ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠵᠢᠴᠢ ᠬᠤᠶᠠᠳᠤᠭᠠᠷ ᠬᠤᠭᠤᠴᠠᠭᠠᠨ ᠤ ︽ᠦᠤᠰᠢᠨ ᠠᠳᠤᠭᠤ︾ ᠪᠤᠯᠤᠨ ᠮᠤᠩᠭᠤᠯ ᠦᠨᠳᠦᠰᠦᠲᠡᠨ ᠤ ᠠᠳᠤᠭᠤᠨ ᠰᠤᠶᠤᠯ ᠤᠨ ᠡᠷᠳᠡᠮ ᠰᠢᠨᠵᠢᠯᠡᠭᠡᠨ ᠤ ᠬᠤᠷᠠᠯ ᠤᠨ ᠰᠤᠶᠤᠯ ᠲᠠᠮᠢᠷ ᠤᠨ ᠰᠢᠷᠢᠰ ᠠᠵᠢᠯᠯᠠᠭ᠎ᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2019-08-26
     8 ᠰᠠᠷ᠎ᠠ ᠶᠢᠨ 20 ᠤ ᠡᠳᠦᠷ ᠠᠴᠠ 21 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠵᠢᠴᠢ ᠬᠤᠶᠠᠳᠤᠭᠠᠷ ᠬᠤᠭᠤᠴᠠᠭᠠᠨ ᠤ ︽ᠦᠤᠰᠢᠨ ᠠᠳᠤᠭᠤ ︾ ᠪᠤᠯᠤᠨ ᠮᠤᠩᠭᠤᠯ ᠦᠨᠳᠦᠰᠦᠲᠡᠨ ᠤ ᠠᠳᠤᠭᠤᠨ ᠰᠤᠶᠤᠯ ᠤᠨ ᠡᠷᠳᠡᠮ ᠰᠢᠨᠵᠢᠯᠡᠭᠡᠨ ᠤ ᠬᠤᠷᠠᠯ ᠤᠨ ᠰᠤᠶᠤᠯ ᠲᠠᠮᠢᠷ ᠤᠨ ᠰᠢᠷᠢᠰ ᠠᠵᠢᠯᠯᠠᠭ᠎ᠠ ᠦᠦᠰᠢᠨᠵᠣᠣ ᠪᠠᠯᠭᠠᠰᠤᠨ ᠤ ᠪᠠᠶᠠᠨᠲᠣᠯᠣᠭᠠᠶ ᠭᠠᠴᠠᠭᠠᠨ ᠳᠤ ᠶᠠᠪᠤᠭᠳᠠᠵᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠥᠪᠥᠷ ᠮᠣᠩᠭᠤᠯ  ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠮᠢᠶ᠎ᠠ ᠪᠦᠬᠦᠢ ᠡᠷᠳᠡᠮᠲᠡᠨ ᠫᠷᠣᠹᠧᠰᠰᠣᠷ ᠪᠤᠯᠤᠨ ᠬᠤᠰᠢᠭᠤ ᠳᠡᠳ᠋ ᠳᠠᠷᠤᠭ᠎ᠠ ᠯᠢᠦ ᠵᠧᠩ  ᠡᠬᠢᠯᠡᠯᠲᠡ ᠶᠢᠨ ᠶᠤᠰᠤᠯᠠᠯ ᠳᠤ ᠣᠷᠣᠯᠴᠠᠵᠤ᠂ ᠬᠤᠰᠢᠭᠤ ᠰᠣᠶᠣᠯ ᠪᠠ ᠵᠢᠭᠤᠯᠴᠢᠯᠠᠯ ᠤᠨ ᠲᠤᠪᠴᠢᠶ᠎ᠠ᠂  ᠭᠠᠳᠠᠨ᠎ᠠ ᠲᠤᠳᠤᠨ᠎ᠠ ᠮᠤᠵᠢ ᠤᠷᠤᠨ ᠤ ᠦᠨᠳᠦᠰᠦᠲᠡᠨ᠂ ᠵᠠᠩ ᠦᠢᠯᠡ᠂ ᠠᠷᠠᠳ ᠤᠨ ᠰᠣᠶᠣᠯ ᠤᠨ ᠰᠤᠳᠤᠯᠭᠠᠨ ᠤ ᠲᠠᠯ᠎ᠠ ᠶᠢᠨ ᠲᠤᠰᠬᠠᠶ ᠮᠠᠷᠭᠡᠵᠢᠯᠳᠠᠳ ᠪᠠ ᠤᠶᠢᠷ᠎ᠠ ᠵᠡᠷᠭᠡᠯᠡᠳᠡᠭᠡ ᠬᠤᠰᠢᠭᠤ ᠲᠣᠭᠤᠷᠢᠭ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠦᠦᠰᠢᠨᠵᠣᠣ ᠪᠠᠯᠭᠠᠰᠤ᠂ ᠬᠤᠰᠢᠭᠤᠨ ᠤ ᠠᠳᠤᠭᠤᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠥᠷᠭᠡᠨ ᠣᠯᠠᠨ ᠮᠠᠯᠴᠢᠨ ᠲᠠᠷᠢᠶᠠᠴᠢᠨ ᠵᠢᠴᠢ ᠡᠯ᠎ᠡ ᠭᠠᠵᠠᠷ ᠤᠨ ᠵᠤᠭᠠᠴᠠᠭᠰᠠᠳ ᠠᠵᠢᠯᠯᠠᠭ᠎ᠠ ᠳᠤ ᠤᠷᠤᠯᠴᠠᠯ᠎ᠠ᠃
     ᠶᠤᠰᠤᠯᠠᠯ ᠲᠡᠭᠡᠷ᠎ᠡ᠂ ᠬᠤᠰᠢᠭᠤ ᠲᠡᠳ᠋ ᠲᠠᠷᠤᠭ᠎ᠠ ᠯᠢᠦ ᠵᠧᠩ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠪᠠᠶᠠᠷ ᠤᠨ ᠦᠭᠡ ᠶᠠᠷᠢᠵᠤ ᠵᠢᠭᠠᠬᠤ ᠳᠤ ᠪᠠᠨ᠂ ︽ᠦᠦᠰᠢᠨ  ᠠᠳᠤᠭᠤ︾ ᠨᠢ  ᠥᠨᠢ ᠤᠳᠠᠭᠠᠨ ᠲᠡᠦᠬᠡ ᠲᠠᠢ᠂ ᠪᠡᠶ᠎ᠡ ᠪᠢᠯᠳᠠᠷ ᠪᠠᠭ᠎ᠠ᠂ ᠲᠣᠭᠲᠠᠭᠤᠨ ᠲᠦᠷᠭᠡᠨ᠂ ᠵᠠᠩ ᠠᠭᠠᠯᠢ ᠡᠶᠡᠯᠳᠡᠭ ᠵᠡᠷᠭᠡ ᠣᠨᠴᠠᠯᠢᠭ  ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠠᠳᠤᠭᠤᠨ ᠰᠣᠶᠣᠯ ᠤᠨ ᠪᠠᠶᠢᠭᠤᠯᠤᠯᠲᠠ ᠶᠢᠨ ᠴᠢᠬᠤᠯᠠ ᠨᠡᠷᠡᠲᠦ ᠲᠡᠮᠳᠡᠭ ᠪᠤᠯᠤᠭᠰᠠᠨ ᠪᠠᠶᠢᠨ᠎ᠠ᠃ ᠥᠩᠭᠡᠷᠡᠭᠰᠠᠨ ᠵᠢᠯ ᠤᠳ ᠲᠤ  ᠮᠠᠨ ᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠨᠳᠦᠰᠦᠲᠡᠨ ᠤ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ 2019 ᠣᠨ ᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠮᠠᠨ ᠤ ᠬᠤᠰᠢᠭᠤ ᠶᠢ ︽2018 — 2020 ᠣᠨ ᠤ ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾ ᠭᠡᠵᠦ ᠨᠡᠷᠡᠶᠢᠳᠦᠪᠡ᠃ ᠠᠳᠤᠭᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ  ᠵᠠᠮ ᠳᠤ ᠮᠠᠨ ᠤ ᠬᠤᠰᠢᠭᠤ ︽ᠦᠦᠰᠢᠨ ᠠᠳᠤᠭᠤ︾ ᠶᠢᠨ ᠠᠵᠤ ᠦᠢᠯᠡᠰ ᠤᠨ ᠳᠠᠪᠠᠭᠤᠯᠢᠭ  ᠢᠶᠠᠨ ᠭᠦᠶᠴᠡᠳ ᠪᠠᠳᠠᠷᠠᠭᠤᠯᠵᠤ   ᠠᠳᠤᠭᠤᠨ ᠤ ᠠᠵᠤ ᠦᠶᠯᠡᠰ᠂ ᠠᠳᠤᠭᠤᠨ ᠤ ᠰᠣᠶᠣᠯ᠂ ᠠᠳᠤᠭᠤᠨ ᠤ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠵᠤ ᠠᠳᠤᠭᠤᠨ ᠤ ᠡᠳ᠋ᠯᠡᠯ ᠬᠡᠷᠡᠭᠰᠡᠯ᠂ ᠠᠳᠤᠭᠤᠨ ᠤ ᠵᠠᠰᠠᠯ ᠴᠢᠮᠡᠭᠯᠠᠯ ᠵᠡᠷᠭᠡ ᠨᠢᠭᠡ ᠪᠦᠯᠦᠭ ᠰᠣᠶᠣᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ  ︽ᠦᠦᠰᠢᠨ ᠠᠳᠤᠭᠤ︾ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠭᠢᠭᠤᠯᠤᠭᠰᠠᠨ ᠪᠠᠶᠢᠨ᠎ᠠ  ᠭᠡᠵᠡᠢ᠃
     ᠠᠵᠢᠯᠯᠠᠭᠠᠨ ᠤ ᠬᠤᠭᠤᠴᠠᠭᠠᠨ ᠳᠤ᠂ ᠮᠤᠩᠭᠤᠯ ᠠᠳᠤᠭᠤᠨ ᠰᠤᠶᠤᠯ ᠤᠨ ᠰᠤᠳᠤᠯᠭᠠᠨ ᠤ ᠭᠡᠰᠢᠭᠦᠳ ᠤᠶᠠᠭᠠᠴᠢᠳ ᠤᠨ ᠲᠤᠮᠳᠠ ᠬᠦᠨᠵᠡᠬᠡᠶᠢᠷᠡᠵᠤ ᠦᠥᠰᠢᠨ ᠠᠳᠤᠭᠤ ᠪᠠᠨ ᠭᠡᠷᠬᠢᠨ ᠠᠷᠠᠴᠢᠯᠠᠵᠤ ᠬᠠᠮᠠᠭᠠᠯᠠᠨ ᠤᠷᠤᠨ ᠨᠤᠲᠤᠭ ᠤᠨ ᠠᠳᠤᠭᠤᠨ ᠰᠤᠶᠤᠯ ᠢᠶᠠᠨ ᠵᠠᠯᠭᠠᠮᠵᠢᠯᠠᠨ ᠬᠦᠭᠵᠢᠭᠦᠯᠬᠦ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠳᠠ ᠬᠢᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠤᠨ ︽ᠦᠤᠰᠢᠨ ᠠᠳᠤᠭᠤ︾ ︽ᠮᠤᠩᠭᠤᠯ ᠮᠤᠷᠢᠨ ᠤ ᠵᠤᠷᠢᠭ ᠰᠠᠨᠠᠭ᠎ᠠ︾᠂ ᠦᠤᠰᠢᠨ ᠠᠳᠤᠭᠤᠨ ᠤ ᠠᠮᠢ ᠠᠬᠤᠢ ᠳᠤ ᠦᠵᠡᠬᠦᠯᠦᠭᠰᠡᠨ  ᠦᠨ᠎ᠡ ᠦᠷᠳᠡᠭ᠂ ᠮᠤᠩᠭᠤᠯ ᠮᠤᠷᠢᠨ ᠤ ᠲᠡᠤᠭᠡ ᠳᠤ ᠦᠵᠡᠬᠦᠯᠦᠭᠰᠡᠨ ᠭᠠᠪᠢᠶ᠎ᠠ ᠵᠢᠳᠬᠦᠯ᠂ ᠮᠤᠩᠭᠤᠯ ᠮᠤᠷᠢᠨ ᠤ ᠰᠤᠶᠤᠯ ᠢ ᠤᠯᠠᠮᠵᠢᠯᠠᠨ ᠬᠦᠭᠵᠢᠬᠦᠯᠬᠦ ᠶᠢᠨ ᠠᠯᠤᠰ ᠬᠡᠲᠦ ᠶᠢᠨ ᠠᠴᠢ ᠬᠤᠯᠪᠤᠭᠳᠠᠯ᠂ ᠠᠳᠤᠭᠤᠨ ᠰᠤᠶᠤᠯ ᠤᠨ ᠠᠵᠤ ᠦᠢᠯᠡᠰ ᠢ ᠬᠡᠷᠬᠢᠨ ᠬᠦᠭᠵᠢᠬᠦᠯᠬᠦ ᠲᠤᠬᠠᠢ ᠰᠤᠳᠤᠯᠤᠨ ᠶᠠᠷᠢᠯᠴᠠᠭᠰᠠᠨ ᠪᠠᠶᠢᠨ᠎ᠠ᠃
     ᠠᠵᠢᠯᠯᠠᠭ᠎ᠠ ᠳᠤ ᠪᠠᠰᠠ ᠪᠠᠶᠠᠨᠲᠤᠯᠤᠭᠠᠢ ᠭᠠᠴᠠᠭᠠᠨ ᠤ ᠮᠠᠯᠴᠢᠳ ᠤᠨ ᠨᠠᠭᠠᠳᠤᠮ ᠢ ᠶᠠᠪᠤᠭᠳᠠᠭᠤᠯᠵᠤ ᠦᠥᠰᠢᠨᠵᠤᠤ ᠪᠠᠯᠭᠠᠰᠤᠨ ᠤ ᠡᠯ᠎ᠡ ᠭᠠᠴᠠᠭᠠᠨ ᠤ ᠮᠠᠯᠴᠢᠳ ᠤᠨ ᠰᠤᠶᠤᠯ ᠤᠨ ᠲᠤᠭᠤᠶᠢᠯᠠᠩ ᠠᠴᠠ ᠤᠷᠠᠨ ᠰᠠᠶᠢᠬᠠᠨ  ᠤ ᠲᠤᠭᠯᠠᠯᠲᠠ ᠭᠠᠷᠭᠠᠨ   ᠮᠣᠩᠭᠤᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ᠂ ᠬᠦᠴᠦᠨ ᠵᠠᠯᠭᠠᠬᠤ ᠤᠷᠤᠯᠳᠤᠭᠠᠨ᠂ ᠳᠡᠭᠡᠰᠦ ᠲᠠᠲᠠᠬᠤ ᠤᠷᠤᠯᠳᠤᠭᠠᠨ ᠢ ᠶᠠᠪᠤᠭᠳᠠᠭᠤᠯᠵᠤ ᠬᠤᠰᠢᠭᠤ ᠤᠯᠠᠭᠠᠨᠮᠦ᠋ᠴᠢᠷ  ᠠᠴᠠ ᠤᠷᠠᠨ ᠰᠠᠶᠢᠬᠠᠨ ᠤ ᠲᠤᠭᠯᠠᠯᠲᠠ ᠭᠠᠷᠭᠠᠭᠰᠠᠨ ᠪᠠᠶᠢᠨ᠎ᠠ᠃ ᠪᠠᠰᠠ ᠪᠠᠶᠠᠨᠲᠣᠯᠣᠭᠠᠶ ᠭᠠᠴᠠᠭᠠᠨ ᠤ ᠰᠠᠶᠢᠨ ᠰᠠᠶᠢᠬᠠᠨ ᠭᠡᠷ ᠪᠦᠯᠢ᠂ ᠨᠠᠷᠢᠨ ᠨᠣᠣᠰᠣᠲᠤ ᠬᠤᠨᠢ ᠲᠡᠵᠢᠭᠡᠨ ᠦᠷᠡᠵᠢᠭᠦᠯᠬᠦ ᠡᠷᠦᠬᠡ᠂ ᠲᠠᠯ᠎ᠠ ᠨᠤᠲᠤᠭ ᠤᠨ ᠤᠯᠠᠭᠠᠨ ᠦᠬᠡᠷ ᠲᠡᠵᠢᠭᠡᠨ ᠦᠷᠡᠵᠢᠭᠦᠯᠬᠦ ᠡᠷᠦᠬᠡ᠂ ᠰᠢᠯᠢᠳᠡᠭ ᠣᠶᠤᠲᠠᠨ᠂ ᠴᠠᠭᠠᠨ ᠢᠳᠡᠭᠡᠨ ᠤ ᠠᠵᠤ ᠦᠢᠯᠡᠰ ᠤᠨ ᠡᠷᠦᠬᠡ  ᠶᠢ ᠲᠤᠰ ᠲᠤᠰ ᠬᠥᠬᠢᠭᠦᠯᠦᠨ ᠱᠠᠩᠨᠠᠵᠠᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号