᠡᠷᠬᠡᠵᠢᠯ ᠤᠨ | ᠪᠣᠯᠪᠠᠰᠣᠷᠠᠯ︾ ᠢ ᠦᠣᠰᠢᠨ ᠬᠤᠰᠢᠭᠤᠨ ᠤ ᠬᠦᠮᠣᠨ ᠤ ᠬᠦᠴᠣᠨ ᠤ ᠡᠬᠢ ᠪᠠᠶᠠᠯᠢᠭ ᠨᠠᠶᠢᠬᠡᠮ ᠤᠨ ᠪᠠᠳᠣᠯᠠᠭ᠎ᠠ ᠶᠢᠨ | ᠲᠣᠪᠴᠢᠶ᠎ᠠ᠂ ᠲᠤᠭ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠠᠵᠣ᠂ ᠦᠣᠰᠢᠨ | ᠬᠤᠰᠢᠭᠤᠨ ᠤ ᠠᠵᠢᠯ ᠮᠡᠷᠬᠡᠵᠢᠯ ᠤᠨ ᠲᠣᠮᠳᠠᠳᠣ ᠰᠣᠷᠭᠠᠭᠤᠯᠢ᠂ ᠬᠤᠸᠠᠳᠣᠯᠣᠭᠠᠢ ᠭᠠᠴᠠᠭ᠎ᠠ ᠠᠴᠠ ᠲᠠᠭᠠᠭᠠᠴᠢᠯᠠᠨ | ᠡᠷᠭᠢᠯᠡᠪᠠ᠃ | ᠪᠣᠯᠪᠠᠰᠣᠷᠠᠯ ᠢ ᠬᠤᠸᠠᠳᠣᠯᠣᠭᠠᠢ ᠭᠠᠴᠠᠭᠠᠨ ᠤ ᠨᠠᠮ ᠤᠨ ᠡᠬᠦᠷ ᠤᠨ ᠱᠦᠵᠢ ᠨᠠᠷᠠᠰᠣ ᠨᠦᠬᠦᠷ ᠡᠷᠬᠢᠯᠠᠵᠣ᠂ | ᠦᠣᠰᠢᠨ ᠬᠤᠰᠢᠭᠤᠨ ᠤ ᠠᠵᠢᠯ ᠮᠡᠷᠬᠡᠵᠢᠯ ᠤᠨ ᠲᠣᠮᠳᠠᠳᠣ ᠰᠣᠷᠭᠠᠭᠤᠯᠢ ᠶᠢᠨ ᠪᠠᠭᠰᠢ ᠬᠦᠮᠣᠵᠢᠯᠳᠣ ᠡᠨᠡ | ᠣᠳᠠᠭᠠᠨ ᠤ ᠪᠣᠯᠪᠠᠰᠣᠷᠠᠯ ᠢ ᠬᠢᠭᠰᠡᠨ ᠵᠣᠷᠢᠯᠭ᠎ᠠ ᠪᠣᠯᠣᠨ ᠠᠴᠢ ᠬᠤᠯᠪᠣᠭᠳᠠᠯ ᠤᠨ ᠲᠣᠬᠠᠢ ᠲᠡᠶᠢᠯᠪᠤᠷᠢᠯᠠᠵᠤ᠂ | ᠮᠠᠯᠴᠢᠳ ᠤᠨ ᠬᠢᠴᠢᠶᠠᠯ ᠰᠣᠨᠣᠰᠴᠣ ᠦᠢᠯᠠᠭᠠᠬᠤ ᠳᠤ ᠲᠦᠬᠦᠮ ᠦᠵᠡᠬᠦᠯᠪᠠ᠃ | ᠪᠤᠯᠪᠠᠰᠤᠷᠠᠯ ᠳᠤ ᠦᠪᠣᠷ ᠮᠣᠩᠭᠤᠯ ᠤᠨ ᠲᠠᠷᠢᠶᠠᠯᠠᠩ ᠤᠨ ᠶᠡᠭᠡ ᠰᠣᠷᠭᠠᠭᠤᠯᠢ ᠶᠢᠨ ᠲᠡᠳ᠋ ᠫᠷᠣᠹᠧᠰᠰᠣᠷ | ᠳ᠋ᠤᠺᠲ᠋ᠤᠷ ᠲᠠᠮᠣᠷᠪᠦ᠋ᠬᠡ ᠪᠠᠭᠰᠢ ᠠᠴᠠ ᠪᠣᠷᠣ ᠴᠠᠷᠭᠠᠰᠣ᠂ ᠨᠣᠭᠤᠭᠠᠨ ᠪᠣᠷᠳᠣᠭᠠᠨ ᠡᠪᠡᠰᠣ ᠲᠠᠷᠢᠬᠤ ᠮᠡᠳᠡᠯᠬᠡ ᠪᠣᠯᠣᠨ | ᠬᠤᠷᠢᠶᠠᠵᠣ ᠬᠠᠳᠠᠭᠠᠯᠠᠬᠤ ᠠᠷᠭ᠎ᠠ ᠪᠠᠷᠢᠯ ᠤᠨ ᠲᠣᠬᠠᠢ ᠶᠠᠷᠢᠭᠰᠠᠨ ᠪᠠ ᠲᠡᠬᠦᠨ ᠤ ᠰᠢᠮ᠎ᠠ ᠲᠡᠵᠢᠬᠡᠯ᠂ ᠦᠷ᠎ᠠ | ᠠᠰᠢᠭ ᠤᠨ ᠲᠣᠬᠠᠢ ᠲᠠᠨᠢᠯᠴᠠᠭᠤᠯᠵᠤ᠂ ᠦᠪᠣᠷ ᠮᠣᠩᠭᠤᠯ ᠤᠨ ᠲᠠᠷᠢᠶᠠᠯᠠᠩ ᠤᠨ ᠶᠡᠭᠡ ᠰᠣᠷᠭᠠᠭᠤᠯᠢ ᠶᠢᠨ | ᠫᠷᠣᠹᠧᠰᠰᠣᠷ ᠬᠠᠰᠰᠦ᠋ᠷᠣᠩ ᠠᠴᠠ ᠮᠠᠯ ᠤᠨ ᠬᠠᠯᠳᠠᠪᠣᠷᠢᠳᠣ ᠡᠪᠡᠳᠴᠢᠨ ᠤ ᠡᠬᠦᠰᠴᠣ ᠬᠠᠯᠳᠠᠪᠤᠷᠢᠯᠠᠬᠤ ᠦᠨᠳᠣᠰᠣᠨ | ᠨᠦᠬᠦᠴᠠᠯ ᠪᠣᠯᠣᠨ ᠰᠡᠷᠬᠡᠶᠢᠯᠠᠨ ᠵᠠᠰᠠᠬᠤ ᠠᠷᠭ᠎ᠠ ᠪᠠᠷᠢᠯ᠂ ᠮᠠᠯ ᠤᠨ ᠲᠣᠳᠣᠷ ᠭᠠᠳᠠᠨ᠎ᠠ ᠶᠢᠨ ᠰᠢᠮᠡᠬᠦᠷ ᠬᠤᠷᠣᠬᠠᠢ ᠶᠢᠨ | ᠡᠬᠦᠰᠴᠣ ᠲᠠᠷᠬᠠᠬᠤ ᠰᠢᠯᠳᠠᠭᠠᠨ ᠪᠣᠯᠣᠨ ᠲᠡᠬᠦᠨ ᠢ ᠠᠷᠢᠯᠭᠠᠬᠤ ᠡᠮ ᠤᠨ ᠲᠦᠷᠣᠯ ᠵᠦᠢᠯ᠂ ᠡᠮ ᠬᠡᠷᠡᠭᠯᠡᠬᠦ ᠴᠠᠭ | ᠬᠤᠭᠤᠴᠠᠭ᠎ᠠ ᠶᠢᠨ ᠲᠣᠬᠠᠢ ᠮᠡᠳᠡᠯᠬᠡ ᠵᠡᠷᠬᠡ ᠠᠭᠤᠯᠭ᠎ᠠ ᠳᠤ ᠨᠠᠷᠢᠨ ᠲᠣᠳᠣᠷᠬᠠᠶᠢᠯᠠᠯᠳᠠ ᠬᠢᠭᠰᠡᠨ ᠪᠠᠶᠢᠨ᠎ᠠ᠃ ᠮᠦᠨ | ᠦᠪᠣᠷ ᠮᠣᠩᠭᠤᠯ ᠤᠨ ᠲᠠᠷᠢᠶᠠᠯᠠᠩ ᠤᠨ ᠶᠡᠭᠡ ᠰᠣᠷᠭᠠᠭᠤᠯᠢ ᠶᠢᠨ ᠫᠷᠣᠹᠧᠰᠰᠣᠷ ᠨᠠᠷᠠᠨᠬᠤᠸᠠᠷ ᠠᠴᠠ ᠮᠠᠯ ᠤᠨ ᠡᠬᠦᠯᠳᠠᠷ | ᠣᠭᠰᠠᠭ᠎ᠠ ᠰᠠᠶᠢᠵᠢᠷᠠᠭᠤᠯᠬᠤ ᠰᠡᠳᠣᠪ ᠤᠨ ᠲᠣᠭᠤᠷᠢᠨ ᠳᠤ ᠬᠢᠴᠢᠶᠠᠯᠯᠡᠭᠡ ᠬᠢᠵᠣ᠂ ᠡᠬᠦᠯᠳᠠᠷ ᠤᠨ ᠮᠠᠯ᠂ ᠡᠬᠡ ᠮᠠᠯ ᠢ | ᠶᠠᠭᠠᠬᠢᠵᠣ ᠰᠣᠩᠭᠤᠬᠤ᠂ ᠭᠠᠵᠠᠷ ᠣᠷᠣᠨ ᠤ ᠪᠠᠶᠢᠳᠠᠯ ᠳᠤ ᠵᠣᠬᠢᠴᠠᠭᠤᠯᠣᠨ ᠡᠬᠦᠯᠳᠠᠷ ᠰᠣᠩᠭᠤᠬᠤ᠂ ᠬᠡᠬᠡᠯᠳᠣᠬᠦᠯᠬᠡ | ᠬᠢᠬᠦ᠂ ᠡᠬᠦᠯᠳᠠᠷ ᠰᠠᠶᠢᠵᠢᠷᠠᠭᠤᠯᠬᠤ ᠶᠢᠨ ᠠᠴᠢ ᠬᠤᠯᠪᠣᠭᠳᠠᠯ ᠤᠨ ᠲᠣᠬᠠᠢ ᠶᠠᠷᠢᠵᠤ᠂ ᠦᠪᠣᠷ ᠮᠣᠩᠭᠤᠯ ᠤᠨ | ᠲᠠᠷᠢᠶᠠᠯᠠᠩ ᠤᠨ ᠶᠡᠭᠡ ᠰᠣᠷᠭᠠᠭᠤᠯᠢ ᠶᠢᠨ ᠲᠡᠳ᠋ ᠫᠷᠣᠹᠧᠰᠰᠣᠷ ᠢᠪᠡᠬᠡᠯᠳᠣ ᠠᠴᠠ ᠬᠡᠷ ᠤᠨ ᠲᠡᠵᠢᠬᠡᠪᠣᠷᠢ ᠶᠢᠨ | ᠠᠷᠠᠴᠢᠯᠠᠵᠣ ᠬᠠᠮᠠᠭᠠᠯᠠᠬᠤ ᠮᠡᠳᠡᠯᠬᠡ ᠮᠡᠷᠬᠡᠵᠢᠯ ᠤᠨ ᠲᠣᠬᠠᠢ ᠶᠠᠷᠢᠭᠰᠠᠨ ᠪᠠ ᠬᠡᠷ ᠤᠨ ᠲᠡᠵᠢᠬᠡᠪᠣᠷᠢ ᠶᠢᠨ ᠪᠣᠷᠳᠤᠭ᠎ᠠ | ᠨᠠᠶᠢᠷᠠᠭᠤᠯᠵᠤ ᠬᠡᠷᠡᠭᠯᠠᠬᠦ ᠲᠣᠬᠠᠢ ᠲᠠᠶᠢᠯᠣᠮᠵᠢ ᠬᠢᠵᠡᠢ᠃ | ᠲᠤᠰ ᠤᠳᠠᠭᠠᠨ ᠤ ᠪᠤᠯᠪᠠᠰᠤᠷᠠᠯ ᠳᠤ ᠲᠤᠭ ᠪᠠᠯᠭᠠᠰᠣᠨ ᠤ ᠮᠠᠯ ᠡᠮᠨᠡᠯᠬᠡ ᠶᠢᠨ ᠦᠷᠳᠡᠬᠡᠨ ᠤ ︽ᠲᠠᠯ᠎ᠠ ᠶᠢᠨ | ᠡᠯᠴᠢᠨ︾ ᠮᠠᠯ ᠤᠨ ᠡᠮᠴᠢ ᠶᠢᠨ ᠦᠢᠯᠡᠴᠢᠯᠡᠬᠡᠨ ᠤ ᠠᠩᠬᠢ ᠢᠷᠡᠵᠣ ᠮᠠᠯ ᠤᠨ ᠢᠯᠭᠠᠳᠠᠰᠤᠨ ᠳᠤ ᠰᠢᠨᠵᠢᠯᠡᠭᠡ ᠬᠢᠵᠣ᠂ | ᠮᠠᠯ ᠤᠨ ᠪᠠᠶ᠎ᠠ ᠳᠤ ᠰᠢᠮᠡᠬᠦᠷ ᠬᠤᠷᠣᠬᠠᠢ ᠪᠠᠶᠢᠬᠤ ᠡᠰᠡᠬᠦ ᠶᠢ ᠮᠠᠯᠴᠢᠳ ᠲᠤ ᠲᠣᠳᠣᠯᠠᠵᠣ ᠦᠭᠴᠡᠢ᠃ ᠦᠪᠦᠷ | ᠮᠤᠩᠭᠤᠯ ᠤᠨ ᠲᠠᠷᠢᠶᠠᠯᠠᠩ ᠤᠨ ᠶᠡᠭᠡ ᠰᠣᠷᠭᠠᠭᠤᠯᠢ ᠶᠢᠨ ᠪᠠᠭᠰᠢ ᠨᠠᠷ ᠪᠠᠰᠠ ᠪᠤᠯᠪᠠᠰᠤᠷᠠᠯ ᠳᠤ ᠣᠷᠣᠯᠴᠠᠭᠰᠠᠠ ᠠᠶᠢᠯ | ᠡᠷᠣᠬᠡ ᠳᠤ ᠬᠦᠷᠴᠣ ᠮᠠᠯᠴᠢᠳ ᠤᠨ ᠲᠠᠷᠢᠵᠣ ᠪᠠᠶᠢᠭ᠎ᠠ ᠪᠣᠷᠳᠣᠭᠠᠨ ᠲᠠᠷᠢᠶ᠎ᠠ᠂ ᠨᠣᠭᠤᠭᠠᠨ ᠪᠣᠷᠳᠣᠭᠠᠨ ᠤ ᠡᠪᠡᠰᠣ᠂ | ᠪᠣᠷᠣ ᠴᠠᠷᠭᠠᠰᠣ ᠵᠡᠷᠬᠡ ᠳᠤ ᠪᠠᠶᠢᠴᠠᠭᠠᠯᠳᠠ ᠬᠢᠵᠣ᠂ ᠬᠦᠷᠣᠯᠴᠡᠬᠦ ᠦᠭᠡᠢ ᠲᠠᠯ᠎ᠠ ᠶᠢ ᠨᠢ ᠵᠢᠭᠠᠨ ᠭᠠᠷᠭᠠᠵᠣ᠂ | ᠲᠠᠪᠠᠭᠤᠯᠢᠭ ᠲᠠᠯ᠎ᠠ ᠶᠢ ᠨᠢ ᠦᠨᠠᠯᠠᠵᠣ ᠵᠢᠭᠠᠨ ᠵᠢᠯᠣᠭᠤᠳᠣᠭᠰᠠᠨ ᠪᠠᠶᠢᠨ᠎ᠠ᠃ | ᠬᠤᠶᠠᠷ ᠡᠳᠣᠷ ᠤᠨ ᠬᠢᠴᠢᠶᠠᠯ ᠪᠣᠯᠪᠠᠰᠣᠷᠠᠯ ᠠᠮᠵᠢᠯᠳᠠ ᠲᠠᠢ ᠰᠠᠶᠢᠬᠠᠨ ᠶᠠᠪᠣᠭᠳᠠᠵᠣ᠂ ᠡᠷᠬᠢᠯᠡᠨ ᠬᠢᠭᠰᠡᠨ | ᠪᠠᠶᠢᠭᠤᠯᠭ᠎ᠠ ᠨᠢᠬᠡᠴᠢ ᠵᠣᠷᠢᠯᠭ᠎ᠠ ᠳᠠᠭᠠᠨ ᠬᠦᠷᠴᠣ᠂ ᠬᠢᠴᠢᠶᠠᠯᠠᠯᠬᠡ ᠬᠢᠭᠰᠡᠨ ᠪᠠᠭᠰᠢ ᠨᠠᠷ ᠰᠣᠷᠴᠣ ᠡᠵᠡᠮᠰᠢᠭᠰᠡᠨ | ᠮᠡᠳᠡᠯᠬᠡ᠂ ᠰᠣᠳᠣᠯᠵᠣ ᠭᠠᠷᠭᠠᠭᠰᠠᠨ ᠦᠷ᠎ᠠ ᠪᠦᠳᠣᠮᠵᠢ᠂ ᠮᠡᠳᠡᠯᠬᠡ ᠴᠢᠳᠠᠪᠣᠷᠢ ᠪᠠᠨ ᠮᠠᠯᠴᠢᠳ ᠲᠠᠢ ᠪᠠᠨ | ᠬᠤᠪᠢᠶᠠᠯᠴᠠᠵᠣ᠂ ᠮᠠᠯᠴᠢᠨ ᠲᠦᠮᠡᠨ ᠨᠢ ᠰᠢᠨ᠎ᠠ ᠮᠡᠳᠡᠯᠬᠡ ᠮᠡᠷᠬᠡᠵᠢᠯ ᠢ ᠡᠵᠡᠮᠰᠢᠵᠤ᠂ ᠣᠯᠤᠯᠳᠡ ᠥᠨᠳᠥᠷ ᠰᠡᠳᠬᠢᠯ | ᠪᠠᠶᠠᠰᠤᠩᠭᠤᠢ ᠪᠠᠷ ᠭᠠᠨᠵᠤᠭ᠎ᠠ ᠲᠥᠭᠦᠷᠡᠩ ᠠᠷᠤ ᠭᠡᠷ ᠲᠡᠭᠡᠨ ᠪᠤᠴᠠᠭᠰᠠᠨ ᠪᠠᠶᠢᠨ᠎ᠠ᠃ | |