ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-08-26
     8 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠸᠢ ᠯᠦ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃  ᠬᠤᠰᠢᠭᠤ ᠤᠳᠤᠷᠢᠳᠤᠯᠭ᠎ᠠ ᠵᠠᠩ ᡁᠢ ᠰᠢᠦ᠋ᠩ᠂ ᠯᠢ ᠵᠦᠩ ᠯᠢᠨ᠂ ᠭᠤᠤ ᠬᠤ᠋᠂ ᠵᠸᠤ ᠱᠤᠸᠠᠢ᠂ ᠪᠠᠶᠠᠨᠴᠡᠩᠭᠡᠯ ᠬᠤᠷᠠᠯ ᠳᠤ ᠰᠠᠭᠠᠳᠠᠵᠤ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶ ᠤ ᠬᠠᠮᠢᠶᠠᠷᠤᠯᠲᠠ ᠶᠢᠨ ᠵᠥᠪᠯᠡᠯ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ︽ᠠᠮᠢ ᠠᠬᠤᠢ ᠶᠢᠨ ᠪᠣᠯᠪᠠᠰᠤᠨ ᠢ ᠠᠭᠢᠭᠤᠯᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠳᠥᠭᠡᠨ ᠪᠠᠶᠢᠭᠤᠯᠤᠶ᠎ᠠ︾ ᠭᠡᠭᠦ ᠸᠢᠳᠢᠣ᠋ ᠲᠠᠶᠢᠯᠤᠮᠵᠢ ᠶᠢ ᠬᠠᠮᠲᠤ ᠪᠠᠷ ᠦᠵᠡᠨ ᠵᠠᠰᠠᠭ ᠤᠨ ᠣᠷᠳᠣᠨ ᠤ ᠰᠢᠰᠲ᠋ᠧᠮ ᠤᠨ  ᠭᠤᠤᠯ ᠰᠡᠳᠦᠪᠲᠦ ᠬᠥᠮᠦᠵᠢᠯ ᠢ ᠤᠷᠢᠳᠴᠢᠯᠠᠨ ᠪᠡᠯᠡᠳᠭᠡᠭᠦ ᠠᠵᠢᠯ ᠪᠠ ᠤᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃      ᠵᠤᠤ ᠹᠧᠶ ᠯᠦ ᠵᠢᠭᠠᠵᠤ ᠭᠠᠷᠭᠠᠬᠤ ᠳᠤ ᠪᠠᠨ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ   ᠥᠢᠯᠡᠳᠤᠯᠭᠡ ᠪᠠᠨ ᠵᠢᠯᠣᠭᠤᠳᠤᠭᠤᠯᠵᠤ ᠪᠦᠬᠦ ᠨᠠᠮ ᠤᠨ ᠨᠠᠩ ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ᠨᠠᠮ ᠤᠨ ᠲᠡᠦᠬᠡᠲᠦ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠶᠢ ᠠᠬᠢᠭᠤᠯᠬᠤ ᠴᠢᠬᠤᠯᠠ ᠶᠡᠭᠡ ᠰᠶᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠨᠢᠭᠡ ᠲᠥᠷᠤᠯ ᠤᠨ ᠴᠢᠬᠤᠯᠠ ᠶᠡᠭᠡ ᠤᠯᠤᠰ ᠲᠥᠷᠦ ᠶᠢᠨ ᠡᠭᠦᠷᠭᠡ  ᠪᠤᠯᠭᠠᠨ ︽ᠳᠥᠷᠪᠡᠨ ᠤᠬᠠᠮᠰᠠᠷ︾  ᠢ ᠦᠢᠯᠡᠳᠦᠯᠭᠡᠵᠢᠬᠦᠯᠵᠤ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠤ ᠦᠵᠡᠯ ᠰᠠᠨᠠᠭᠠᠨ ᠤ ᠳᠠᠶᠢᠴᠢᠯᠠᠯᠲᠠ ᠪᠣᠯᠭᠠᠵᠤ ᠤᠷᠢᠳᠴᠢᠯᠠᠨ ᠪᠠᠶᠢᠷᠢᠯᠠᠭᠤᠯᠵᠤ  ᠤᠷᠢᠳᠴᠢᠯᠠᠨ ᠲᠥᠯᠥᠪᠵᠢᠭᠦᠯᠵᠦ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ ᠭᠡᠵᠡᠢ᠃      ᠵᠤᠤ ᠹᠧᠶ ᠯᠦ ᠱᠠᠭᠠᠷᠳᠠᠬᠤ ᠳᠤ ᠪᠠᠨ᠂ ᠤᠳᠤᠷᠢᠳᠬᠤ ᠺᠠᠳ᠋ᠷᠴᠤᠳ ᠤᠨ ᠲᠠᠭᠤᠷᠢᠶᠠᠯ ᠲᠠᠭᠠᠭᠤᠯᠤᠭᠴᠢ ᠶᠢᠨ ᠥᠢᠯᠡᠳᠤᠯ ᠢ ᠭᠦᠶ᠋ᠴᠡᠳ ᠪᠠᠳᠠᠷᠠᠭᠤᠯᠵᠤ ᠲᠥᠪᠯᠡᠷᠡᠭᠦᠯᠦᠨ ᠰᠤᠷᠤᠯᠴᠠᠬᠤ ᠪᠠ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠤᠶᠠᠯᠳᠤᠭᠤᠯᠬᠤ ᠶᠢ  ᠪᠠᠷᠢᠮᠳᠠᠯᠠᠨ ︽ᠰᠤᠷᠤᠯᠴᠠᠬᠤ ᠪᠠᠷ ᠤᠯᠤᠰ ᠢᠶᠠᠨ ᠭᠥᠴᠤᠷᠭᠡᠭᠵᠢᠭᠦᠯᠭᠦ  ︾ ᠲᠠᠪᠴᠠᠩ᠂ ᠣᠷᠳᠣᠰ ᠤᠨ ᠺᠠᠳ᠋ᠷ ᠤᠨ ᠰᠦᠯᠵᠢᠶᠡᠨ ᠤ ᠲᠡᠭᠡᠳᠤ ᠰᠤᠷᠭᠠᠭᠤᠯᠢ ᠶᠢᠨ ᠰᠤᠷᠤᠯᠴᠠᠯᠭ᠎ᠠ ᠪᠠ ᠣᠶᠤᠨᠴᠢ ᠨᠠᠮ ᠤᠨ ᠪᠠᠶᠢᠭᠤᠯᠤᠯᠲᠠ ᠶᠢᠨ ᠰᠤᠷᠤᠯᠴᠠᠯᠭ᠎ᠠ ᠶᠢᠨ ᠲᠠᠪᠴᠠᠩ ᠢ ᠰᠠᠶᠢᠲᠤᠷ ᠠᠰᠢᠭᠯᠠᠵᠤ ᠲᠥᠪᠯᠡᠷᠡᠭᠦᠯᠦᠨ ᠰᠤᠷᠤᠯᠴᠠᠬᠤ᠂ ᠴᠠᠭ ᠢᠮᠠᠭᠲᠠ ᠰᠤᠷᠤᠯᠴᠠᠬᠤ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠶ᠃  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠰᠤᠷᠲᠠᠯ ᠢᠶᠠᠨ ᠬᠤᠪᠢᠷᠠᠭᠤᠯᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠤᠶᠠᠯᠳᠤᠭᠤᠯᠤᠨ ᠨᠢᠭᠡᠳᠦᠭᠡᠷ ᠹᠷᠣᠨᠲ ᠲᠤ ᠪᠠᠶᠢᠴᠠᠭᠠᠨ ᠰᠤᠳᠤᠯᠤᠯᠲᠠ ᠬᠢᠵᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠶᠢᠯᠠᠭᠠᠨ ᠰᠠᠨᠠᠯ ᠰᠠᠨᠠᠭᠤᠯᠭ᠎ᠠ ᠬᠤᠷᠢᠶᠠᠵᠤ ᠵᠥᠷᠢᠶ᠎ᠡ ᠲᠠᠢ ᠲᠠᠯ᠎ᠠ ᠬᠦᠷᠦᠯᠴᠡᠬᠦ ᠥᠬᠡᠶ ᠲᠠᠯ᠎ᠠ ᠪᠠᠨ ᠦᠨᠡᠨᠬᠦ ᠡᠷᠢᠵᠦ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠶᠢᠳᠪᠤᠷᠢᠯᠠᠭᠦ ᠬᠡᠷᠡᠭᠲᠡᠶ ᠭᠡᠵᠡᠢ᠃      ᠵᠤᠤ ᠹᠧᠶ ᠯᠦ ᠴᠢᠬᠤᠯᠠᠴᠢᠯᠠᠬᠤ ᠳᠤ ᠪᠠᠨ᠂ ᠰᠤᠷᠤᠯᠴᠠᠯᠭ᠎ᠠ ᠬᠥᠮᠦᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾  ᠂ ᠪᠦᠬᠦ ᠤᠯᠤᠰ  ᠤᠨ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠲᠣᠭᠤᠷᠢᠨ ᠪᠠᠶᠢᠴᠠᠭᠠᠬᠠᠰᠠ ᠰᠠᠨᠠᠯ ᠢ ᠴᠡᠭᠴᠡᠯᠡᠨ ᠰᠠᠶᠢᠵᠢᠷᠠᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠵᠡᠷᠭᠡ ᠠᠵᠢᠯ ᠲᠠᠢ ᠤᠶᠠᠯᠳᠤᠭᠤᠯᠵᠤ ᠨᠡᠶᠢᠬᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ ᠢ ᠬᠠᠮᠠᠭᠠᠯᠠᠬᠤ᠂ ᠮᠠᠯ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠠᠵᠢᠯ ᠲᠠᠢ ᠤᠶᠠᠯᠳᠤᠭᠤᠯᠵᠤ  ᠰᠤᠷᠤᠯᠴᠠᠯᠭ᠎ᠠ ᠪᠠᠷ ᠢᠲᠡᠭᠡᠮᠵᠢ ᠶᠢ ᠠᠬᠢᠭᠤᠯᠬᠤ᠂ ᠰᠤᠷᠤᠯᠴᠠᠯᠭ᠎ᠠ ᠪᠠᠷ ᠴᠢᠳᠠᠪᠤᠷᠢ ᠶᠢ ᠠᠬᠢᠭᠤᠯᠬᠤ᠂ ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠬᠤ ᠵᠣᠷᠢᠯᠭ᠎ᠠ ᠳᠤ ᠬᠦᠷᠬᠦ ᠬᠡᠷᠡᠭᠲᠡᠶ ᠭᠡᠵᠡᠢ᠃      ᠬᠤᠷᠠᠯ ᠳᠡᠭᠡᠷ᠎ᠡ᠂ ᠵᠤᠤ ᠹᠧᠶ ᠯᠦ ᠤᠶᠢᠷ᠎ᠠ ᠶᠢᠨ ᠬᠤᠭᠤᠴᠠᠭᠠᠨ ᠤ ᠲᠣᠭᠤᠷᠢᠨ ᠪᠠᠶᠢᠴᠠᠭᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠮᠠᠯ ᠲᠠᠷᠢᠶᠠᠯᠠᠩ ᠠᠵᠤ ᠠᠬᠤᠢ᠂ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ᠂ ᠣᠢ ᠰᠢᠭᠤᠶ ᠨᠤᠲᠤᠭ ᠪᠡᠯᠴᠢᠭᠡᠷ ᠢ ᠴᠡᠭᠴᠡᠯᠡᠨ ᠰᠠᠶᠢᠵᠢᠷᠠᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠡᠷᠭᠡ ᠭᠤᠤᠯᠳᠠᠯᠭ᠎ᠠ ᠲᠠᠢ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠵᠡᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号