ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠣᠭᠠᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-08-26
     8 ᠰᠠᠷ᠎ᠠ ᠶᠢᠨ 22 ᠤᠨ ᠡᠳᠦᠷ ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ  ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠣᠭᠠᠷ ᠣᠳᠠᠭᠠᠨ ᠤ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠶᠠᠨᠮᠠᠨᠳᠣᠬᠤ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠦ ᠹᠧᠩ᠂ ᠸᠠᠩ ᠶᠦᠩ ᠴᠢᠩ᠂ ᠾᠧ ᠣᠯᠠᠭᠠᠨ ᠪᠤᠯᠤᠨ ᠪᠠᠶᠢᠩᠭᠤ ᠶᠢᠨ ᠬᠤᠷᠢᠶᠠᠨ ᠤ ᠬᠡᠰᠢᠬᠦᠳ ᠬᠤᠷᠠᠯ ᠳᠤ ᠣᠷᠣᠯᠴᠠᠪᠠ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠣᠯᠣᠰ ᠳᠦᠷᠦ ᠬᠠᠣᠯᠢ ᠴᠠᠭᠠᠵᠠ ᠶᠢᠨ ᠬᠤᠷᠢᠶᠠᠨ ᠤ ᠱᠦᠵᠢ ᠰᠣᠷᠭᠠᠯᠲᠣ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂  ᠬᠤᠰᠢᠭᠤ ᠳᠡᠳ᠋ ᠳᠠᠷᠤᠭ᠎ᠠ ᠳᠣᠳᠣᠭᠠᠲᠣ ᠶᠢ ᠬᠠᠮᠠᠭᠠᠯᠠᠬᠤ ᠳᠣᠪᠴᠢᠶᠠᠨ ᠳᠠᠷᠤᠭ᠎ᠠ ᠭᠤᠣ ᠬᠣ᠋᠂  ᠬᠤᠰᠢᠭᠤ ᠳᠡᠳ᠋ ᠳᠠᠷᠤᠭ᠎ᠠ ᠪᠠᠶᠠᠨᠴᠡᠩᠬᠡᠯ  ᠂ ᠬᠤᠰᠢᠭᠤ ᠠᠷᠠᠳ ᠤᠨ ᠰᠢᠬᠦᠬᠦ ᠬᠤᠷᠢᠶᠠᠨ ᠤ ᠳᠠᠷᠤᠭ᠎ᠠ ᠰᠦᠨ ᠰᠢᠶᠣᠣ ᠴᠢᠶᠠᠩ᠂ ᠵᠠᠰᠠᠭ ᠤᠨ ᠣᠷᠳᠣᠨ ᠤ ᠬᠡᠰᠡᠭ ᠪᠦᠷᠢᠯᠳᠦᠬᠦᠨ ᠰᠠᠯᠠᠭ᠎ᠠ ᠮᠦᠴᠢᠷ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠳᠠᠨ᠂ ᠬᠤᠰᠢᠭᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ ᠪᠠᠶᠢᠭᠤᠯᠭ᠎ᠠ ᠳᠤ ᠰᠠᠭᠤᠭ᠎ᠠ ᠰᠠᠬᠢᠯᠭ᠎ᠠ ᠪᠠᠳᠣ ᠬᠢᠨᠠᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ᠂ ᠬᠤᠰᠢᠭᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠪᠯᠡᠯ ᠠᠯᠪᠠᠨ ᠬᠡᠷ ᠤᠨ ᠳᠡᠳ᠋ ᠡᠷᠬᠢᠯᠡᠭᠴᠢ᠂ ᠭᠡᠰᠡᠭ ᠰᠣᠮᠣ ᠪᠠᠯᠭᠠᠰᠣᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠡᠷᠢᠬᠦᠯᠡᠭᠴᠢ ᠶᠢᠨ ᠪᠦᠯᠬᠦᠮ ᠤᠨ ᠬᠠᠷᠢᠭᠤᠴᠠᠯᠭᠠᠳᠠᠨ ᠵᠢᠴᠢ ᠬᠤᠰᠢᠭᠤ ᠳᠡᠰ ᠤᠨ ᠠᠷᠠᠳ ᠤᠨ ᠳᠦᠯᠦᠭᠡᠯᠡᠭᠴᠢ ᠬᠤᠷᠠᠯ ᠳᠤ ᠰᠣᠯᠠ ᠣᠷᠣᠯᠴᠠᠪᠠ᠃ ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠨᠡᠶᠢᠳᠡ 25 ᠬᠡᠰᠢᠬᠦᠨ ᠲᠠᠢ᠂ ᠳᠣᠰ ᠣᠳᠠᠭᠠᠨ ᠤ ᠬᠤᠷᠠᠯ ᠳᠤ19 ᠬᠦᠮᠦᠨ ᠣᠷᠣᠯᠴᠠᠵᠦ ᠬᠠᠣᠯᠢ ᠳᠤ ᠲᠤᠭᠳᠠᠭᠠᠭᠰᠠᠨ ᠬᠦᠮᠦᠨ ᠤ ᠲᠤᠭᠠᠨ ᠳᠤ ᠨᠡᠶᠢᠴᠡᠪᠡ᠃
     ᠬᠤᠷᠠᠯ ᠡᠬᠢᠯᠡᠬᠦ ᠠᠴᠠ ᠡᠮᠦᠨ᠎ᠡ ᠪᠤᠶᠠᠨᠮᠠᠨᠳᠤᠬᠤ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠣᠷᠣᠨ ᠨᠣᠳᠤᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠠᠵᠢᠯ ᠳᠠᠬᠢ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃      ᠬᠤᠷᠠᠯ ᠠᠴᠠ ᠬᠤᠰᠢᠭᠤ ᠵᠠᠰᠠᠭ ᠤᠨ ᠣᠷᠳᠣᠨ ᠤ 2019 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠢᠯᠡᠳᠬᠡᠯ᠂ ᠬᠤᠰᠢᠭᠤ ᠬᠢᠨᠠᠨ ᠪᠠᠶᠢᠴᠠᠭᠠᠬᠤ ᠵᠦᠪᠯᠡᠯ ᠤᠨ 2019 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠬᠦᠯᠦᠯᠳᠡ᠂ ᠬᠤᠰᠢᠭᠤ ᠠᠷᠠᠳ ᠤᠨ ᠰᠢᠬᠦᠬᠦ ᠬᠤᠷᠢᠶᠠᠨ ᠤ 2019 ᠣᠨ ᠤ  ᠳᠡᠭᠡᠷ᠎ᠡ ᠬᠠᠭᠠᠰ ᠵᠢᠯ ᠤᠨ ᠠᠵᠢᠯ  ᠤᠨ ᠮᠡᠳᠡᠬᠦᠯᠦᠯᠳᠡ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ 2019 ᠣᠨ ᠤ ᠳᠡᠭᠡᠷ᠎ᠡ ᠬᠠᠭᠠᠰ ᠵᠢᠯ  ᠤᠨ ᠠᠵᠢᠯ ᠤᠨ ᠮᠡᠳᠡᠭᠦᠯᠦᠯᠳᠡ᠂ ᠪᠦᠬᠦ ᠬᠤᠰᠢᠭᠤᠨ ᠤ ᠮᠠᠯ ᠳᠠᠷᠢᠶᠠᠯᠠᠩ ᠤᠨ ᠭᠤᠷᠪᠠᠨ ᠶᠡᠭᠡ ᠭᠤᠣᠯᠯᠠᠭᠴᠢ ᠠᠵᠣ ᠦᠢᠯᠡᠰ ᠤᠨ ᠬᠦᠭᠵᠢᠯᠳᠡ ᠶᠢᠨ ᠪᠠᠶᠢᠳᠠᠯ ᠤᠨ ᠳᠣᠬᠠᠢ ᠮᠡᠳᠡᠬᠦᠯᠦᠯᠲᠡ᠂ ᠪᠦᠬᠦ ᠬᠤᠰᠢᠭᠤᠨ ᠤ ᠬᠠᠤᠯᠢᠵᠢᠯ ᠵᠠᠰᠠᠭ  ᠤᠨ ᠣᠷᠳᠣᠨ ᠤ ᠪᠠᠶᠢᠭᠤᠯᠣᠯᠲᠠ ᠶᠢᠨ ᠠᠵᠢᠯ ᠤᠨ ᠮᠡᠳᠡᠬᠦᠯᠦᠯᠲᠡ᠂ ︽ᠦᠦᠰᠢᠨ ᠬᠤᠰᠢᠭᠤᠨ ᠤ ᠣᠯᠣᠰ ᠠᠷᠠᠳ  ᠤᠨ ᠠᠵᠣ ᠠᠬᠤᠢ ᠪᠠ ᠨᠡᠶᠢᠬᠡᠮ ᠤᠨ ᠬᠦᠭᠵᠢᠯᠳᠡ ᠶᠢᠨ ᠠᠷᠪᠠᠨ ᠭᠤᠷᠪᠠᠳᠣᠭᠠᠷ ᠳᠠᠪᠣᠨ ᠵᠢᠯ ᠤᠨ ᠳᠦᠯᠦᠪᠯᠡᠭᠡ ᠶᠢᠨ ᠬᠦᠳᠦᠯᠪᠦᠷᠢ ᠶᠢᠨ ᠳᠣᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠬᠦᠯᠦᠯᠲᠡ ᠶᠢᠨ ᠳᠣᠬᠠᠢ ᠬᠤᠰᠢᠭᠤ ᠠᠷᠠᠳ  ᠤᠨ ᠵᠠᠰᠠᠭ ᠤᠨ ᠣᠷᠳᠣᠨ ᠤ ᠵᠦᠪᠯᠡᠯᠭᠡ︾ ᠶᠢ ᠰᠣᠨᠣᠰᠴᠦ ᠪᠠᠳᠣᠯᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠰᠡᠳᠬᠢᠯ ᠢᠶᠠᠨ ᠨᠢᠬᠡᠳᠬᠡᠵᠦ ᠬᠦᠴᠦᠨ ᠢᠶᠠᠨ ᠬᠠᠮᠳᠣᠳᠬᠠᠨ ᠬᠦᠭᠵᠢᠯᠳᠡ ᠶᠢ ᠠᠬᠢᠭᠤᠯᠬᠤ ᠡᠬᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠵᠦ ᠠᠷᠪᠠᠨ ᠭᠤᠷᠪᠠᠳᠣᠭᠠᠷ ᠳᠠᠪᠣᠨ ᠵᠢᠯ ᠤᠨ ᠳᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠤᠨ ᠲᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠰᠠᠶᠢᠳᠣᠷ ᠬᠢᠬᠦ ᠬᠡᠷᠡᠭᠲᠡᠢ ᠬᠡᠪᠡ  ᠃ ᠬᠤᠷᠠᠯ ᠳᠡᠭᠡᠷ᠎ᠡ ᠠᠵᠢᠯᠳᠠᠨ ᠢ ᠳᠣᠮᠢᠯᠠᠵᠦ ᠪᠠᠭᠤᠯᠭᠠᠬᠤ ᠶᠣᠰᠣᠯᠠᠯ ᠶᠠᠪᠣᠭᠳᠠᠭᠤᠯᠵᠦ ᠰᠢᠨ᠎ᠡ ᠪᠠᠷ ᠲᠤᠮᠢᠯᠠᠭᠳᠠᠭᠰᠠᠨ ᠺᠠᠳ᠋ᠷ ᠲᠤ ᠳᠣᠰᠢᠶᠠᠯ ᠳᠤ ᠳᠣᠮᠢᠯᠠᠭᠰᠠᠨ ᠦᠨᠡᠮᠯᠡᠯ ᠭᠠᠷᠳᠠᠭᠤᠯᠬᠤ  ᠶᠢᠨ ᠬᠠᠮᠲᠣ ᠦᠨᠳᠦᠰᠦᠨ ᠬᠠᠣᠯᠢ ᠳᠤ ᠳᠠᠩᠭᠠᠷᠢᠭᠯᠠᠬᠤ ᠶᠣᠰᠣᠯᠠᠯ ᠶᠠᠪᠣᠭᠳᠠᠭᠤᠯᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号