︽ᠦᠤᠰᠢᠨ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠬᠦᠷᠢᠳᠡᠢ ᠪᠠᠶᠢᠯᠭᠠᠬᠤ ᠶᠢ ᠰᠠᠶᠢᠵᠢᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠳᠠᠷᠣᠮᠠᠯᠯᠠᠨ ᠳᠠᠷᠬᠠᠭᠠᠬᠤ ᠲᠤᠬᠠᠢ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2019-08-27
                             ᠥᠥᠰᠢᠨ ᠵᠠᠰᠠᠭ ᠲᠠᠷᠬᠠᠭᠠᠬᠤ〔 2019 〕17 ᠳ᠋ᠣᠭᠠᠷ ᠲᠤᠭᠠᠲᠤᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶᠎ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠄       ︽ᠦᠤᠰᠢᠨ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠬᠦᠷᠢᠳᠡᠢ ᠪᠠᠶᠢᠯᠭᠠᠬᠤ ᠶᠢ ᠰᠠᠶᠢᠵᠢᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠡᠳᠦᠬᠡ ᠳᠠᠨᠠᠷ ᠲᠤ ᠳᠠᠷᠣᠮᠠᠯᠯᠠᠨ ᠳᠠᠷᠬᠠᠭᠠᠯ᠎ᠠ᠂ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ ᠨᠠᠷᠢᠨ ᠬᠢᠨᠠᠮᠠᠭᠠᠢ ᠳᠣᠭᠤᠰᠢᠯᠠᠭᠤᠯᠣᠨ ᠬᠡᠷᠡᠭᠵᠢᠬᠦᠯᠣᠭᠡᠷᠡᠢ᠃                                 ᠥᠥᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                     2019 ᠣᠨ ᠤ 8 ᠰᠠᠷ᠎ᠠ ᠶᠢᠨ 2᠎ ᠤ ᠡᠳᠦᠷ             ᠦᠤᠰᠢᠨ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠬᠦᠷᠢᠳᠡᠢ ᠪᠠᠶᠢᠯᠭᠠᠬᠤ ᠶᠢ ᠰᠠᠶᠢᠵᠢᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ        ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢᠨ ᠲᠡᠩᠴᠡᠬᠦᠷᠢᠳᠡᠢ ᠪᠠᠶᠢᠯᠭᠠᠬᠤ ᠶᠢ ᠰᠠᠶᠢᠵᠢᠷᠠᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ〔2017〕4 ᠳ᠋ᠦ᠋ᠬᠡᠷ ᠲᠣᠭᠠᠲᠤ︶᠂ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠬᠦᠷᠢᠳᠡᠢ ᠪᠠᠶᠢᠯᠭᠠᠬᠤ ᠶᠢ ᠰᠠᠶᠢᠵᠢᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠳᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠨᠠᠮ ᠲᠠᠷᠬᠠᠭᠠᠭᠰᠠᠨ ︹ 2018 ︺9 ᠳ᠋ᠦ᠋ᠬᠡᠷ ᠲᠣᠭᠠᠲᠤ︶᠎ ᠤᠨ ᠵᠣᠷᠢᠭ ᠰᠠᠨᠠᠭ᠎ᠠ ᠶᠢ ᠳᠣᠭᠤᠰᠢᠯᠠᠭᠤᠯᠣᠨ ᠨᠠᠶᠢᠳᠠᠪᠤᠷᠢᠵᠢᠭᠤᠯᠵᠣ ᠪᠥᠬᠦ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠬᠦᠷᠢᠳᠡᠢ ᠪᠠᠶᠢᠯᠭᠠᠬᠤ ᠶᠢ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠳᠣᠰᠠᠳᠠ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃       ᠨᠢᠬᠡ᠂ ᠶᠡᠷᠦᠩᠬᠡᠶ ᠱᠠᠭᠠᠷᠳᠠᠯᠭ᠎ᠠ       ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ ᠭᠠᠵᠠᠷ ᠰᠢᠷᠣᠶ ᠶᠢᠨ ᠨᠡᠶᠢᠲᠡ ᠶᠢᠨ ᠥᠮᠴᠢᠯᠡᠯ ᠤᠨ ᠰᠢᠨᠵᠢ ᠴᠢᠨᠠᠷ ᠢ ᠬᠤᠪᠢᠷᠠᠭᠤᠯᠬᠤ ᠦᠭᠡᠢ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠳᠠᠪᠠᠭ᠋ᠤ ᠦᠭᠡᠢ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠦᠭᠡᠢ ᠪᠠᠶᠢᠬᠤ ᠭᠤᠷᠪᠠᠨ ᠬᠤᠷᠢᠭ᠎ᠠ ᠱᠤᠭᠤᠮ ᠢ ᠪᠠᠲᠤ ᠰᠠᠬᠢᠵᠤ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠶ ᠶᠢ ᠠᠷᠪᠢᠯᠠᠨ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ ᠪᠠᠷᠢᠮᠲᠠᠯᠠᠵᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠬᠦᠴᠦᠯᠡᠨ ᠴᠢᠩᠭᠠᠳᠬᠠᠨ᠎ᠠ᠃ ᠲᠠᠷᠢᠶᠠᠨ ᠭᠠᠵᠠᠷ ᠢ ᠬᠠᠮᠢᠶᠠᠷᠤᠨ ᠡᠵᠡᠮᠳᠡᠬᠦ᠂ ᠪᠦᠲᠦᠭᠡᠨ ᠪᠠᠶᠢᠭᠤᠯᠬᠤ᠂ ᠠᠰᠢᠭᠯᠠᠯᠳᠠ ᠶᠢ ᠤᠷᠮᠠᠰᠢᠭᠤᠯᠬᠤ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠬᠦ ᠶᠢ ᠬᠦᠴᠦᠯᠡᠨ ᠴᠢᠩᠭᠠᠳᠬᠠᠵᠤ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠬᠢ ᠶᠢ ᠳᠡᠭᠡᠭᠰᠢᠯᠡᠭᠦᠯᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠶᠳᠪᠦᠷᠢᠲᠦ ᠢᠯᠠᠯᠲᠠ ᠶᠢ ᠣᠯᠬᠤ᠂ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠡᠬᠢ ᠪᠠᠶᠠᠯᠢᠭ ᠤᠨ ᠪᠠᠲᠤᠯᠠᠭ᠎ᠠ ᠬᠠᠩᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠶᠢ ᠦᠵᠡᠬᠦᠯᠥᠨ᠎ᠠ᠃      ︵ᠬᠤᠶᠠᠷ︶ ᠶᠡᠷᠦᠩᠬᠡᠶ ᠬᠠᠷᠠᠯᠲᠠ᠃ 2020 ᠣᠨ ᠪᠣᠯᠬᠤ ᠳᠤ ᠪᠦᠬᠦ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠥᠷᠥᠯ ᠵᠦᠶᠯ ᠢ 23329 ᠡᠾᠧᠺᠲ᠋ᠡᠷ ᠠᠴᠠ ᠳᠣᠤᠷ᠎ᠠ ᠪᠠᠶᠢᠯᠭᠠᠵᠤ ᠪᠣᠯᠬᠤ ᠦᠭᠡᠢ᠂ ᠡᠬᠦᠷᠢᠳᠡ ᠎ ᠶᠢᠨ ᠰᠠᠭᠤᠷᠢ ᠳᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠶᠢ 2100 ᠡᠾᠧᠺᠲ᠋ᠡᠷ ᠠᠴᠠ ᠳᠣᠤᠷ᠎ᠠ ᠪᠠᠶᠢᠯᠭᠠᠵᠤ ᠪᠣᠯᠬᠤ ᠦᠭᠡᠢ᠂ ᠲᠠᠷᠢᠶᠠᠨ ᠭᠠᠵᠠᠷ ᠤᠨ ᠴᠢᠨᠡᠷ ᠳᠡᠰ ᠢ ᠠᠯᠬᠤᠮ ᠠᠯᠬᠤᠮ ᠢᠶᠠᠷ ᠳᠡᠭᠡᠭᠰᠢᠯᠡᠭᠦᠯᠣᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠬᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠪᠣᠯᠤᠨ ᠡᠵᠡᠯᠡᠬᠦ ᠨᠥᠬᠦᠪᠥᠷᠢᠯᠡᠬᠦ ᠶᠢ ᠲᠡᠩᠴᠡᠬᠦᠷᠢᠳᠡᠢ ᠪᠠᠶᠢᠯᠭᠠᠬᠤ ᠲᠥᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠬᠠᠮᠠᠭᠠᠯᠠᠯᠲᠠ ᠶᠢ ᠨᠠᠩ ᠬᠦᠴᠦᠲᠡᠶ ᠪᠣᠯᠭᠠᠵᠤ ᠬᠡᠷᠡᠭᠵᠢᠭᠦᠯᠦᠯᠲᠡ ᠶᠢ ᠨᠠᠩ ᠡᠷᠴᠢᠮ ᠲᠠᠢ ᠪᠣᠯᠭᠠᠨ ᠲᠠᠷᠢᠶᠠᠨ ᠭᠠᠵᠠᠷ ᠢ ᠬᠠᠮᠠᠭᠠᠯᠠᠬᠤ ᠨᠠᠩ ᠪᠦᠲᠦᠮᠵᠢᠲᠡᠶ ᠰᠢᠨ᠎ᠡ ᠪᠠᠶᠢᠷᠢᠰᠢᠯ ᠢ ᠪᠣᠢ ᠪᠣᠯᠭᠠᠨ᠎ᠠ᠃      ᠬᠤᠶᠡᠷ᠂ ᠭᠤᠤᠯ ᠡᠭᠦᠷᠭᠡ ᠵᠢᠴᠢ ᠠᠵᠢᠯ ᠤᠨ ᠬᠤᠪᠢᠶᠠᠷᠢᠯᠠᠯ      ︵ᠨᠢᠭᠡ︶ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ     ⒈ᠡᠬᠦᠷᠢᠳᠠ ᠶᠢᠨ ᠰᠠᠭᠤᠷᠢ ᠲᠠᠷᠢᠶᠠᠨ ᠭᠠᠵᠠᠷ ᠤᠨ ᠵᠠᠭᠠᠭᠯᠠᠨ ᠲᠣᠭᠲᠠᠭᠠᠯᠳᠠ ᠶᠢ ᠴᠢᠩᠭᠠᠳᠬᠠᠨ᠎ᠠ᠃ ᠦᠤᠰᠢᠨ ᠬᠤᠰᠢᠭᠤᠨ ᠤ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠨ ᠬᠤᠲᠠ ᠪᠠᠯᠭᠠᠰᠤᠨ ᠤ ᠶᠡᠭᠡ ᠠᠴᠠ ᠪᠠᠭ᠎ᠠ᠂ ᠣᠷᠣᠨ ᠵᠠᠶ ᠶᠢᠨ ᠣᠶᠢᠷ᠎ᠠ ᠠᠴᠠ ᠬᠤᠯᠠ᠂ ᠲᠠᠷᠢᠶᠠᠨ ᠭᠠᠵᠠᠷ ᠤᠨ ᠴᠢᠨᠠᠷ ᠤᠨ ᠰᠠᠶᠢᠨ ᠠᠴᠠ ᠪᠠᠷᠣᠭᠳᠠᠢ ᠭᠡᠬᠦ ᠳᠡᠰ ᠳᠠᠷᠠᠭᠠᠯᠠᠯ ᠢᠶᠠᠷ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠲᠣᠭᠲᠠᠭᠠᠵᠤ ᠠᠮᠤ ᠪᠤᠳᠠᠭᠠᠨ ᠤ ᠦᠶᠯᠡᠳᠪᠦᠷᠢᠯᠡᠯ ᠤᠨ ᠴᠢᠳᠠᠮᠵᠢᠲᠤ ᠣᠷᠣᠨ ᠪᠠ ᠲᠠᠷᠢᠶᠠᠯᠠᠩ ᠤᠨ ᠴᠢᠬᠤᠯᠠ ᠪᠦᠲᠦᠭᠡᠭᠳᠡᠬᠦᠨ ᠤ ᠬᠠᠮᠠᠭᠠᠯᠠᠯᠲᠠ ᠶᠢᠨ ᠣᠷᠣᠨ ᠤ ᠳᠣᠲᠣᠷᠠᠬᠢ ᠰᠢᠯᠢᠳᠡᠭ ᠲᠠᠷᠢᠶᠠᠨ ᠭᠠᠵᠠᠷ ᠢ ᠡᠩ ᠲᠡᠷᠢᠭᠦᠨ ᠳᠤ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠪᠣᠯᠭᠠᠨ ᠬᠤᠪᠢᠶᠠᠷᠢᠯᠠᠨ ᠳᠣᠭᠳᠠᠭᠠᠨ᠎ᠠ᠃ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠳᠠᠭᠠᠨ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠮᠡᠳᠡᠭᠡ ᠵᠠᠩᠭᠢ ᠶᠢ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠳᠡᠭᠡᠷ᠎ᠡ ᠳᠡᠮᠳᠡᠭᠯᠡᠬᠦ ᠬᠡᠷᠡᠭᠳᠡᠢ᠃ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ︽ᠭᠠᠵᠠᠷ ᠰᠢᠷᠣᠶ ᠶᠢ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠲᠡᠮᠳᠡᠭ ᠲᠠᠯᠪᠢᠬᠤ᠂ ᠬᠦᠰᠦᠨᠦᠭᠲᠦ ᠪᠠᠶᠢᠭᠤᠯᠬᠤ᠂ ᠵᠢᠷᠤᠭᠲᠤ ᠬᠥᠮᠥᠷᠭᠡ ᠳᠤ ᠣᠷᠣᠭᠤᠯᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠣ ᠰᠤᠮᠤ ᠪᠠᠯᠭᠠᠰᠤᠨ ᠳᠤ ᠰᠠᠯᠭᠠᠨ ᠪᠠᠭᠤᠯᠭᠠᠭᠰᠠᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠡᠭᠦᠷᠭᠡ᠂ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠶᠢᠨ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠤᠰᠢᠨ ᠬᠤᠰᠢᠭᠤᠨ ᠤ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠲᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︵ᠬᠠᠷᠢᠭᠤᠴᠠᠬᠤ ᠪᠠᠶᠢᠭᠤᠯᠭ᠎ᠠ ᠨᠢᠭᠡᠴᠡ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶      ⒉ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠭᠰᠠᠨ ᠪᠠᠶᠢᠪᠠᠯ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠦᠭᠡᠢ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠰᠠᠭᠤᠷᠢ ᠲᠦᠬᠦᠬᠡᠷᠣᠮᠵᠢ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠪᠠᠶᠢᠷᠢᠰᠢᠯ ᠯᠤᠭ᠎ᠠ ᠭᠦᠶᠴᠡᠳ ᠵᠠᠯᠭᠠᠯᠳᠤᠭᠤᠯᠵᠤ ᠵᠠᠷᠴᠢᠮ ᠳᠡᠭᠡᠷ᠎ᠡ ᠪᠠᠨ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠵᠠᠭᠠᠭ ᠬᠢᠵᠠᠭᠠᠷ ᠢ ᠳᠠᠪᠠᠵᠣ ᠪᠣᠯᠬᠤ ᠦᠬᠡᠢ᠃ ︽ᠰᠠᠭᠤᠷᠢ ᠲᠠᠷᠢᠶᠠᠨ ᠭᠠᠵᠠᠷ ᠢ ᠡᠵᠡᠯᠡᠨ ᠮᠣᠳᠣ ᠲᠠᠷᠢᠬᠤ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠪᠠᠴᠢᠮ ᠮᠡᠳᠡᠭᠳᠡᠯ︾᠎ ᠳᠠᠬᠢ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ︽ᠲᠠᠪᠤᠨ ᠪᠣᠯᠬᠤ ᠦᠭᠡᠢ︾ ᠭᠡᠰᠡᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠠᠭᠤᠷᠢ ᠲᠠᠷᠢᠶᠠᠨ ᠭᠠᠵᠠᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠬᠡᠷᠡᠭᠲᠡᠶ᠃ ︵ᠬᠠᠷᠢᠭᠤᠴᠠᠬᠤ ᠪᠠᠶᠢᠭᠤᠯᠭ᠎ᠠ ᠨᠢᠭᠡᠴᠡ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠦᠤᠰᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠢ ᠰᠢᠭᠤᠶ ᠨᠣᠳᠤᠭ ᠪᠡᠯᠴᠢᠭᠡᠷ ᠤᠨ ᠲᠣᠪᠴᠢᠶ᠎ᠠ︶ ⒊ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢᠨ ᠬᠢᠵᠠᠭᠠᠷᠯᠠᠯ ᠢ ᠴᠢᠩᠭᠠᠳᠬᠠᠨ᠎ᠠ᠃ ᠡᠩ ᠤᠨ ᠪᠦᠲᠦᠭᠡᠨ ᠪᠠᠶᠢᠭᠤᠯᠤᠯᠲᠠ ᠶᠢᠨ ᠲᠦᠷᠥᠯ ᠵᠣᠶᠢᠯ ᠳᠤ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠣᠯᠬᠤ ᠦᠭᠡᠢ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠥᠯ ᠵᠣᠶᠢᠯ ᠤᠨ ᠣᠷᠣᠨ ᠢ ᠰᠣᠩᠭᠤᠬᠤ ᠳᠤ ᠡᠭᠦᠷᠢᠳᠡ ᠶᠢᠨ ᠰᠠᠭᠤᠷᠢ ᠳᠠᠷᠢᠶᠠᠨ ᠭᠠᠵᠠᠷ ᠠᠴᠠ ᠵᠠᠶᠢᠯᠠᠵᠤ ᠳᠠᠶᠢᠯᠬᠦ ᠦᠭᠡᠢ ᠪᠣᠯ ᠡᠷᠬᠡᠪᠰᠢ ᠬᠡᠷᠡᠭᠵᠢᠭᠦᠯᠵᠦ ᠪᠣᠯᠬᠤᠶᠢᠴᠠ ᠴᠢᠨᠠᠷᠲᠠᠶ ᠰᠤᠳᠤᠯᠤᠯ ᠤᠨ ᠱᠠᠲᠤ ᠦᠶ᠎ᠡ ᠳᠤ ᠡᠵᠡᠯᠡᠨ ᠬᠡᠷᠡᠭᠯᠡᠬᠦ ᠴᠢᠬᠤᠯᠠ ᠴᠢᠨᠠᠷ᠂ ᠵᠦᠶ ᠶᠣᠰᠣᠴᠢ ᠴᠢᠨᠠᠷ ᠪᠣᠯᠤᠨ ᠨᠥᠬᠦᠵᠦ ᠬᠤᠪᠢᠶᠠᠷᠢᠯᠠᠬᠤ ᠲᠥᠰᠦᠯ ᠤᠨ ᠬᠡᠷᠡᠭᠵᠢᠬᠦᠯᠵᠣ ᠪᠣᠯᠬᠤᠶᠢᠴᠡ ᠴᠢᠨᠡᠷ ᠲᠤ ᠴᠢᠩᠭ᠎ᠠ ᠨᠤᠲᠠᠯᠠᠯᠲᠠ ᠬᠢᠵᠦ᠂ ᠳᠡᠬᠡᠳᠣ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠳᠠᠮᠵᠢᠭᠤᠯᠤᠨ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠶ ᠪᠣᠯᠤᠨ ᠭᠠᠵᠠᠷ ᠰᠢᠷᠣᠶ ᠲᠠᠲᠠᠪᠤᠷᠢᠯᠠᠬᠤ ᠳᠤ ᠬᠠᠤᠯᠢ ᠲᠣᠭᠲᠠᠭᠠᠯ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠬᠤᠰᠢᠭᠤ᠂ ᠰᠤᠮᠤ ᠪᠠᠯᠭᠠᠰᠤᠨ ᠤ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠳᠤᠷ᠎ᠠ ᠪᠠᠷ ᠢᠶᠠᠨ ᠲᠣᠬᠢᠷᠠᠭᠤᠯᠤᠯᠲᠠ ᠬᠢᠬᠦ ᠪᠠᠷ ᠳᠠᠮᠵᠢᠨ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠠᠵᠢᠯ ᠢ ᠴᠢᠩᠭᠠᠳᠬᠠᠬᠤ ᠬᠡᠷᠡᠭᠲᠡᠶ᠃ ︵ᠬᠠᠷᠢᠭᠤᠴᠠᠬᠤ ᠪᠠᠶᠢᠭᠤᠯᠭ᠎ᠠ ᠨᠢᠭᠡᠴᠡ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ︶      ⒋ᠭᠠᠵᠠᠷ ᠰᠢᠷᠣᠶ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢᠨ ᠪᠦᠬᠦᠯᠢ ᠴᠣᠭᠴᠠ ᠶᠢᠨ ᠬᠠᠮᠢᠶᠠᠷᠤᠨ ᠡᠵᠡᠮᠳᠡᠬᠦ ᠦᠶᠯᠡᠳᠦᠯ ᠢ ᠭᠦᠶᠴᠡᠳ ᠪᠠᠳᠠᠷᠠᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠪᠠᠶᠢᠷᠢᠰᠢᠯ ᠢ ᠰᠢᠯᠢᠳᠡᠭᠵᠢᠭᠦᠯᠦᠨ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠲᠣᠭᠲᠠᠭᠠᠵᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠡᠯ᠎ᠡ ᠵᠦᠶᠯ ᠤᠨ ᠬᠢᠵᠠᠭᠠᠷᠯᠠᠬᠤ ᠭᠦᠶᠴᠡᠳᠬᠡᠯ ᠲᠤᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠪᠦᠲᠦᠭᠡᠨ ᠪᠠᠶᠢᠭᠤᠯᠤᠯᠲᠠ ᠶᠢᠨ ᠵᠦᠶᠯᠡᠰ ᠲᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠵᠦᠶᠯᠡᠰ ᠲᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠴᠢᠩᠭ᠎ᠠ ᠬᠢᠨᠠᠨ ᠲᠣᠭᠲᠠᠭᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠣᠨ ᠵᠠᠶ ᠶᠢᠨ ᠲᠥᠯᠥᠪᠵᠢᠭᠦᠯᠪᠡ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠠᠴᠠ ᠵᠥᠷᠢᠴᠡᠨ ᠲᠠᠷᠢᠶᠠᠨ ᠭᠠᠵᠠᠷ ᠢ ᠳᠤᠷ᠎ᠠ ᠪᠠᠷ ᠢᠶᠠᠨ ᠭᠠᠵᠠᠷ ᠰᠣᠩᠭᠤᠵᠤ ᠡᠵᠡᠯᠡᠨ ᠬᠡᠷᠡᠭᠯᠡᠬᠦ ᠶᠢ ᠡᠷᠡᠰ ᠬᠤᠷᠢᠭᠯᠠᠬᠤ ᠬᠡᠷᠡᠭᠲᠡᠶ᠃ ︵ᠬᠠᠷᠢᠭᠤᠴᠠᠬᠤ ᠪᠠᠶᠢᠭᠤᠯᠭ᠎ᠠ ᠨᠢᠭᠡᠴᠡ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠦᠤᠰᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶      ⒌ᠭᠠᠵᠠᠷ ᠰᠢᠷᠣᠶ ᠶᠢᠨ ᠬᠡᠷᠡᠭᠴᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶᠎ ᠤᠨ ᠬᠠᠮᠢᠶᠠᠷᠤᠯᠲᠠ ᠶᠢᠨ ᠵᠥᠪᠯᠡᠯ ᠨᠢ ᠲᠥᠯᠥᠪᠵᠢᠭᠦᠯᠭᠡ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ ᠣᠷᠣᠨ ᠪᠣᠯᠤᠨ ᠪᠦᠲᠦᠭᠡᠨ ᠪᠠᠶᠢᠭᠤᠯᠬᠤ ᠨᠥᠬᠦᠴᠡᠯ ᠲᠠᠢ ᠣᠷᠣᠨ ᠤ ᠳᠣᠲᠣᠷ᠎ᠠ ᠭᠠᠵᠠᠷ ᠰᠣᠩᠭᠤᠵᠤ᠂ ᠭᠠᠵᠠᠷ ᠰᠢᠷᠣᠶ ᠠᠰᠢᠭᠯᠠᠬᠤ ᠲᠥᠯᠥᠪᠵᠢᠭᠦᠯᠭᠡ ᠠᠴᠠ ᠪᠣᠰᠣᠳ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠬᠤᠷᠢᠭᠯᠠᠬᠤ ᠬᠡᠷᠡᠭᠲᠡᠶ᠃ ᠪᠦᠲᠦᠭᠡᠨ ᠪᠠᠶᠢᠭᠤᠯᠤᠯᠲᠠ ᠳᠤ ᠰᠢᠨ᠎ᠡ ᠪᠠᠷ ᠬᠡᠷᠡᠭᠯᠡᠬᠦ ᠭᠠᠵᠠᠷ ᠰᠢᠷᠣᠶ ᠶᠢᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠭᠠᠵᠠᠷ ᠰᠢᠷᠣᠶ ᠠᠷᠪᠢᠯᠠᠨ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠲᠠᠢ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠦᠨ᠎ᠡ᠃ ︵ᠬᠠᠷᠢᠭᠤᠴᠠᠬᠤ ᠪᠠᠶᠢᠭᠤᠯᠭ᠎ᠠ ᠨᠢᠭᠡᠴᠡ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ      ⒍ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠶᠢ ᠠᠬᠢᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠮᠵᠢᠶ᠎ᠡ ᠪᠠ ᠡᠷᠴᠢᠮ ᠤᠨ ᠬᠤᠤᠰ ᠡᠵᠡᠮᠳᠡᠯ ᠢ ᠬᠡᠷᠡᠭᠵᠢᠭᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠮᠵᠢᠶ᠎ᠡ ᠪᠠ ᠤᠯᠤᠰ ᠤᠨ ᠳᠣᠲᠣᠭᠠᠳᠤ ᠶᠢᠨ ᠦᠶᠯᠡᠳᠪᠦᠷᠢᠯᠡᠯ ᠤᠨ ᠪᠦᠬᠦ ᠥᠷᠳᠡᠭ ᠤᠨ ᠡᠵᠡᠯᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠯᠠᠪᠠᠢ ᠶᠢ ᠳᠣᠷᠣᠭᠰᠢᠯᠠᠭᠤᠯᠬᠤ ᠬᠠᠷᠠᠯᠳᠠ ᠡᠭᠦᠷᠭᠡ ᠶᠢ ᠱᠠᠲᠤ ᠳᠠᠷᠠᠭᠠᠯᠠᠨ ᠨᠠᠶᠢᠳᠠᠪᠤᠷᠢᠵᠢᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠰᠡᠨ ᠭᠠᠵᠠᠷ ᠢ ᠠᠮᠢᠳᠤᠯᠢᠭᠵᠢᠭᠤᠯᠤᠨ ᠠᠰᠢᠭᠯᠠᠵᠤ᠂ ᠬᠤᠲᠠ ᠪᠠᠯᠭᠠᠰᠤ ᠶᠢᠨ ᠳᠣᠤᠷ᠎ᠠ ᠦᠷ᠎ᠡ ᠠᠰᠢᠭ ᠲᠠᠢ ᠬᠡᠷᠡᠭᠯᠡᠬᠦ ᠭᠠᠵᠠᠷ ᠢ ᠳᠠᠬᠢᠨ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠤᠯᠠ ᠪᠠᠶᠢᠭ᠎ᠠ ᠭᠠᠵᠠᠷ ᠰᠢᠷᠣᠶ ᠶᠢ ᠴᠠᠭ ᠲᠤᠬᠠᠶ ᠳᠤᠨᠢ ᠰᠢᠶᠳᠪᠦᠷᠢᠯᠡᠨ ᠭᠠᠵᠠᠷ ᠰᠢᠷᠣᠶ ᠬᠡᠷᠡᠭᠯᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠤᠶᠠᠳᠤᠭᠠᠷ ᠲᠡᠰ ᠤᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠲᠤᠷᠰᠢᠯᠲᠠ ᠶᠢ ᠲᠦᠯᠬᠢᠨ ᠠᠬᠢᠭᠤᠯᠵᠤ ᠦᠶᠯᠡᠳᠪᠦᠷᠢᠯᠡᠯ ᠤᠨ ᠴᠢᠳᠠᠪᠤᠷᠢ ᠶᠢ  ᠬᠥᠲᠥᠯᠥᠨ ᠵᠢᠯᠣᠭᠤᠳᠤᠨ᠎ᠠ᠃ ᠤᠯᠤᠰ ᠤᠨ ᠦᠮᠴᠢᠯᠡᠯᠲᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠦᠬᠦᠪᠦᠷᠢ ᠦᠭᠴᠦ ᠬᠡᠷᠡᠭᠯᠡᠬᠦ ᠬᠡᠪᠴᠢᠶ᠎ᠡ ᠶᠢ ᠤᠯᠠᠮ ᠨᠢᠬᠡ ᠠᠯᠬᠤᠮ ᠦᠷᠭᠡᠳᠬᠡᠨ ᠤᠯᠤᠰ ᠤᠨ ᠦᠮᠴᠢᠯᠡᠯᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠨᠦᠬᠦᠪᠦᠷᠢ ᠦᠭᠴᠦ ᠬᠡᠷᠡᠭᠯᠡᠬᠦ ᠶᠢ ᠠᠬᠢᠭᠤᠯᠵᠤ ᠬᠡᠰᠡᠭᠯᠡᠨ ᠦᠭᠭᠦ ᠭᠠᠵᠠᠷ ᠰᠢᠷᠤᠢ ᠶᠢᠨ ᠬᠡᠪᠴᠢᠶ᠎ᠡ ᠎ ᠶᠢ ᠪᠠᠭᠠᠰᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠢ ᠴᠡᠭ ᠲᠤ ᠨᠡᠬᠦᠯᠬᠡᠬᠦ ᠪᠠ ᠨᠡᠶᠢᠯᠡᠬᠦᠯᠬᠦ ᠎ ᠶᠢ ᠠᠬᠢᠭᠤᠯᠤᠨ ᠮᠠᠯᠵᠢᠬᠤ ᠲᠠᠷᠢᠶᠠᠯᠠᠬᠤ ᠤᠷᠤᠨ ᠤ ᠲᠠᠷᠬᠠᠢ ᠪᠤᠳᠠᠷᠬᠠᠢ᠂ ᠵᠠᠢ ᠲᠠᠢ᠂ ᠬᠠᠶᠠᠭᠳᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠭᠠᠰᠬᠠᠨ᠎ᠠ᠃ ᠪᠦᠲᠦᠭᠡᠨ ᠪᠠᠶᠢᠭᠤᠯᠤᠯᠲᠠ ᠶᠢᠨ ᠭᠠᠵᠠᠷ ᠢ ᠬᠠᠩᠭᠠᠬᠤ ᠪᠠ ᠬᠠᠩᠭᠠᠭᠰᠠᠨ ᠤ ᠲᠠᠷᠠᠭ᠎ᠠ ᠨᠡᠭᠡᠭᠡᠨ ᠠᠰᠢᠭᠯᠠᠬᠤ ᠶᠠᠪᠤᠴᠠ ᠶᠢ ᠬᠢᠨᠠᠨ ᠬᠠᠮᠢᠶᠠᠷᠴᠦ ᠭᠠᠵᠠᠷ ᠠᠷᠪᠢᠯᠠᠬᠤ ᠬᠠᠷᠠᠯᠲᠠᠲᠤ ᠬᠢᠨᠠᠨ ᠰᠢᠯᠭᠠᠯᠲᠠ ᠪᠠ ᠬᠢᠵᠠᠭᠠᠷᠯᠠᠬᠤ ᠲᠤᠭᠳᠠᠯᠴᠠᠭ᠎ᠠ ᠶᠢ ᠲᠡᠬᠦᠯᠳᠡᠷᠵᠢᠬᠦᠯᠦᠨ ᠪᠦᠲᠦᠭᠡᠨ ᠪᠠᠶᠢᠭᠤᠯᠤᠯᠲᠠ ᠶᠢᠨ ᠭᠠᠵᠠᠷ ᠢ ᠰᠢᠨ᠎ᠡ ᠪᠠᠷ ᠨᠡᠮᠡᠬᠦ ᠳᠤ ᠲᠠᠷᠢᠶᠠᠨ ᠭᠠᠵᠠᠷ ᠢ ᠡᠵᠡᠯᠡᠬᠦ ᠦᠭᠡᠢ ᠪᠤᠶᠤ ᠪᠤᠯᠬᠤ ᠶᠢᠨ ᠲᠤᠳᠤᠷ᠎ᠠ ᠪᠠᠭ᠎ᠠ ᠡᠵᠡᠯᠡᠬᠦ ᠎ ᠶᠢ ᠠᠬᠢᠭᠤᠯᠤᠨ᠎ᠠ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ᠂ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠬᠠᠤᠯᠢ ᠬᠡᠷᠡᠭᠵᠢᠬᠦᠯᠬᠦ ᠲᠤᠪᠴᠢᠶ᠎ᠠ᠂ ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ︶      ⒎ ᠬᠠᠮᠲᠤ ᠶᠢᠨ ᠭᠠᠵᠠᠷ ᠰᠢᠷᠤᠢ ᠶᠢᠨ ᠡᠷᠬᠢᠯᠲᠡ ᠶᠢᠨ ︽ᠲᠠᠷᠢᠶᠠᠯᠠᠩ ᠤᠨ ᠪᠤᠰᠤ︾ ᠪᠤᠯᠬᠤ ᠶᠢ ᠡᠷᠡᠰ ᠰᠡᠷᠬᠡᠶᠢᠯᠡᠨ᠎ᠡ᠃ ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠲᠠ ᠡᠵᠡᠩᠨᠡᠯᠲᠡ ᠶᠢᠨ ᠡᠷᠭᠡ ᠶᠢ ᠡᠷᠬᠢᠯᠳᠦᠬᠦᠯᠬᠦ᠂ ᠪᠠᠷᠢᠴᠠᠭᠠᠯᠠᠬᠤ ᠪᠠ ᠪᠠᠲᠤᠯᠠᠬᠤ ᠳᠤ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠬᠦᠯᠭᠡ ᠎ ᠲᠠᠢ ᠨᠡᠶᠢᠴᠡᠵᠤ ᠭᠠᠵᠠᠷ ᠰᠢᠷᠤᠢ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠲᠦᠷᠢᠮ ᠢ ᠴᠢᠩᠭ᠎ᠠ ᠬᠡᠷᠡᠭᠵᠢᠬᠦᠯᠦᠨ ᠲᠠᠷᠢᠶᠠᠨ ᠭᠠᠵᠠᠷ ᠢ ᠲᠠᠷᠢᠶᠠᠯᠠᠩ ᠳᠤ ᠬᠡᠷᠡᠭᠯᠡᠵᠤ ᠲᠠᠷᠢᠶᠠᠨ ᠭᠠᠵᠠᠷ ᠢ ᠡᠷᠬᠢᠯᠳᠦᠬᠦᠯᠬᠦ ᠨᠡᠷ᠎ᠡ ᠪᠠᠷ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ ᠬᠡᠷᠡᠭᠯᠡᠵᠤ ᠪᠤᠯᠬᠤ ᠦᠭᠡᠢ᠃ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠶᠢ ᠲᠤᠬᠢᠷᠠᠭᠤᠯᠬᠤ ᠳᠤ ᠲᠠᠷᠢᠶᠠᠨ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ ᠪᠤᠯᠬᠤ ᠦᠭᠡᠢ᠂ ᠲᠦᠬᠦᠭᠡᠷᠤᠮᠵᠢᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠪᠤᠯᠬᠤ ᠶᠢᠨ ᠲᠤᠳᠤᠷ᠎ᠠ ᠬᠦᠳᠡᠭᠡ ᠲᠤᠰᠬᠤᠨ ᠳᠤ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠭᠠᠵᠠᠷ ᠪᠠ ᠲᠠᠷᠢᠶᠠᠯᠠᠩ ᠤᠨ ᠪᠤᠰᠤ ᠭᠠᠵᠠᠷ ᠢ ᠠᠰᠢᠭᠯᠠᠵᠤ ᠤᠳᠠᠭᠠᠨ ᠵᠢᠯ ᠤᠨ ᠰᠠᠭᠤᠷᠢ ᠲᠠᠷᠢᠶᠠᠨ ᠭᠠᠵᠠᠷ ᠢ ᠡᠵᠡᠯᠡᠵᠤ ᠪᠤᠯᠬᠤ ᠦᠭᠡᠢ᠃ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠ ᠲᠠᠷᠢᠶᠠᠨ ᠭᠠᠵᠠᠷ ᠢ ᠲᠠᠭᠠᠭᠠᠴᠢᠯᠠᠨ ᠡᠵᠡᠩᠨᠡᠵᠤ ᠪᠠᠶᠢᠭ᠎ᠠ ᠬᠦᠮᠦᠨ ᠲᠠᠷᠢᠶᠠᠨ ᠭᠠᠵᠠᠷ ᠢ ᠤᠬᠠᠮᠰᠠᠷ ᠠᠴᠠ ᠪᠠᠨ ᠬᠠᠮᠠᠭᠠᠯᠠᠨ ᠵᠦᠢ ᠵᠤᠬᠢᠰᠲᠠᠢ ᠠᠰᠢᠭᠯᠠᠬᠤ ᠡᠬᠦᠷᠭᠡ ᠶᠢ ᠬᠦᠢᠴᠡᠳᠬᠡᠵᠤ ᠠᠳᠠᠷᠰᠢᠭᠤᠯᠬᠤ᠂ ᠰᠡᠯᠡᠬᠦᠦ ᠬᠠᠶᠠᠬᠤ᠂ ᠬᠡᠷᠡᠭᠴᠡᠭᠡ ᠶᠢ ᠬᠤᠪᠢᠷᠠᠭᠤᠯᠬᠤ ᠵᠢᠴᠢ ᠲᠠᠷᠢᠶᠠᠨ ᠭᠠᠵᠠᠷ ᠢ ᠡᠪᠳᠡᠬᠦ ᠪᠤᠰᠤᠳ ᠦᠢᠯᠡ ᠠᠵᠢᠯᠯᠠᠭ᠎ᠠ ᠶᠢ ᠡᠷᠡᠰ ᠲᠡᠪᠴᠢᠨ᠎ᠡ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ᠂ ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ︶       ︵ᠬᠤᠶᠠᠷ︶ ᠲᠠᠷᠢᠶᠠᠨ ᠭᠠᠵᠠᠷ ᠢ ᠡᠵᠡᠯᠡᠵᠤ ᠨᠦᠬᠦᠪᠦᠷᠢᠯᠡᠬᠦ ᠶᠢ ᠲᠡᠩᠴᠡᠬᠦᠷᠢᠲᠠᠢ ᠪᠠᠶᠢᠯᠭᠠᠬᠤ ᠬᠠᠮᠢᠶᠠᠷᠤᠯᠲᠠ ᠎ ᠶᠢ ᠰᠠᠶᠢᠵᠢᠷᠠᠭᠤᠯᠤᠨ᠎ᠠ᠃      ⒏ ᠲᠠᠷᠢᠶᠠᠨ ᠭᠠᠵᠠᠷ ᠢ ᠡᠵᠡᠯᠡᠵᠤ ᠨᠦᠬᠦᠪᠦᠷᠢᠯᠡᠬᠦ ᠶᠢ ᠲᠡᠩᠴᠡᠬᠦᠷᠢᠲᠠᠢ ᠪᠠᠶᠢᠯᠭᠠᠬᠤ ᠬᠠᠷᠢᠭᠤᠴᠠᠯᠭ᠎ᠠ ᠶᠢ ᠡᠷᠡᠰ ᠨᠠᠶᠢᠲᠠᠪᠤᠷᠢᠵᠢᠭᠤᠯᠤᠨ᠎ᠠ᠃ ᠲᠠᠷᠢᠶᠠᠨ ᠭᠠᠵᠠᠷ ᠢ ᠡᠵᠡᠯᠡᠵᠤ ᠨᠦᠬᠦᠪᠦᠷᠢᠯᠡᠬᠦ ᠶᠢ ᠲᠡᠩᠴᠡᠬᠦᠷᠢᠲᠠᠢ ᠪᠠᠶᠢᠯᠭᠠᠬᠤ ᠬᠠᠷᠢᠭᠤᠴᠠᠯᠭ᠎ᠠ ᠶᠢᠨ ᠲᠦᠷᠢᠮ ᠢ ᠲᠡᠬᠦᠯᠳᠡᠷᠵᠢᠬᠦᠯᠦᠨ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠭᠰᠡᠨ ᠪᠠᠶᠢᠪᠠᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠡᠷᠭᠡᠪᠰᠢ ᠬᠠᠤᠯᠢ ᠶᠤᠰᠤᠭᠠᠷ ᠲᠠᠷᠢᠶᠠᠨ ᠭᠠᠵᠠᠷ ᠢ ᠨᠦᠬᠦᠪᠦᠷᠢᠯᠡᠬᠦ ᠡᠬᠦᠷᠭᠡ ᠪᠠᠨ ᠬᠦᠢᠴᠡᠳᠬᠡᠵᠤ ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ ᠪᠠᠷ ᠬᠠᠷᠢᠴᠠᠩᠭᠤᠢ ᠲᠡᠩᠴᠡᠬᠦᠦ ᠲᠠᠷᠢᠶᠠᠨ ᠭᠠᠵᠠᠷ ᠢ ᠦᠪᠡᠷᠳᠡᠭᠡᠨ ᠨᠦᠬᠦᠪᠦᠷᠢᠯᠡᠵᠤ ᠲᠡᠶᠢᠯᠬᠦ ᠦᠭᠡᠢ ᠪᠤᠯ ᠲᠤᠭᠳᠠᠭᠠᠯ ᠶᠤᠰᠤᠭᠠᠷ ᠲᠠᠷᠢᠶᠠᠨ ᠭᠠᠵᠠᠷ ᠢ ᠬᠠᠭᠠᠯᠪᠤᠷᠢᠯᠠᠵᠤ ᠨᠡᠭᠡᠭᠡᠬᠦ ᠰᠦᠢᠳᠬᠡᠯ ᠢᠶᠠᠨ ᠪᠦᠷᠢᠨ ᠲᠤᠰᠢᠶᠠᠨ᠎ᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠭᠰᠡᠨ ᠲᠠᠷᠢᠶᠠᠨ ᠭᠠᠵᠠᠷ ᠢ ᠬᠠᠭᠠᠯᠪᠤᠷᠢᠯᠠᠬᠤ ᠰᠦᠢᠳᠬᠡᠯ ᠤᠨ ᠪᠠᠷᠢᠮᠵᠢᠶ᠎ᠠ ᠶᠤᠰᠤᠭᠠᠷ ᠤᠷᠳᠤ ᠬᠤᠭᠤᠴᠠᠭ᠎ᠠ ᠰᠠᠭᠤᠷᠢ ᠲᠠᠷᠢᠶᠠᠨ ᠭᠠᠵᠠᠷ ᠢ ᠡᠵᠡᠯᠡᠬᠦ ᠶᠢ ᠬᠠᠤᠯᠢ ᠶᠤᠰᠤᠭᠠᠷ ᠵᠦᠪᠰᠢᠶᠡᠷᠡᠭᠰᠡᠨ ᠪᠤᠯ ᠰᠦᠢᠳᠬᠡᠯ ᠲᠤᠰᠢᠶᠠᠬᠤ ᠪᠠᠷᠢᠮᠵᠢᠶ᠎ᠠ ᠶᠢ ᠲᠤᠰ ᠭᠠᠵᠠᠷ ᠤᠷᠤᠨ ᠤ ᠰᠦᠢᠳᠬᠡᠯ ᠲᠤᠰᠢᠶᠠᠬᠤ ᠬᠠᠮᠤᠭ ᠦᠨᠳᠦᠷ ᠪᠠᠷᠢᠮᠵᠢᠶ᠎ᠠ ᠶᠢᠨ ᠬᠤᠶᠠᠷ ᠲᠠᠬᠢᠨ ᠢᠶᠠᠷ ᠪᠤᠳᠤᠨ᠎ᠠ᠃ ᠭᠠᠵᠠᠷ ᠰᠢᠷᠤᠢ ᠶᠢ ᠴᠡᠭᠴᠡᠯᠡᠬᠦ ᠎ ᠳᠤ ᠭᠠᠵᠠᠷ ᠰᠢᠷᠤᠢ ᠶᠢ ᠴᠤᠮᠬᠤᠳᠬᠠᠬᠤ᠂ ᠲᠠᠬᠢᠨ ᠬᠠᠭᠠᠯᠪᠤᠷᠢᠯᠠᠬᠤ᠂ ᠨᠡᠭᠡᠭᠡᠨ ᠠᠰᠢᠭᠯᠠᠬᠤ ᠵᠡᠷᠭᠡ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠲᠠᠮᠵᠢᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠨᠡᠮᠡᠭᠳᠡᠬᠦᠯᠦᠨ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ ᠲᠠᠷᠢᠶᠠᠨ ᠭᠠᠵᠠᠷ ᠢ ᠨᠦᠬᠦᠪᠦᠷᠢᠯᠡᠬᠦ ᠡᠬᠦᠷᠭᠡ ᠪᠠᠨ ᠬᠦᠢᠴᠡᠳᠬᠡᠨ᠎ᠡ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ︶       ⒐ ᠭᠠᠵᠠᠷ ᠰᠢᠷᠤᠢ ᠶᠢ ᠶᠡᠬᠡᠪᠡᠷ ᠴᠡᠭᠴᠡᠯᠡᠨ᠎ᠡ᠃ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠪᠠᠶᠢᠴᠠᠭᠠᠨ ᠦᠨᠡᠯᠡᠭᠰᠡᠨ ᠦᠷ᠎ᠡ ᠳ᠋ᠦᠩ ᠢ ᠬᠦᠢᠴᠡᠳ ᠠᠰᠢᠭᠯᠠᠵᠤ ᠠᠮᠢ ᠠᠬᠤᠢ ᠶᠢ ᠰᠠᠶᠢᠲᠤᠷ ᠬᠠᠮᠠᠭᠠᠯᠠᠭᠰᠠᠨ ᠤᠷᠢᠳᠠᠯ ᠲᠤᠤᠷ᠎ᠠ ᠲᠠᠷᠢᠶᠠᠨ ᠭᠠᠵᠠᠷ ᠢ ᠡᠮᠬᠢ ᠴᠡᠭᠴᠡᠲᠠᠢ ᠨᠦᠬᠦᠪᠦᠷᠢᠯᠡᠨ᠎ᠡ᠃ ᠲᠠᠷᠢᠶᠠᠨ ᠭᠠᠵᠠᠷ ᠨᠦᠬᠦᠪᠦᠷᠢᠯᠡᠬᠦ ᠠᠷᠭ᠎ᠠ ᠵᠠᠮ ᠢ ᠦᠷᠭᠡᠳᠭᠡᠨ ᠭᠠᠵᠠᠷ ᠰᠢᠷᠤᠢ ᠶᠢᠨ ᠴᠡᠭᠴᠡᠯᠡᠯᠲᠡ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠢ ᠨᠡᠮᠡᠵᠤ ᠬᠠᠰᠤᠬᠤ᠂ ᠲᠡᠤᠭᠡᠨ ᠳᠤ ᠦᠯᠡᠳᠡᠭᠡᠭᠰᠡᠨ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠢ ᠲᠠᠬᠢᠨ ᠬᠠᠭᠠᠯᠪᠤᠷᠢᠯᠠᠬᠤ ᠵᠡᠷᠭᠡ ᠎ ᠶᠢ ᠨᠢᠭᠡᠲᠦᠯᠲᠠᠢ ᠲᠦᠯᠦᠪᠵᠢᠬᠦᠯᠦᠨ ᠬᠡᠷᠡᠭᠵᠢᠬᠦᠯᠦᠨ᠎ᠡ᠃ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠬᠦᠯᠦᠭᠡ ᠶᠢ ᠦᠨᠳᠦᠰᠦᠯᠡᠨ ᠭᠠᠵᠠᠷ ᠰᠢᠷᠤᠢ ᠶᠢᠨ ᠴᠡᠭᠴᠡᠯᠡᠯᠲᠡ ᠶᠢᠨ ᠭᠤᠤᠯᠳᠠᠯᠭᠠᠲᠤ ᠤᠷᠤᠨ ᠢ ᠲᠤᠭᠳᠠᠭᠠᠵᠤ ᠲᠡᠤᠭᠡᠨ ᠠᠴᠠ ᠪᠦᠷᠢᠯᠳᠦᠭᠰᠡᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠡᠪᠴᠢᠶᠡᠨ ᠳᠤ ᠤᠷᠤᠭᠰᠠᠨ ᠦᠭᠡᠢ ᠬᠦᠷᠢᠶᠡᠯᠡᠩ᠂ ᠰᠡᠪ ᠲᠠᠢ ᠤᠶᠢᠲᠤ ᠭᠠᠵᠠᠷ ᠵᠡᠷᠭᠡ ᠨᠡᠭᠡᠭᠡᠨ ᠬᠦᠭᠵᠢᠬᠦᠯᠬᠦ ᠵᠤᠬᠢᠰᠲᠠᠢ ᠲᠠᠷᠢᠶᠠᠯᠠᠩ ᠤᠨ ᠭᠠᠵᠠᠷ ᠎ ᠢ ᠬᠤᠰᠢᠭᠤ ᠵᠠᠰᠠᠭ ᠤᠨ ᠤᠷᠳᠤᠨ ᠠᠴᠠ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠬᠡᠷᠡᠭᠵᠢᠬᠦᠯᠤᠬᠦᠰᠢᠲᠠᠢ ᠦᠨᠡᠯᠡᠨ ᠨᠤᠳᠠᠯᠠᠯᠲᠠ ᠬᠢᠵᠤ᠂ ᠬᠤᠲᠠ ᠶᠢᠨ ᠵᠠᠰᠠᠭ ᠤᠨ ᠤᠷᠳᠤᠨ ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠲᠠᠬᠢᠨ ᠬᠢᠨᠠᠵᠤ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠲᠤᠭᠳᠠᠭᠠᠭᠰᠠᠨ ᠤ ᠲᠠᠷᠠᠭ᠎ᠠ ᠭᠠᠵᠠᠷ ᠰᠢᠷᠤᠢ ᠶᠢᠨ ᠴᠡᠭᠴᠡᠯᠡᠯᠲᠡ ᠶᠢᠨ ᠬᠡᠪᠴᠢᠶᠡᠨ ᠳᠤ ᠲᠦᠯᠦᠪᠵᠢᠬᠦᠯᠦᠨ ᠤᠷᠤᠭᠤᠯᠵᠤ ᠰᠢᠨ᠎ᠡ ᠨᠡᠮᠡᠭᠰᠡᠨ ᠲᠠᠷᠢᠶᠠᠨ ᠭᠠᠵᠠᠷ ᠢ ᠬᠢᠨᠠᠨ ᠲᠤᠭᠳᠠᠭᠠᠭᠰᠠᠨ ᠤ ᠲᠠᠷᠠᠭ᠎ᠠ ᠲᠠᠷᠢᠶᠠᠨ ᠭᠠᠵᠠᠷ ᠢ ᠨᠦᠬᠦᠪᠦᠷᠢᠯᠡᠬᠦ ᠳᠤ ᠬᠡᠷᠡᠭᠯᠡᠵᠤ ᠪᠤᠯᠤᠨ᠎ᠠ᠃ ᠠᠰᠢᠭᠯᠠᠭᠠᠳᠦᠢ ᠭᠠᠵᠠᠷ ᠢ ᠶᠡᠭᠡ ᠬᠡᠰᠡᠭ ᠢᠶᠠᠷ ᠨᠡᠭᠡᠭᠡᠬᠦ ᠶᠢ ᠴᠢᠩᠭ᠎ᠠ ᠡᠵᠡᠮᠳᠡᠵᠤ ᠬᠦᠨᠳᠦ ᠨᠤᠴᠢᠲᠠᠢ ᠡᠯᠡᠰᠦᠷᠬᠡᠭᠵᠢᠭᠰᠡᠨ ᠭᠠᠵᠠᠷ ᠰᠢᠷᠤᠢ ᠶᠢ ᠬᠠᠭᠠᠯᠪᠤᠷᠢᠯᠠᠬᠤ ᠶᠢ ᠡᠷᠡᠰ ᠬᠤᠷᠢᠭᠯᠠᠵᠤ ᠲᠦᠷᠢᠮ ᠵᠦᠷᠢᠴᠡᠨ ᠤᠢ ᠮᠤᠳᠤ ᠡᠪᠡᠰᠦ ᠪᠡᠯᠴᠢᠭᠡᠷ ᠢ ᠡᠪᠳᠡᠵᠤ ᠭᠠᠵᠠᠷ ᠬᠠᠭᠠᠯᠪᠤᠷᠢᠯᠠᠬᠤ ᠶᠢ ᠡᠷᠡᠰ ᠬᠤᠷᠢᠭᠯᠠᠵᠤ 25 ᠭᠷᠠᠳᠦ᠋ᠰ ᠠᠴᠠ ᠲᠡᠭᠡᠭᠰᠢᠬᠢ ᠭᠦᠳᠦᠩ ᠲᠠᠷᠢᠶᠠᠨ ᠭᠠᠵᠠᠷ᠂ ᠬᠦᠨᠳᠦ ᠨᠤᠴᠢᠲᠠᠢ ᠡᠯᠡᠰᠦᠷᠬᠡᠭᠵᠢᠭᠰᠡᠨ ᠲᠠᠷᠢᠶᠠᠨ ᠭᠠᠵᠠᠷ ᠵᠡᠷᠭᠡ ᠶᠢ ᠬᠠᠭᠠᠯᠪᠤᠷᠢᠯᠠᠬᠤ ᠎ ᠶᠢ ᠵᠤᠭᠰᠤᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠵᠤ ᠡᠯ᠎ᠡ ᠲᠦᠷᠦᠯ ᠤᠨ ᠭᠠᠵᠠᠷ ᠰᠢᠷᠤᠢ ᠶᠢᠨ ᠴᠡᠭᠴᠡᠯᠡᠯᠲᠡ ᠶᠢᠨ ᠲᠦᠷᠦᠯ ᠵᠦᠢᠯ ᠳᠤ ᠤᠷᠤᠭᠤᠯᠬᠤ ᠦᠭᠡᠢ᠃ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠎ ᠶᠢᠨ ᠵᠤᠬᠢᠶᠠᠨ ᠪᠠᠶᠢᠭᠤᠯᠤᠯᠲᠠ᠂ ᠮᠠᠯᠴᠢᠨ ᠲᠠᠷᠢᠶᠠᠴᠢᠨ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠵᠡᠷᠭᠡ ᠶᠢᠨ ᠭᠠᠵᠠᠷ ᠰᠢᠷᠤᠢ ᠶᠢᠨ ᠴᠡᠭᠴᠡᠯᠡᠯᠲᠡ ᠶᠢᠨ ᠲᠦᠯᠦᠪᠵᠢᠬᠦᠯᠭᠡ ᠶᠢ ᠦᠨᠳᠦᠰᠦᠯᠡᠵᠤ ᠭᠠᠵᠠᠷ ᠰᠢᠷᠤᠢ ᠶᠢᠨ ᠴᠡᠭᠴᠡᠯᠡᠯᠲᠡ ᠶᠢᠨ ᠲᠦᠷᠦᠯ ᠵᠦᠢᠯ ᠳᠤ ᠪᠡᠯᠡ ᠤᠷᠤᠭᠤᠯᠬᠤ ᠪᠠ ᠤᠷᠤᠯᠴᠠᠬᠤ ᠶᠢ ᠵᠤᠷᠢᠭᠵᠢᠭᠤᠯᠤᠨ ᠵᠢᠯᠤᠭᠤᠳᠴᠤ ᠤᠯᠠᠨ ᠠᠷᠭ᠎ᠠ ᠵᠠᠮ ᠢᠶᠠᠷ ᠲᠠᠷᠢᠶᠠᠨ ᠭᠠᠵᠠᠷ ᠢ ᠨᠦᠬᠦᠪᠦᠷᠢᠯᠡᠬᠦ ᠡᠬᠦᠷᠭᠡ ᠶᠢ ᠨᠠᠶᠢᠲᠠᠪᠤᠷᠢᠵᠢᠭᠤᠯᠤᠨ᠎ᠠ᠃  ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ︶      ⒑ ᠨᠦᠬᠦᠪᠦᠷᠢᠯᠡᠬᠦ ᠲᠠᠷᠢᠶᠠᠨ ᠭᠠᠵᠠᠷ ᠢ ᠴᠢᠩᠭ᠎ᠠ ᠪᠠᠶᠢᠴᠠᠭᠠᠨ ᠰᠢᠯᠭᠠᠨ ᠬᠤᠷᠢᠶᠠᠨ᠎ᠠ᠃ ᠭᠠᠵᠠᠷ ᠰᠢᠷᠤᠢ ᠶᠢᠨ ᠴᠡᠭᠴᠡᠯᠡᠯᠲᠡ ᠪᠠ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠎ ᠤᠨ ᠬᠠᠮᠢᠶᠠᠷᠤᠯᠲᠠ ᠶᠢ ᠴᠢᠩᠭᠠᠳᠬᠠᠵᠤ ᠲᠦᠷᠦᠯ ᠵᠦᠢᠯ ᠤᠨ ᠵᠢᠷᠤᠭ ᠲᠦᠯᠦᠪᠯᠡᠭᠡ ᠶᠢ ᠲᠦᠷᠢᠮᠵᠢᠬᠦᠯᠦᠨ ᠲᠦᠷᠦᠯ ᠵᠦᠢᠯ ᠤᠨ ᠡᠳᠦᠷ ᠲᠤᠳᠤᠮ ᠤᠨ ᠬᠢᠨᠠᠨ ᠬᠠᠮᠢᠶᠠᠷᠤᠯᠲᠠ ᠪᠠ ᠪᠠᠷᠢᠯᠭ᠎ᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠲᠦᠷᠦᠯ ᠵᠦᠢᠯ ᠤᠨ ᠪᠠᠷᠢᠯᠭ᠎ᠠ ᠲᠡᠬᠦᠰᠦᠭᠰᠡᠨ ᠰᠢᠯᠭᠠᠨ ᠬᠤᠷᠢᠶᠠᠯᠲᠠ ᠶᠢᠨ ᠠᠵᠢᠯ ᠢ ᠰᠠᠶᠢᠲᠤᠷ ᠬᠢᠵᠤ ᠰᠢᠨ᠎ᠡ ᠪᠠᠷ ᠨᠡᠮᠡᠭᠰᠡᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ᠶᠢ ᠴᠢᠩᠭ᠎ᠠ ᠲᠤᠭᠲᠠᠭᠠᠵᠤ ᠨᠦᠬᠦᠪᠦᠷᠢᠯᠡᠬᠦ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠨ᠎ᠠ᠃ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠰᠢᠨ᠎ᠡ ᠪᠠᠷ ᠨᠡᠮᠡᠭᠰᠡᠨ ᠲᠠᠷᠢᠶᠠᠨ ᠭᠠᠵᠠᠷ ᠎ ᠢ ᠴᠠᠭ ᠲᠠᠷᠤᠢ ᠳᠤ ᠨᠢ ᠲᠤᠰ ᠵᠢᠯ ᠤᠨ ᠭᠠᠵᠠᠷ ᠰᠢᠷᠤᠢ ᠶᠢᠨ ᠠᠰᠢᠭᠯᠠᠯᠲᠠ ᠶᠢ ᠬᠤᠪᠢᠷᠠᠭᠤᠯᠤᠭᠰᠠᠨ ᠪᠠᠶᠢᠴᠠᠭᠠᠯᠲᠠ ᠎ ᠳᠤ ᠭᠠᠵᠠᠷ ᠰᠢᠷᠤᠢ ᠶᠢᠨ ᠲᠦᠷᠦᠯ ᠵᠦᠢᠯ ᠢ ᠬᠤᠪᠢᠷᠠᠭᠤᠯᠤᠭᠰᠠᠨ ᠢᠶᠠᠷ ᠤᠷᠤᠭᠤᠯᠤᠨ᠎ᠠ᠃ ᠨᠦᠬᠦᠪᠦᠷᠢᠯᠡᠭᠰᠡᠨ ᠲᠠᠷᠢᠶᠠᠨ ᠭᠠᠵᠠᠷ ᠤᠨ ᠬᠤᠶᠢᠰᠢᠲᠠ ᠶᠢᠨ ᠬᠠᠮᠢᠶᠠᠷᠤᠯᠲᠠ ᠶᠢ ᠴᠢᠩᠭᠠᠳᠬᠠᠨ ᠬᠠᠮᠢᠶᠠᠷᠤᠨ ᠬᠠᠮᠠᠭᠠᠯᠠᠬᠤ ᠭᠤᠤᠯ ᠴᠤᠭᠴᠠ ᠶᠢ ᠲᠤᠭᠳᠠᠭᠠᠨ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ ᠬᠠᠮᠢᠶᠠᠷᠤᠨ ᠬᠠᠮᠠᠭᠠᠯᠠᠬᠤ ᠰᠦᠢᠳᠬᠡᠯ ᠢ ᠪᠠᠲᠤᠯᠠᠨ ᠨᠦᠬᠦᠪᠦᠷᠢᠯᠡᠭᠰᠡᠨ ᠲᠠᠷᠢᠶᠠᠨ ᠭᠠᠵᠠᠷ ᠢ ᠦᠷᠬᠦᠯᠵᠢᠯᠡᠨ ᠠᠰᠢᠭᠯᠠᠬᠤ ᠶᠢ ᠪᠠᠲᠤᠯᠠᠨ ᠲᠠᠷᠢᠶᠠᠨ ᠭᠠᠵᠠᠷ ᠤᠨ ᠠᠳᠠᠷᠰᠢᠵᠤ ᠬᠠᠶᠠᠭᠳᠠᠬᠤ ᠪᠠ ᠦᠢᠯᠡᠳᠪᠦᠷᠢᠯᠡᠯ ᠤᠨ ᠴᠢᠳᠠᠪᠬᠢ ᠮᠠᠭᠤᠳᠠᠬᠤ ᠠᠴᠠ ᠰᠡᠷᠭᠡᠶᠢᠯᠡᠨ᠎ᠡ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠤᠰᠤᠨ ᠠᠰᠢᠭᠯᠠᠯᠲᠠ ᠎ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ︶      ⒒ ᠲᠠᠷᠢᠶᠠᠨ ᠭᠠᠵᠠᠷ ᠢ ᠨᠦᠬᠦᠪᠦᠷᠢᠯᠡᠬᠦ ᠬᠦᠢᠴᠡᠳᠬᠡᠯ ᠲᠤᠭ᠎ᠠ ᠶᠢᠨ ᠲᠤᠬᠢᠷᠠᠭᠤᠯᠤᠯᠲᠠ ᠬᠠᠮᠢᠶᠠᠷᠤᠯᠲᠠ ᠶᠢ ᠲᠦᠷᠢᠮᠵᠢᠬᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠲᠠᠷᠢᠶᠠᠨ ᠭᠠᠵᠠᠷ ᠢ ᠡᠵᠡᠯᠡᠬᠦ ᠦᠶᠡᠰ ᠲᠤᠰ ᠬᠠᠷᠢᠶᠠᠲᠤ ᠤᠷᠤᠨ ᠤ ᠲᠤᠳᠤᠷ᠎ᠠ ᠲᠠᠷᠢᠶᠠᠨ ᠭᠠᠵᠠᠷ ᠢ ᠡᠵᠡᠯᠡᠨ ᠨᠦᠬᠦᠪᠦᠷᠢᠯᠡᠬᠦ ᠶᠢ ᠲᠡᠩᠴᠡᠬᠦᠷᠢᠲᠠᠢ ᠪᠠᠶᠢᠯᠭᠠᠵᠤ ᠲᠡᠶᠢᠯᠬᠦ ᠦᠭᠡᠢ ᠪᠤᠯ ᠬᠤᠲᠠ ᠠᠴᠠ ᠨᠢᠭᠡᠳᠦᠯᠲᠠᠢ ᠲᠦᠯᠦᠪᠵᠢᠬᠦᠯᠦᠨ ᠬᠠᠷᠢᠶᠠᠲᠤ ᠤᠷᠤᠨ ᠤ ᠲᠤᠳᠤᠷᠠᠬᠢ ᠪᠤᠰᠤᠳ ᠬᠤᠰᠢᠭᠤ ︵ᠲᠤᠭᠤᠷᠢᠭ︶᠎ ᠳᠤ ᠲᠤᠬᠢᠷᠠᠭᠤᠯᠤᠨ ᠨᠦᠬᠦᠪᠦᠷᠢᠯᠡᠨ᠎ᠡ︔ ᠬᠤᠲᠠ ᠠᠴᠠ ᠮᠦᠨ ᠲᠠᠷᠢᠶᠠᠨ ᠭᠠᠵᠠᠷ ᠢ ᠡᠵᠡᠯᠡᠨ ᠨᠦᠬᠦᠪᠦᠷᠢᠯᠡᠬᠦ ᠶᠢ ᠲᠡᠩᠴᠡᠬᠦᠷᠢᠲᠠᠢ ᠪᠠᠶᠢᠯᠭᠠᠵᠤ ᠲᠡᠶᠢᠯᠬᠦ ᠦᠭᠡᠢ ᠪᠤᠯ ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠠᠪᠴᠠᠩ ᠢᠶᠠᠷ ᠲᠠᠮᠵᠢᠨ ᠠᠶᠢᠮᠠᠭ ᠬᠤᠲᠠ ᠠᠯᠤᠰᠯᠠᠨ ᠨᠦᠬᠦᠪᠦᠷᠢᠯᠡᠬᠦ ᠲᠠᠷᠢᠶᠠᠨ ᠭᠠᠵᠠᠷ ᠤᠨ ᠬᠦᠢᠴᠡᠳᠬᠡᠯ ᠲᠤᠭ᠎ᠠ ᠶᠢ ᠬᠤᠳᠠᠯᠳᠤᠨ ᠠᠪᠴᠤ ᠲᠤᠬᠢᠷᠠᠭᠤᠯᠤᠨ ᠨᠦᠬᠦᠪᠦᠷᠢᠯᠡᠨ᠎ᠡ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠡᠳ᠋ ᠎ ᠤᠨ ᠵᠠᠰᠠᠭ ᠤᠨ ᠲᠤᠪᠴᠢᠶ᠎ᠠ  ︶      ︵ᠭᠤᠷᠪᠠ︶ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠪᠠ ᠬᠠᠮᠠᠭᠠᠯᠠᠨ᠎ᠠ     ⒓ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠤᠨ ᠤᠷᠳᠤᠨ ᠠᠴᠠ ᠭᠤᠤᠯᠯᠠᠨ ᠤᠳᠤᠷᠢᠳᠴᠤ ᠨᠡᠶᠢᠬᠡᠮ ᠢᠶᠠᠷ ᠢᠶᠠᠨ ᠤᠷᠤᠯᠴᠠᠭᠰᠠᠨ ᠠᠵᠢᠯ ᠤᠨ ᠲᠤᠭᠳᠠᠯᠴᠠᠭ᠎ᠠ ᠶᠢ ᠪᠠᠶᠢᠭᠤᠯᠤᠨ ᠡᠳ᠋ ᠤᠨ ᠵᠠᠰᠠᠭ ᠤᠨ ᠪᠡᠯᠡ ᠮᠦᠩᠭᠦ ᠪᠠᠷ ᠲᠠᠭᠠᠭᠤᠯᠤᠭᠤᠯᠤᠨ ︽ᠤᠷᠢᠳᠠᠪᠠᠷ ᠪᠦᠲᠦᠭᠡᠨ ᠪᠠᠶᠢᠭᠤᠯᠵᠤ ᠲᠠᠷᠠᠭ᠎ᠠ ᠨᠢ ᠨᠦᠬᠦᠪᠦᠷᠢᠯᠡᠬᠦ︾᠂ ᠪᠡᠯᠡ ᠤᠷᠤᠭᠤᠯᠤᠯᠲᠠ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠦᠢᠯᠡᠴᠢᠯᠡᠭᠡ ᠎ ᠶᠢ ᠨᠢᠭᠡ ᠴᠤᠭᠴᠠᠵᠢᠭᠤᠯᠬᠤ ᠵᠡᠷᠭᠡ ᠠᠷᠭ᠎ᠠ ᠪᠠᠷᠢᠯ ᠢ ᠬᠡᠷᠡᠭᠯᠡᠵᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠨᠡᠶᠢᠬᠡᠮ ᠤᠨ ᠬᠦᠷᠦᠩᠬᠡ ᠶᠢ ᠤᠷᠤᠯᠴᠠᠭᠤᠯᠤᠨ᠎ᠠ᠃ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠨ ᠵᠦᠢᠯ ᠤᠨ ᠬᠡᠯᠪᠡᠷᠢ ᠶᠢᠨ ᠵᠤᠬᠢᠰᠲᠠᠢ ᠬᠡᠪᠴᠢᠶᠡᠵᠢᠯ ᠡᠵᠡᠩᠨᠡᠯᠲᠡ ᠎ ᠶᠢ ᠬᠦᠭᠵᠢᠬᠦᠯᠬᠦ᠂ ᠲᠤᠮᠳᠠ ᠲᠤᠤᠷ᠎ᠠ ᠤᠨᠠᠯᠲᠠᠲᠤ ᠲᠠᠷᠢᠶᠠᠨ ᠭᠠᠵᠠᠷ ᠢ ᠦᠭᠡᠷᠡᠴᠢᠯᠡᠬᠦ᠂ ᠲᠠᠷᠢᠶᠠᠯᠠᠩ ᠤᠨ ᠮᠠᠰᠢᠨᠴᠢᠯᠠᠯᠲᠠ ᠶᠢ ᠠᠬᠢᠭᠤᠯᠬᠤ ᠪᠠ ᠤᠰᠤ ᠠᠷᠪᠢᠯᠠᠬᠤ ᠤᠰᠤᠯᠠᠯᠲᠠ ᠲᠠᠢ ᠤᠶᠠᠯᠳᠤᠭᠤᠯᠵᠤ ᠠᠮᠢ ᠠᠬᠤᠢ ᠶᠢᠨ ᠰᠢᠯᠢᠳᠡᠭ ᠲᠠᠷᠢᠶ᠎ᠠ ᠶᠢ ᠶᠡᠬᠡᠪᠡᠷ ᠪᠦᠲᠦᠭᠡᠨ ᠪᠠᠶᠢᠭᠤᠯᠤᠨ᠎ᠠ᠃ ᠲᠠᠷᠢᠶᠠᠨ ᠭᠠᠵᠠᠷ ᠤᠨ ᠤᠰᠤ ᠠᠷᠪᠢᠯᠠᠬᠤ ᠶᠢ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠢᠴᠡᠳᠬᠡᠯ ᠲᠤᠭ᠎ᠠ ᠪᠤᠯᠭᠠᠨ ᠪᠦᠲᠦᠭᠡᠨ ᠪᠠᠶᠢᠭᠤᠯᠤᠯᠲᠠ ᠶᠢᠨ ᠤᠷᠤᠨ ᠤ ᠭᠠᠵᠠᠷ ᠲᠤᠤᠷᠠᠬᠢ ᠤᠰᠤᠨ ᠡᠬᠢ ᠪᠠᠶᠠᠯᠢᠭ ᠤᠨ ᠲᠡᠩᠴᠡᠬᠦᠷᠢᠰᠢᠯ ᠤᠨ ᠪᠠᠶᠢᠳᠠᠯ ᠢ ᠦᠨᠳᠦᠰᠦᠯᠡᠨ ᠨᠢᠭᠡᠲᠦᠯᠲᠠᠢ ᠲᠦᠯᠦᠪᠵᠢᠬᠦᠯᠦᠨ ᠪᠤᠳᠤᠯᠬᠢᠯᠠᠵᠤ ᠰᠢᠨ᠎ᠡ ᠪᠠᠷ ᠴᠠᠬᠢᠯᠭᠠᠨ ᠬᠤᠳᠳᠤᠭ ᠮᠠᠯᠲᠠᠨ ᠬᠠᠭᠤᠴᠢᠨ ᠴᠠᠬᠢᠯᠭᠠᠨ ᠬᠤᠳᠳᠤᠭ ᠢ ᠵᠤᠭᠰᠤᠭᠠᠵᠤ ᠭᠠᠵᠠᠷ ᠲᠤᠤᠷᠠᠬᠢ ᠤᠰᠤ ᠶᠢ ᠬᠡᠲᠦᠷᠬᠡᠢ ᠬᠡᠷᠡᠭᠯᠡᠭᠰᠡᠨ ᠤᠷᠤᠨ ᠳᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠳᠤ ᠰᠢᠨ᠎ᠡ ᠪᠠᠷ ᠮᠠᠰᠢᠨ ᠬᠤᠳᠲᠤᠭ ᠮᠠᠯᠳᠠᠵᠤ ᠪᠤᠯᠬᠤ ᠦᠭᠡᠢ᠃ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠬᠤᠶᠢᠰᠢᠲᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ ᠬᠡᠨ ᠬᠡᠷᠡᠭᠯᠡᠪᠡᠯ ᠬᠡᠨ ᠬᠠᠮᠢᠶᠠᠷᠤᠨ ᠬᠠᠮᠠᠭᠠᠯᠠᠬᠤ ᠪᠠ ᠬᠡᠨ ᠠᠰᠢᠭ ᠬᠦᠷᠳᠡᠵᠤ ᠪᠠᠶᠢᠪᠠᠯ ᠬᠡᠨ ᠬᠠᠷᠢᠭᠤᠴᠠᠬᠤ ᠵᠠᠷᠴᠢᠮ ᠢᠶᠠᠷ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠲᠦᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠤᠨ᠎ᠠ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ︶     ⒔ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢ ᠬᠠᠮᠠᠭᠠᠯᠠᠬᠤ ᠪᠠ ᠰᠠᠶᠢᠵᠢᠷᠠᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠡᠵᠡᠯᠡᠬᠦ ᠲᠠᠷᠢᠶᠠᠨ ᠭᠠᠵᠠᠷ ᠤᠨ ᠲᠠᠷᠢᠮᠠᠯ ᠤᠨ ᠲᠠᠪᠬᠤᠷᠭ᠎ᠠ ᠶᠢ ᠰᠠᠯᠭᠠᠨ ᠲᠠᠬᠢᠨ ᠠᠰᠢᠭᠯᠠᠬᠤ ᠶᠢ ᠠᠬᠢᠭᠤᠯᠵᠤ ᠪᠦᠲᠦᠭᠡᠨ ᠪᠠᠶᠢᠭᠤᠯᠤᠯᠲᠠ ᠶᠢᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠬᠤ ᠎ ᠶᠢ ᠱᠠᠯᠠᠪᠳᠠᠨ ᠱᠠᠭᠠᠷᠳᠠᠵᠤ ᠬᠤᠯᠪᠤᠭᠳᠠᠯ ᠪᠦᠬᠦᠢ ᠵᠠᠷᠤᠳᠠᠯ ᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠤᠷᠤᠭᠤᠯᠤᠯᠲᠠ ᠶᠢᠨ ᠲᠦᠰᠦᠪ ᠲᠤ ᠤᠷᠤᠭᠤᠯᠤᠨ᠎ᠠ᠃      ᠭᠠᠵᠠᠷ ᠰᠢᠷᠤᠢ ᠶᠢ ᠴᠡᠭᠴᠡᠯᠡᠨ ᠵᠠᠰᠠᠬᠤ ᠨᠦᠬᠦᠴᠡᠯ ᠳᠤ ᠨᠡᠶᠢᠴᠡᠭᠰᠡᠨ ᠲᠠᠷᠢᠶᠠᠨ ᠭᠠᠵᠠᠷ ᠢ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠠᠨ ᠳᠤ ᠤᠷᠤᠭᠤᠯᠵᠦ ᠶᠠᠰᠤ ᠴᠢᠨᠠᠷ ᠢ ᠳᠡᠭᠡᠭᠰᠢᠯᠡᠬᠦᠯᠦᠨ ᠦᠭᠡᠷᠡᠴᠢᠯᠡᠬᠦ ᠶᠢ ᠭᠡᠷᠡᠭᠵᠢᠬᠦᠯᠦᠨ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠦᠨ᠎ᠡ᠃ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠰᠡᠬᠦᠯᠴᠢ ᠶᠢᠨ ᠬᠤᠭᠤᠴᠠᠭᠠᠨ ᠤ ᠪᠤᠷᠳᠤᠭ᠎ᠠ ᠤᠷᠤᠭᠤᠯᠤᠨ ᠰᠠᠶᠢᠵᠢᠷᠠᠭᠤᠯᠬᠤ ᠠᠵᠢᠯ ᠢ ᠴᠢᠩᠭᠠᠳᠬᠠᠨ ᠢᠨᠵᠧᠨᠧᠷᠢᠩ᠂ ᠠᠮᠢᠳᠤ ᠪᠤᠳᠠᠰ᠂ ᠲᠠᠷᠢᠶᠠᠯᠠᠩ ᠤᠨ ᠮᠡᠷᠭᠡᠵᠢᠯ ᠵᠡᠷᠭᠡ ᠠᠷᠭ᠎ᠠ ᠬᠡᠮᠵᠢᠶ᠎ᠡ ᠶᠢ ᠶᠡᠷᠤᠩᠬᠡᠶᠢᠯᠡᠨ ᠬᠡᠷᠡᠭᠯᠡᠵᠦ ᠮᠠᠭᠤᠳᠠᠭᠰᠠᠨ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠬᠤ᠂ ᠪᠤᠬᠢᠷᠳᠤᠭᠰᠠᠨ ᠲᠠᠷᠢᠶᠠᠨ ᠭᠠᠵᠠᠷ ᠢ ᠬᠤᠷᠢᠭᠯᠠᠨ ᠡᠵᠡᠮᠳᠡᠵᠦ ᠰᠡᠷᠭᠦᠬᠡᠬᠦ ᠵᠡᠷᠭᠡ ᠠᠵᠢᠯ ᠢ ᠦᠷᠨᠢᠬᠦᠯᠦᠨ ᠬᠦᠷᠦᠰᠦ ᠰᠢᠷᠤᠢ ᠶᠢ ᠪᠤᠯᠪᠠᠰᠤᠷᠠᠭᠤᠯᠵᠦ ᠴᠢᠨᠠᠷ ᠴᠢᠨᠰᠠᠭ᠎ᠠ ᠳᠡᠭᠡᠭᠰᠢᠯᠡᠬᠦᠯᠬᠦ ᠶᠢ ᠲᠦᠷᠭᠡᠳᠬᠡᠵᠦ ᠬᠦᠷᠦᠰᠦ ᠶᠢ ᠬᠡᠮᠵᠢᠵᠦ ᠪᠠᠶᠢᠭᠠᠳ ᠪᠤᠷᠳᠤᠭᠤᠷ ᠤᠷᠤᠭᠤᠯᠬᠤ ᠶᠢ ᠬᠡᠷᠡᠭᠵᠢᠬᠦᠯᠦᠨ ᠬᠦᠷᠦᠰᠦ ᠰᠢᠷᠤᠢ ᠶᠢᠨ ᠦᠩ ᠰᠢᠮᠡᠯᠢᠭ ᠤᠨ ᠬᠠᠮᠠᠭᠠᠯᠠᠯᠲᠠ ᠎ ᠶᠢ ᠴᠢᠩᠭᠠᠳᠬᠠᠵᠦ ᠲᠠᠷᠢᠶᠠᠨ ᠭᠠᠵᠠᠷ ᠤᠨ ᠭᠠᠷᠤᠯᠲᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠬᠦᠯᠦᠨ᠎ᠡ᠃      ⒕ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠ ᠦᠨᠡᠯᠡᠯᠲᠡ ᠬᠢᠬᠦ ᠶᠢ ᠲᠦᠯᠬᠢᠨ ᠠᠬᠢᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢᠨ ᠲᠤᠭᠲᠠᠮᠠᠯ ᠪᠠᠶᠢᠴᠠᠭᠠᠬᠤ ᠴᠡᠭ ᠵᠢᠴᠢ ᠲᠠᠷᠢᠶᠠᠨ ᠭᠠᠵᠠᠷ ᠤᠨ ᠬᠦᠷᠦᠰᠦᠨ ᠤ ᠴᠢᠬᠢᠭ ᠤᠨ ᠪᠠᠶᠢᠳᠠᠯ ᠢ ᠬᠢᠨᠠᠨ ᠬᠡᠮᠵᠢᠬᠦ ᠴᠡᠭ ᠵᠡᠷᠭᠡ ᠶᠢ ᠬᠦᠢᠴᠡᠳ ᠠᠰᠢᠭᠯᠠᠵᠦ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠮᠵᠢᠲᠤ ᠤᠷᠤᠨ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠤᠷᠢᠯᠡᠯ ᠤᠨ ᠬᠠᠮᠠᠭᠠᠯᠠᠯᠲᠠ ᠶᠢᠨ ᠣᠷᠣᠨ᠂ ᠲᠠᠷᠢᠶᠠᠨ ᠭᠠᠵᠠᠷ ᠤᠨ ᠬᠦᠷᠦᠰᠦᠨ ᠤ ᠪᠤᠬᠢᠷᠳᠤᠯ ᠤᠨ ᠣᠷᠣᠨ ᠵᠡᠷᠭᠡ ᠣᠷᠣᠨ ᠲᠤᠭᠤᠷᠢᠭ  ᠎ ᠲᠤ ᠲᠠᠷᠢᠶᠠᠨ ᠭᠠᠵᠠᠷ ᠤᠨ ᠶᠠᠰᠤ ᠴᠢᠨᠠᠷ ᠪᠤᠯᠤᠨ ᠴᠢᠬᠢᠭ ᠤᠨ ᠪᠠᠶᠢᠳᠠᠯ ᠢ ᠪᠠᠶᠢᠴᠠᠭᠠᠨ ᠬᠡᠮᠵᠢᠬᠦ ᠰᠦᠯᠵᠢᠶ᠎ᠡ ᠶᠢ ᠪᠠᠶᠢᠭᠤᠯᠤᠨ ᠲᠠᠷᠢᠶᠠᠨ ᠭᠠᠵᠠᠷ ᠤᠨ ᠶᠠᠰᠤ ᠴᠢᠨᠠᠷ ᠤᠨ ᠬᠤᠪᠢᠷᠠᠯᠲᠠ ᠪᠤᠯᠤᠨ ᠴᠢᠬᠢᠭ ᠤᠨ ᠪᠠᠶᠢᠳᠠᠯ ᠳᠤ ᠬᠦᠳᠡᠯᠦᠩᠬᠦᠢ ᠬᠢᠨᠠᠨ ᠪᠠᠶᠢᠴᠠᠭᠠᠯᠲᠠ ᠬᠢᠵᠦ ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠨ ᠬᠡᠮᠵᠢᠭᠰᠡᠨ ᠦᠷ᠎ᠡ ᠳ᠋ᠦᠩ ᠤᠨ ᠣᠨ ᠤ ᠮᠡᠳᠡᠭᠦᠯᠦᠯᠲᠡ ᠶᠢ ᠴᠠᠭ ᠳᠠᠷᠤᠢ ᠳᠤᠨᠢ ᠨᠡᠶᠢᠳᠡᠯᠡᠨ᠎ᠡ᠃ ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ ᠲᠦᠷᠢᠮ ᠢ ᠲᠡᠭᠦᠯᠳᠡᠷᠵᠢᠬᠦᠯᠵᠦ ᠲᠠᠷᠢᠶᠠᠨ ᠭᠠᠵᠠᠷ ᠤᠨ ᠶᠠᠰᠤ ᠴᠢᠨᠠᠷ ᠎ ᠤᠨ ᠳᠡᠰ ᠤᠨ ᠦᠨᠡᠯᠡᠯᠲᠡ᠂ ᠲᠠᠷᠢᠶᠠᠨ ᠭᠠᠵᠠᠷ ᠤᠨ ᠶᠠᠰᠤ ᠴᠢᠨᠠᠷ ᠤᠨ ᠪᠠᠶᠢᠴᠠᠭᠠᠨ ᠬᠡᠮᠵᠢᠯᠲᠡ ᠶᠢᠨ ᠦᠨᠡᠯᠡᠯᠲᠡ᠂ ᠤᠨᠴᠠ ᠲᠤᠭᠲᠠᠭᠰᠠᠨ ᠤᠷᠤᠨ ᠪᠦᠰᠡ ᠶᠢᠨ ᠲᠠᠷᠢᠶᠠᠨ ᠭᠠᠵᠠᠷ ᠤᠨ ᠶᠠᠰᠤ ᠴᠢᠨᠠᠷ ᠤᠨ ᠦᠨᠡᠯᠡᠯᠲᠡ᠂ ᠲᠠᠷᠢᠶᠠᠨ ᠭᠠᠵᠠᠷ ᠤᠨ ᠶᠠᠰᠤ ᠴᠢᠨᠠᠷ ᠤᠨ ᠲᠤᠰᠬᠠᠢ ᠬᠦᠢᠴᠡᠳᠬᠡᠯ ᠲᠤᠭᠠᠨ ᠤ ᠦᠨᠡᠯᠡᠯᠲᠡ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠶᠠᠰᠤ ᠴᠢᠨᠠᠷ ᠤᠨ ᠦᠨᠡᠯᠡᠯᠲᠡ ᠪᠤᠯᠤᠨ ᠲᠠᠷᠢᠶᠠᠨ ᠭᠠᠵᠠᠷ ᠤᠨ ᠶᠠᠰᠤ ᠴᠢᠨᠠᠷ ᠤᠨ ᠪᠠᠴᠢᠮ ᠪᠠᠶᠢᠳᠠᠯ ᠢ  ᠰᠶᠢᠳᠪᠤᠷᠢᠯᠡᠬᠦ ᠪᠠᠶᠢᠴᠠᠭᠠᠯᠲᠠ ᠶᠢᠨ ᠦᠨᠡᠯᠡᠯᠲᠡ ᠶᠢ ᠦᠷᠨᠢᠬᠦᠯᠦᠨ᠎ᠡ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ︶      ⒖ ᠲᠠᠷᠢᠶᠠᠨ ᠭᠠᠵᠠᠷ ᠤᠨ ᠡᠬᠢ ᠪᠠᠶᠠᠯᠢᠭ ᠢ ᠵᠦᠢ ᠵᠤᠬᠢᠰᠲᠠᠢ ᠨᠡᠭᠡᠭᠡᠨ ᠠᠰᠢᠭᠯᠠᠬᠤ ᠬᠡᠷᠡᠭᠲᠡᠢ᠃ ᠠᠮᠢ ᠠᠬᠤᠢ ᠶᠢ ᠴᠢᠩᠭ᠎ᠠ ᠬᠠᠮᠠᠭᠠᠯᠠᠬᠤ ᠤᠷᠢᠳᠠᠯ ᠲᠤᠤᠷ᠎ᠠ ᠲᠠᠷᠢᠶᠠᠯᠠᠬᠤ ᠳᠤ ᠲᠤᠬᠢᠷᠠᠬᠤ ᠡᠯᠡᠰᠦᠷᠬᠡᠭ ᠭᠠᠵᠠᠷ ᠵᠡᠷᠭᠡ ᠠᠰᠢᠭᠯᠠᠭᠠᠲᠤᠢ ᠭᠠᠵᠠᠷ ᠢ ᠰᠢᠨᠵᠢᠯᠡᠬᠦ ᠤᠬᠠᠭᠠᠨᠴᠢ᠂ ᠵᠦᠢ ᠵᠤᠬᠢᠰᠲᠠᠢ ᠨᠡᠭᠡᠭᠡᠨ ᠠᠰᠢᠭᠯᠠᠵᠦ ᠠᠳᠠᠷ ᠭᠠᠵᠠᠷ᠂ ᠠᠳᠠᠷ ᠠᠭᠤᠯᠠ᠂ ᠵᠠᠷᠳᠠᠮ ᠢ ᠠᠰᠢᠭᠯᠠᠨ ᠲᠠᠷᠢᠶᠠᠯᠠᠩ ᠤᠨ ᠨᠡᠭᠡᠭᠡᠨ ᠠᠰᠢᠭᠯᠠᠯᠲᠠ ᠬᠢᠭᠰᠡᠨ ᠳᠤᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠲᠤᠭᠲᠠᠭᠠᠯ ᠶᠤᠰᠤᠭᠠᠷ ᠴᠢᠩᠭ᠎ᠠ ᠵᠢᠷᠤᠮᠯᠠᠨ ᠬᠢᠨᠠᠨ ᠵᠦᠪᠰᠢᠶᠡᠷᠡᠬᠦᠯᠬᠦ ᠭᠠᠷᠳᠠᠮ ᠢ ᠬᠦᠢᠴᠡᠳᠬᠡᠬᠦ ᠬᠡᠷᠡᠭᠲᠡᠢ᠃ ᠭᠠᠵᠠᠷ ᠤᠨ ᠪᠠᠶᠢᠴᠠ ᠬᠠᠷᠢᠴᠠᠩᠭᠤᠢ ᠳᠡᠭᠰᠢ ᠳᠠᠷᠳᠠᠩ᠂ ᠪᠤᠷᠤᠭᠠᠨ ᠬᠤᠷ᠎ᠠ ᠬᠠᠷᠢᠴᠠᠩᠭᠤᠢ ᠡᠯᠪᠡᠭ ᠳᠡᠯᠪᠡᠭ ᠣᠷᠣᠨ ᠤ ᠭᠠᠵᠠᠷ ᠰᠢᠷᠤᠢ ᠶᠢ ᠲᠠᠷᠢᠶᠠᠨ ᠭᠠᠵᠠᠷ ᠤᠨ ᠡᠬᠢ ᠪᠠᠶᠠᠯᠢᠭ ᠤᠨ ᠬᠠᠮᠢᠶᠠᠷᠤᠯᠲᠠ ᠶᠤᠰᠤᠭᠠᠷ ᠣᠳᠣᠬᠢ ᠪᠠᠶᠢᠳᠠᠯ ᠤᠨ ᠭᠠᠵᠠᠷ ᠤᠨ ᠲᠦᠷᠦᠯ ᠵᠦᠢᠯ ᠢ ᠪᠠᠷᠢᠮᠳᠠᠯᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠣᠷᠣᠭᠤᠯᠵᠦ ᠪᠤᠯᠬᠤ ᠦᠬᠡᠢ᠂ ᠡᠵᠡᠯᠡᠬᠦ ᠨᠦᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠲᠦᠷᠦᠯ ᠵᠦᠢᠯ ᠢ ᠬᠡᠷᠡᠭᠵᠢᠬᠦᠯᠬᠦ ᠳᠤ ᠬᠦᠢᠴᠡᠳ ᠣᠷᠣᠨ ᠵᠠᠢ ᠦᠯᠡᠳᠡᠬᠡᠬᠦ ᠬᠡᠷᠡᠭᠲᠡᠢ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠦᠭᠵᠢᠬᠦᠯᠦᠯᠲᠡ ᠦᠬᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠣᠰᠣᠨ ᠠᠰᠢᠭᠯᠠᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ︶      ⒗ ᠲᠠᠷᠢᠶᠠᠨ ᠭᠠᠵᠠᠷ ᠤᠨ ᠡᠬᠡᠯᠵᠢᠯᠡᠬᠦᠯᠦᠨ ᠲᠠᠷᠢᠬᠤ ᠬᠠᠮᠢᠶᠠᠷᠤᠯᠲᠠ ᠶᠢ ᠰᠦᠪᠡᠭᠴᠢᠯᠡᠬᠦ ᠬᠡᠷᠡᠭᠲᠡᠢ᠃ ᠲᠠᠷᠢᠶᠠᠨ ᠭᠠᠵᠠᠷ ᠤᠨ ᠡᠬᠡᠯᠵᠢᠯᠡᠬᠦᠯᠦᠨ ᠲᠠᠷᠢᠬᠤ ᠲᠤᠷᠰᠢᠯᠲᠠ ᠶᠢᠨ ᠴᠡᠭ ᠢ ᠢᠳᠡᠪᠬᠢᠲᠡᠢ ᠲᠤᠭᠲᠠᠭᠤᠨ ᠢᠶᠠᠷ ᠲᠦᠯᠬᠢᠨ ᠠᠬᠢᠭᠤᠯᠵᠦ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ ᠦᠯᠦ ᠬᠠᠭᠠᠯᠪᠤᠷᠢᠯᠠᠬᠤ᠂ ᠴᠦᠬᠡᠨ ᠬᠠᠭᠠᠯᠪᠤᠷᠢᠯᠠᠬᠤ ᠵᠡᠷᠭᠡ ᠬᠠᠮᠠᠭᠠᠯᠠᠯᠲᠠ ᠶᠢᠨ ᠴᠢᠨᠠᠷᠳᠠᠢ ᠲᠠᠷᠢᠶᠠᠯᠠᠬᠤ ᠲᠦᠷᠢᠮ ᠢ ᠭᠡᠷᠡᠭᠵᠢᠬᠦᠯᠦᠨ ᠡᠬᠡᠯᠵᠢᠯᠡᠨ ᠲᠠᠷᠢᠬᠤ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠦ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠬᠠᠰᠤᠭᠳᠠᠬᠤ ᠦᠬᠡᠢ ᠪᠠᠶᠢᠬᠤ᠂ ᠭᠠᠵᠠᠷ ᠤᠨ ᠲᠦᠷᠦᠯ ᠵᠦᠢᠯ ᠬᠤᠪᠢᠷᠠᠬᠤ ᠦᠬᠡᠢ ᠪᠠᠶᠢᠬᠤ ᠶᠢ ᠪᠠᠲᠤᠯᠠᠬᠤ ᠬᠡᠷᠡᠭᠲᠡᠢ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ︶      ︵ᠲᠦᠷᠪᠡ︶ ᠲᠠᠷᠢᠶᠠᠨ ᠭᠠᠵᠠᠷ ᠢ ᠬᠠᠮᠠᠭᠠᠯᠠᠬᠤ ᠨᠦᠬᠦᠪᠦᠷᠢ ᠶᠢᠨ ᠲᠤᠭᠲᠠᠴᠠ ᠶᠢ ᠲᠡᠭᠦᠯᠳᠡᠷᠵᠢᠬᠦᠯᠦᠨ᠎ᠡ᠃      ⒘ᠲᠠᠷᠢᠶᠠᠨ ᠭᠠᠵᠠᠷ ᠢ ᠬᠠᠮᠠᠭᠠᠯᠠᠬᠤ ᠨᠦᠬᠦᠪᠦᠷᠢ ᠶᠢᠨ ᠲᠤᠭᠲᠠᠴᠠ ᠶᠢ ᠪᠠᠶᠢᠭᠤᠯᠤᠨ᠎ᠠ᠃ ︽ᠠᠵᠤ ᠦᠢᠯᠡᠳᠪᠤᠷᠢ ᠪᠠᠷ ᠲᠠᠷᠢᠶᠠᠯᠠᠩ ᠢ ᠳᠡᠳᠭᠦᠬᠦ᠂ ᠬᠤᠳᠠ ᠪᠠᠷ ᠬᠦᠳᠡᠭᠡ ᠲᠤᠰᠬᠤᠨ ᠢ ᠳᠡᠮᠵᠢᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠬᠦᠨᠲᠤ ᠭᠠᠵᠠᠷ ᠲᠤ ᠡᠳ᠋ ᠤᠨ ᠵᠠᠰᠠᠭ ᠤᠨ ᠰᠢᠯᠵᠢᠬᠦᠯᠦᠨ ᠦᠭᠬᠦ ᠬᠦᠴᠦᠯᠡᠴᠡ ᠶᠢ ᠴᠢᠩᠭᠠᠳᠬᠠᠨ᠎ᠠ᠃ ᠬᠤᠰᠢᠭᠤ ᠡᠳ᠋ ᠤᠨ ᠵᠠᠰᠠᠭ ᠨᠢ ᠲᠦᠪ ᠠᠴᠠ ᠪᠠᠭᠤᠯᠭᠠᠭᠰᠠᠨ ᠲᠠᠷᠢᠶᠠᠯᠠᠩ ᠢ ᠳᠡᠮᠵᠢᠵᠦ ᠬᠠᠮᠠᠭᠠᠯᠠᠬᠤ ᠨᠦᠬᠦᠪᠦᠷᠢ ᠶᠢᠨ ᠲᠤᠳᠤᠷ᠎ᠠ ᠠᠴᠠ ᠬᠡᠰᠡᠭ ᠪᠡᠯᠡ ᠮᠦᠩᠬᠦ ᠶᠢ ᠨᠢᠬᠡᠳᠦᠯᠳᠡᠢ ᠲᠦᠯᠦᠪᠯᠡᠨ ᠲᠤᠬᠢᠷᠠᠭᠤᠯᠵᠦ ᠪᠦᠬᠦ ᠬᠤᠰᠢᠭᠤᠨ ᠤ ᠲᠠᠷᠢᠶᠠᠨ ᠭᠠᠵᠠᠷ ᠢ ᠬᠠᠮᠠᠭᠠᠯᠠᠬᠤ ᠨᠦᠬᠦᠪᠦᠷᠢ ᠳᠤ ᠬᠡᠷᠡᠭᠯᠡᠨ᠎ᠡ᠃ ᠬᠡᠨ ᠬᠠᠮᠠᠭᠠᠯᠠᠪᠠᠯ ᠬᠡᠨ ᠠᠰᠢᠭ ᠬᠦᠷᠳᠡᠬᠦ ᠵᠠᠷᠴᠢᠮ ᠶᠤᠰᠤᠭᠠᠷ ᠣᠷᠣᠨ ᠨᠤᠲᠤᠭ ᠤᠨ ᠡᠯ᠎ᠡ ᠱᠠᠲᠤᠨ ᠤ ᠲᠠᠷᠢᠶᠠᠯᠠᠩ ᠳᠤ ᠬᠤᠯᠪᠤᠭᠳᠠᠬᠤ ᠪᠡᠯᠡ ᠮᠦᠩᠬᠦ ᠶᠢ ᠨᠢᠬᠡᠳᠦᠯᠲᠡᠢ ᠲᠦᠯᠦᠪᠯᠡᠨ ᠴᠤᠮᠬᠤᠳᠬᠠᠨ ᠨᠡᠶᠢᠯᠡᠬᠦᠯᠵᠦ ᠲᠠᠷᠢᠶᠠᠨ ᠭᠠᠵᠠᠷ ᠢ ᠬᠠᠮᠠᠭᠠᠯᠠᠬᠤ ᠲᠤᠰᠬᠠᠢ ᠲᠦᠷᠦᠯ ᠤᠨ ᠪᠡᠯᠡ ᠮᠦᠩᠬᠦ ᠶᠢ ᠪᠠᠶᠢᠭᠤᠯᠤᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠡᠬᠦᠷᠭᠡᠯᠡᠭᠰᠡᠨ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠ ᠲᠠᠷᠢᠶᠠᠴᠢᠨ ᠡᠷᠤᠬᠡ ᠳᠤ ᠱᠠᠩᠨᠠᠯ ᠨᠦᠬᠦᠪᠦᠷᠢ ᠤᠯᠭᠤᠨ᠎ᠠ᠃ ᠱᠠᠩᠨᠠᠯ ᠨᠦᠬᠦᠪᠦᠷᠢ ᠶᠢᠨ ᠪᠡᠯᠡ ᠮᠦᠩᠬᠦ ᠶᠢ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠲᠠᠢ ᠬᠤᠯᠪᠤᠭᠳᠠᠭᠤᠯᠵᠦ ᠭᠤᠤᠯᠳᠠᠭᠤ ᠲᠠᠷᠢᠶᠠᠨ ᠭᠠᠵᠠᠷ ᠤᠨ ᠰᠠᠭᠤᠷᠢ ᠲᠦᠬᠦᠬᠡᠷᠦᠮᠵᠢ ᠶᠢᠨ ᠰᠡᠬᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠪᠠ ᠣᠰᠣᠨ ᠠᠰᠢᠭᠯᠠᠯᠲᠠ᠂ ᠲᠠᠷᠢᠶᠠᠨ ᠭᠠᠵᠠᠷ ᠤᠨ ᠴᠢᠨᠠᠷᠵᠢᠭᠤᠯᠤᠯᠲᠠ᠂ ᠲᠠᠷᠢᠶᠠᠨ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠵᠡᠷᠭᠡ ᠳᠤ ᠬᠡᠷᠡᠭᠯᠡᠨ᠎ᠡ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠡᠳ᠋ ᠤᠨ ᠵᠠᠰᠠᠭ ᠤᠨ ᠲᠤᠪᠴᠢᠶ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ︶      ⒙ ᠣᠷᠣᠨ ᠨᠤᠲᠤᠭ ᠠᠯᠤᠰᠯᠠᠭᠰᠠᠨ ᠲᠠᠷᠢᠶᠠᠨ ᠭᠠᠵᠠᠷ ᠤᠨ ᠠᠰᠢᠭ ᠲᠤᠰᠠ ᠶᠢᠨ ᠲᠤᠬᠢᠷᠠᠭᠤᠯᠤᠯᠲᠠ ᠶᠢ ᠬᠡᠷᠡᠭᠵᠢᠬᠦᠯᠦᠨ᠎ᠡ᠃ ᠠᠮᠢ ᠠᠬᠤᠢ ᠶᠢᠨ ᠨᠦᠬᠦᠴᠡᠯ ᠪᠦᠷᠢᠯᠳᠤᠭ᠍ᠰᠡᠨ ᠤᠷᠢᠳᠠᠯ ᠲᠤᠤᠷ᠎ᠠ ᠭᠠᠵᠠᠷ ᠰᠢᠷᠤᠢ ᠶᠢ ᠴᠡᠭᠴᠡᠯᠡᠨ ᠵᠠᠰᠠᠵᠦ ᠲᠠᠷᠢᠶᠠᠨ ᠭᠠᠵᠠᠷ ᠢ ᠨᠡᠮᠡᠭᠳᠡᠬᠦᠯᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠵᠤᠷᠢᠭᠵᠢᠭᠤᠯᠵᠦ ᠲᠠᠷᠢᠶᠠᠨ ᠭᠠᠵᠠᠷ ᠤᠨ ᠬᠦᠢᠴᠡᠳᠬᠡᠯ ᠲᠤᠭ᠎ᠠ ᠶᠢ ᠨᠦᠬᠦᠪᠦᠷᠢᠯᠡᠬᠦ ᠳᠤ ᠠᠵᠤ ᠠᠬᠤᠢ ᠬᠦᠭᠵᠢᠭᠰᠡᠨ ᠭᠠᠵᠠᠷ ᠣᠷᠣᠨ ᠵᠦᠭ ᠠᠵᠢᠯ ᠲᠦᠷᠦᠯ ᠢᠶᠠᠷ ᠨᠢ ᠲᠤᠬᠢᠷᠠᠭᠤᠯᠤᠨ ᠦᠪᠡᠷᠳᠡᠭᠡᠨ ᠵᠠᠰᠠᠬᠤ ᠤᠷᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠬᠦᠢᠴᠡᠳ ᠠᠰᠢᠭᠯᠠᠵᠦ ᠲᠠᠷᠢᠶᠠᠨ ᠭᠠᠵᠠᠷ ᠢ ᠨᠦᠬᠦᠪᠦᠷᠢᠯᠡᠬᠦ ᠶᠢᠨ ᠠᠰᠢᠭ ᠲᠤᠰᠠ ᠶᠢ ᠲᠤᠬᠢᠷᠠᠭᠤᠯᠬᠤ ᠲᠤᠭᠲᠠᠴᠠ ᠶᠢ ᠲᠤᠭᠲᠠᠭᠠᠨ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠭᠠᠵᠠᠷ ᠤᠷᠤᠨ ᠨᠢ ᠲᠠᠷᠢᠶᠠᠨ ᠭᠠᠵᠠᠷ ᠤᠨ ᠭᠦᠢᠴᠡᠳᠬᠡᠬᠦ ᠲᠤᠭ᠎ᠠ ᠶᠢ ᠨᠦᠬᠦᠪᠦᠷᠢᠯᠡᠬᠦ ᠲᠤᠬᠢᠷᠠᠭᠤᠯᠬᠤ ᠵᠠᠷᠤᠳᠠᠯ ᠢ ᠲᠤᠰᠢᠶᠠᠭᠰᠠᠨ ᠰᠠᠭᠤᠷᠢᠨ ᠳᠡᠭᠡᠷ᠎ᠡ ᠠᠵᠦ ᠦᠢᠯᠡᠰ ᠤᠨ ᠰᠢᠯᠵᠢᠯᠲᠡ᠂ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠣᠯᠠᠨ ᠲᠦᠷᠦᠯ ᠤᠨ ᠠᠷᠭ᠎ᠠ ᠬᠡᠯᠪᠡᠷᠢ ᠶᠢ ᠬᠡᠷᠡᠭᠵᠢᠬᠦᠯᠬᠦ ᠪᠠᠷ ᠳᠠᠮᠵᠢᠨ ᠲᠠᠷᠢᠶᠠᠨ ᠭᠠᠵᠠᠷ ᠢ ᠨᠦᠬᠦᠪᠦᠷᠢᠯᠡᠬᠦ ᠭᠠᠵᠠᠷ ᠤᠷᠤᠨ ᠤ ᠲᠠᠷᠢᠶᠠᠨ ᠭᠠᠵᠠᠷ ᠢ ᠬᠠᠮᠠᠭᠠᠯᠠᠬᠤ ᠢᠳᠡᠪᠬᠢᠵᠢᠯ ᠢ ᠲᠠᠶᠢᠴᠢᠯᠠᠬᠤ ᠬᠡᠷᠡᠭᠲᠡᠢ᠃ ︵ᠬᠠᠷᠢᠭᠤᠴᠠᠬᠤ ᠪᠠᠶᠢᠭᠤᠯᠭ᠎ᠠ ᠨᠢᠭᠡᠴᠢ᠄ ᠡᠳ᠋ ᠤᠨ ᠵᠠᠰᠠᠭ ᠤᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠦᠭᠵᠢᠬᠦᠯᠦᠯᠲᠡ ᠦᠬᠡᠷᠡᠴᠢᠯᠡᠯᠲᠡ ᠶᠢᠨ ᠵᠦᠪᠯᠡᠯ᠂ ᠠᠵᠦ ᠦᠢᠯᠡᠳᠪᠤᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ︶      ᠭᠤᠷᠪᠠ᠂ ᠪᠠᠲᠤᠯᠠᠬᠤ ᠠᠷᠭ᠎ᠠ ᠬᠡᠮᠵᠢᠶ᠎ᠠ      ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠳᠡᠭᠡᠭᠰᠢ ᠲᠤᠷᠤᠭᠰᠢ ᠬᠤᠯᠪᠤᠭᠠᠯᠠᠨ ᠬᠦᠳᠡᠯᠦᠯᠴᠡᠬᠦ ᠬᠠᠮᠲᠤ ᠶᠢᠨ ᠬᠠᠷᠢᠭᠤᠴᠠᠯᠭ᠎ᠠ ᠶᠢᠨ ᠲᠤᠭᠳᠠᠴᠠ ᠶᠢ ᠪᠠᠶᠢᠭᠤᠯᠤᠨ ᠡᠬᠢ ᠡᠬᠦᠰᠦᠯ ᠤᠨ ᠡᠵᠡᠮᠰᠢᠯ ᠢ ᠴᠢᠩᠭᠠᠳᠬᠠᠵᠦ ᠶᠠᠪᠤᠴᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ ᠲᠤᠰ ᠭᠠᠵᠠᠷ ᠤᠷᠤᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠰᠣᠮᠣ ᠪᠠᠯᠭᠠᠰᠤᠨ ᠤ ᠵᠠᠰᠠᠭ ᠤᠨ ᠤᠷᠳᠤᠨ ᠤ ᠭᠤᠤᠯ ᠬᠠᠷᠢᠭᠤᠴᠠᠯᠭᠠᠲᠠᠨ ᠪᠤᠯ ᠲᠠᠷᠢᠶᠠᠨ ᠭᠠᠵᠠᠷ ᠢ ᠬᠠᠮᠠᠭᠠᠯᠠᠬᠤ ᠨᠢᠭᠡᠳᠦᠬᠡᠷ ᠬᠠᠷᠢᠭᠤᠴᠠᠯᠭᠠᠳᠠᠨ ᠮᠦᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠠᠵᠢᠯ ᠤᠨ ᠬᠤᠪᠢᠶᠠᠷᠢᠯᠠᠯ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠲᠠᠷᠢᠶᠠᠴᠢᠨ ᠪᠤᠯᠤᠨ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢ ᠬᠦᠢᠴᠡᠳ ᠬᠦᠳᠡᠯᠬᠡᠨ ᠲᠠᠷᠢᠶᠠᠨ ᠭᠠᠵᠠᠷ ᠤᠨ ᠢᠳᠡᠪᠬᠢᠵᠢᠯ ᠎ ᠢ ᠬᠠᠮᠠᠭᠠᠯᠠᠵᠦ ᠲᠠᠷᠢᠶᠠᠨ ᠭᠠᠵᠠᠷ ᠢ ᠬᠠᠮᠠᠭᠠᠯᠠᠬᠤ ᠨᠡᠶᠢᠯᠡᠮᠡᠯ ᠬᠦᠴᠦᠨ ᠢ ᠪᠦᠷᠢᠯᠳᠦᠬᠦᠯᠦᠨ᠎ᠡ᠃       ︵ᠬᠤᠶᠠᠷ︶ ᠰᠠᠯᠠᠭ᠎ᠠ ᠮᠦᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤᠰ ᠰᠠᠯᠠᠭ᠎ᠠ ᠮᠦᠴᠢᠷ ᠤᠨ ᠡᠬᠦᠷᠭᠡᠯᠡᠭᠰᠡᠨ ᠡᠬᠦᠷᠭᠡ ᠬᠠᠷᠢᠭᠤᠴᠠᠯᠭ᠎ᠠ ᠶᠢᠨ ᠶᠤᠰᠤᠭᠠᠷ ᠬᠠᠮᠵᠢᠯᠴᠠᠭ᠎ᠠ ᠪᠠᠨ ᠴᠢᠩᠭᠠᠳᠬᠠᠵᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠦᠴᠢᠷ ᠲᠠᠷᠢᠶᠠᠨ ᠭᠠᠵᠠᠷ ᠢ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠬᠡᠵᠦ ᠲᠠᠷᠢᠶᠠᠨ ᠭᠠᠵᠠᠷ ᠢ ᠬᠠᠮᠠᠭᠠᠯᠠᠬᠤ ᠲᠤᠭᠲᠠᠯᠴᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠨᠠᠷᠢᠯᠢᠭᠵᠢᠭᠤᠯᠤᠨ ᠵᠠᠳᠠᠯᠵᠦ ᠲᠠᠷᠢᠶᠠᠨ ᠭᠠᠵᠠᠷ ᠢ ᠬᠠᠮᠠᠭᠠᠯᠠᠬᠤ ᠢᠯᠠᠩᠭᠤᠶ᠎ᠠ ᠦᠨᠳᠦᠰᠦᠨ ᠲᠠᠷᠢᠶᠠᠨ ᠭᠠᠵᠠᠷ ᠢ ᠦᠨᠢᠳᠡ ᠬᠠᠮᠢᠶᠠᠷᠤᠨ ᠬᠠᠮᠠᠭᠠᠯᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠬᠦᠯᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠲᠠᠷᠢᠶᠠᠨ ᠭᠠᠵᠠᠷ ᠤᠨ ᠡᠬᠡᠯᠵᠢᠯᠡᠬᠦᠯᠦᠨ ᠲᠠᠷᠢᠬᠤ ᠵᠢᠴᠢ ᠲᠠᠷᠢᠶᠠᠨ ᠭᠠᠵᠠᠷ ᠤᠨ ᠭᠠᠵᠠᠷ ᠵᠦᠢ ᠶᠢᠨ ᠬᠠᠮᠢᠶᠠᠷᠤᠯᠲᠠ ᠶᠢ ᠴᠢᠩᠭᠠᠳᠬᠠᠵᠦ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠷᠬᠢᠯᠲᠡ ᠶᠢ ᠡᠮᠬᠢ ᠵᠢᠷᠤᠮ ᠲᠠᠢ ᠎ ᠪᠠᠷ ᠬᠦᠳᠦᠯᠦᠨ ᠵᠢᠯᠦᠭᠤᠳᠴᠤ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠲᠤ ᠠᠮᠤ ᠪᠤᠳᠠᠭ᠎ᠠ ᠲᠠᠷᠢᠬᠤ ᠶᠢ ᠨᠠᠶᠢᠳᠠᠪᠤᠷᠢᠵᠢᠭᠤᠯᠬᠤ ᠶᠢ ᠬᠦᠲᠦᠯᠦᠨ ᠵᠢᠯᠤᠭᠤᠳᠴᠤ ᠲᠠᠷᠢᠶᠠᠨ ᠭᠠᠵᠠᠷ ᠤᠨ ︽ᠠᠮᠤ ᠪᠤᠳᠠᠭᠠᠨ ᠤ ᠪᠤᠰᠤ︾ ︽ᠲᠠᠷᠢᠶᠠᠯᠠᠩ ᠤᠨ ᠪᠤᠰᠤ︾ ᠪᠤᠯᠬᠤ ᠶᠢ ᠰᠡᠷᠭᠡᠶᠢᠯᠡᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠪᠡᠯᠡ ᠮᠦᠩᠬᠦᠨ ᠤ ᠳᠡᠮᠵᠢᠯᠭᠡ ᠶᠢ ᠨᠡᠮᠡᠭᠳᠡᠬᠦᠯᠵᠦ ᠪᠡᠯᠡ ᠮᠦᠩᠬᠦᠨ ᠤ ᠬᠡᠷᠡᠭᠯᠡᠯᠲᠡ ᠎ ᠶᠢᠨ ᠬᠢᠨᠠᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠬᠦᠷᠦᠰᠦ ᠰᠢᠷᠤᠢ ᠶᠢᠨ ᠪᠤᠬᠢᠷᠳᠤᠯ ᠤᠨ ᠪᠠᠶᠢᠴᠠᠭᠠᠯᠲᠠ ᠶᠢ ᠢᠳᠡᠪᠬᠢᠲᠡᠢ ᠦᠷᠨᠢᠬᠦᠯᠵᠦ ᠪᠤᠬᠢᠷᠳᠤᠭᠰᠠᠨ ᠲᠠᠷᠢᠶᠠᠨ ᠭᠠᠵᠠᠷ ᠢ ᠰᠡᠷᠭᠦᠬᠡᠨ ᠵᠠᠰᠠᠬᠤ ᠶᠢ ᠲᠦᠯᠬᠢᠨ ᠠᠬᠢᠭᠤᠯᠬᠤ ᠬᠡᠷᠡᠭᠲᠡᠢ᠃ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠵᠦ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠦᠢᠴᠡᠳᠬᠡᠭᠰᠡᠨ ᠪᠠᠶᠢᠳᠠᠯ ᠢ ᠬᠢᠨᠠᠨ ᠰᠢᠯᠭᠠᠬᠤ ᠳᠤ ᠣᠷᠣᠯᠴᠠᠬᠤ ᠭᠡᠷᠡᠭᠲᠡᠢ᠃ ᠬᠦᠭᠵᠢᠬᠦᠯᠦᠯᠲᠡ ᠦᠬᠡᠷᠡᠴᠢᠯᠡᠯᠲᠡ᠂ ᠤᠷᠤᠨ ᠰᠠᠭᠤᠴᠠ ᠪᠦᠲᠦᠭᠡᠨ ᠪᠠᠶᠢᠭᠤᠯᠤᠯᠲᠠ᠂ ᠵᠠᠮ ᠲᠡᠭᠡᠭᠡᠪᠤᠷᠢ᠂ ᠣᠰᠣᠨ ᠠᠰᠢᠭᠯᠠᠯᠲᠠ᠂ ᠣᠢ ᠰᠢᠭᠤᠢ ᠵᠡᠷᠭᠡ ᠰᠠᠯᠠᠭ᠎ᠠ ᠮᠦᠴᠢᠷ ᠲᠦᠯᠦᠪᠵᠢᠬᠦᠯᠬᠡ ᠵᠤᠬᠢᠶᠠᠬᠤ᠂ ᠲᠦᠷᠦᠯ ᠵᠦᠢᠯ ᠢ ᠬᠢᠨᠠᠨ ᠵᠦᠪᠰᠢᠶᠡᠷᠡᠬᠦ ᠪᠤᠯᠤᠨ ᠪᠦᠲᠦᠭᠡᠨ ᠪᠠᠶᠢᠭᠤᠯᠬᠤ ᠠᠵᠢᠯ ᠲᠤᠮᠳᠠ ᠲᠠᠷᠢᠶᠠᠨ ᠭᠠᠵᠠᠷ ᠤᠨ ᠬᠤᠷᠢᠭ᠎ᠠ ᠱᠤᠭᠤᠮ ᠤᠨ ᠤᠬᠠᠮᠰᠠᠷ ᠢ ᠴᠢᠩᠭᠠᠳᠬᠠᠨ ᠲᠠᠷᠢᠶᠠᠨ ᠭᠠᠵᠠᠷ ᠢ ᠬᠠᠮᠠᠭᠠᠯᠠᠬᠤ ᠪᠠ ᠬᠦᠭᠵᠢᠯᠲᠡ ᠶᠢ ᠪᠠᠲᠤᠯᠠᠬᠤ ᠶᠢᠨ ᠲᠤᠮᠳᠠᠬᠢ ᠬᠠᠷᠢᠴᠠᠭ᠎ᠠ ᠶᠢ ᠰᠠᠶᠢᠬᠠᠨ ᠰᠶᠢᠳᠪᠤᠷᠢᠯᠡᠵᠦ ᠬᠦᠴᠦᠲᠡᠢ ᠬᠠᠮᠠᠭᠠᠯᠠᠯᠲᠠ᠂ ᠪᠦᠲᠦᠮᠵᠢᠲᠡᠢ ᠪᠠᠲᠤᠯᠠᠭ᠎ᠠ ᠪᠤᠯᠤᠨ ᠡᠮᠬᠢ ᠵᠢᠷᠤᠮ ᠲᠠᠢ ᠨᠡᠭᠡᠭᠡᠯᠲᠡ ᠶᠢ ᠦᠨᠡᠨᠬᠦ ᠪᠡᠶᠡᠯᠡᠬᠦᠯᠬᠦ ᠬᠡᠷᠡᠭᠲᠡᠢ᠃       ︵ᠭᠤᠷᠪᠠ︶ ᠭᠠᠵᠠᠷ ᠰᠢᠷᠤᠢ ᠶᠢᠨ ᠬᠠᠤᠯᠢ ᠬᠡᠷᠡᠭᠵᠢᠬᠦᠯᠦᠯᠲᠡ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨᠴᠠᠭᠠᠶᠢᠯᠠᠨ ᠰᠠᠭᠤᠷᠢ ᠲᠠᠷᠢᠶᠠᠨ ᠭᠠᠵᠠᠷ ᠢ ᠬᠠᠮᠠᠭᠠᠯᠠᠬᠤ ᠬᠠᠤᠯᠢ ᠬᠡᠷᠡᠭᠵᠢᠬᠦᠯᠦᠯᠲᠡ ᠶᠢᠨ ᠬᠢᠨᠠᠨ ᠪᠠᠶᠢᠴᠠᠭᠠᠯᠲᠠ ᠶᠢᠨ ᠬᠦᠴᠦᠯᠡᠴᠡ ᠪᠠᠨ ᠶᠡᠬᠡᠰᠭᠡᠵᠦ ᠦᠨᠳᠦᠰᠦᠨ ᠱᠠᠲᠤᠨ ᠤ ᠬᠠᠤᠯᠢ ᠬᠡᠷᠡᠭᠵᠢᠬᠦᠯᠦᠯᠲᠡ ᠶᠢᠨ ᠬᠢᠨᠠᠨ ᠪᠠᠶᠢᠴᠠᠭᠠᠯᠲᠠ ᠶᠢᠨ ᠬᠦᠴᠦᠯᠡᠴᠡ ᠪᠠᠨ ᠴᠢᠩᠭᠠᠳᠬᠠᠨ ᠴᠢᠬᠤᠯᠠᠲᠠᠢ ᠶᠢ ᠤᠷᠤᠭᠰᠢ ᠰᠢᠯᠵᠢᠬᠦᠯᠵᠦ ᠭᠤᠤᠯᠳᠠᠯᠭ᠎ᠠ ᠶᠢ ᠲᠤᠷᠤᠭᠰᠢ ᠰᠢᠯᠵᠢᠬᠦᠯᠬᠦ ᠶᠢ ᠲᠦᠯᠬᠢᠨ ᠠᠬᠢᠭᠤᠯᠵᠦ ᠬᠠᠤᠯᠢ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠪᠠᠶᠢᠴᠠᠭᠠᠨ ᠰᠶᠢᠳᠪᠤᠷᠢᠯᠡᠬᠦ ᠬᠡᠷᠡᠭᠲᠡᠢ᠃ ᠬᠠᠤᠯᠢ ᠠᠴᠠ ᠵᠦᠷᠢᠴᠡᠵᠦ ᠲᠠᠷᠢᠶᠠᠨ ᠭᠠᠵᠠᠷ ᠢ ᠡᠵᠡᠯᠡᠭᠰᠡᠨ ᠣᠨᠴᠠᠭᠠᠶᠢᠯᠠᠨ ᠦᠨᠳᠦᠰᠦᠨ ᠲᠠᠷᠢᠶᠠᠨ ᠭᠠᠵᠠᠷ ᠵᠢᠴᠢ ᠣᠯᠣᠰ ᠤᠨ ᠠᠵᠦ ᠦᠢᠯᠡᠰ ᠤᠨ ᠲᠦᠷᠦ ᠶᠢᠨ ᠪᠤᠳᠤᠯᠭ᠎ᠠ ᠠᠴᠠ ᠵᠦᠷᠢᠴᠡᠵᠦ ᠭᠠᠵᠠᠷ ᠬᠠᠩᠭᠠᠭᠰᠠᠨ ᠬᠡᠷᠡᠭ ᠢ ᠴᠢᠩᠭ᠎ᠠ ᠪᠠᠶᠢᠴᠠᠭᠠᠨ ᠰᠶᠢᠳᠪᠤᠷᠢᠯᠡᠵᠦ ᠬᠦᠨᠳᠦ ᠶᠡᠭᠡ ᠨᠡᠶᠢᠳᠡᠯᠢᠭ ᠬᠡᠷᠡᠭ ᠲᠤ ᠢᠯᠡ ᠨᠡᠶᠢᠳᠡᠯᠡᠬᠦ ᠪᠠ ᠫᠠᠶᠢᠰᠠ ᠡᠯᠬᠦᠨ ᠱᠠᠭᠠᠷᠳᠠᠨ ᠬᠦᠢᠴᠡᠳᠬᠡᠯᠬᠡᠬᠦ ᠶᠢ ᠶᠠᠪᠤᠭᠳᠠᠭᠤᠯᠤᠨ ᠬᠠᠤᠯᠢ ᠠᠴᠠ ᠵᠦᠷᠢᠴᠡᠵᠦ ᠲᠠᠷᠢᠶᠠᠨ ᠭᠠᠵᠠᠷ ᠢ ᠡᠵᠡᠯᠡᠭᠰᠡᠨ ᠲᠠᠯᠠᠪᠠᠢ ᠶᠢᠨ ᠬᠠᠷᠢᠴᠠᠯ ᠢᠶᠠᠷ ᠦᠨᠳᠦᠷ᠂ ᠭᠠᠵᠠᠷ ᠰᠢᠷᠤᠢ ᠶᠢᠨ ᠬᠠᠮᠢᠶᠠᠷᠤᠯᠲᠠ ᠶᠢᠨ ᠡᠮᠬᠢ ᠵᠢᠷᠤᠮ ᠢᠶᠠᠷ ᠡᠷᠤᠢ ᠬᠤᠷᠤᠢ ᠦᠬᠡᠢ ᠪᠠᠶᠢᠬᠤ ᠪᠠᠯᠭᠠᠰᠤᠨ ᠤ ᠨᠠᠮ ᠵᠠᠰᠠᠭ ᠤᠨ ᠬᠠᠷᠢᠭᠤᠴᠠᠯᠭᠠᠳᠠᠨ ᠲᠠᠢ ᠪᠤᠯᠵᠤᠨ ᠶᠠᠷᠢᠯᠴᠠᠬᠤ ᠬᠡᠷᠡᠭᠲᠡᠢ᠃      ︵ᠲᠦᠷᠪᠡ︶ ᠬᠠᠷᠢᠭᠤᠴᠠᠯᠭ᠎ᠠ ᠬᠠᠷᠠᠯᠲᠠ ᠶᠢᠨ ᠬᠢᠨᠠᠨ ᠰᠢᠯᠭᠠᠬᠤ ᠲᠦᠷᠢᠮ ᠢ ᠲᠡᠭᠦᠯᠳᠡᠷᠵᠢᠬᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠬᠠᠷᠠᠯᠲᠠ ᠶᠢᠨ ᠬᠢᠨᠠᠨ ᠰᠢᠯᠭᠠᠬᠤ ᠲᠦᠷᠢᠮ ᠢ ᠲᠡᠭᠦᠯᠳᠡᠷᠵᠢᠬᠦᠯᠵᠦ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠬᠠᠷᠠᠯᠲᠠ ᠶᠢᠨ ᠬᠢᠨᠠᠨ ᠰᠢᠯᠭᠠᠭᠰᠠᠨ ᠦᠷ᠎ᠡ ᠳ᠋ᠦᠩ ᠢᠶᠠᠷ ᠪᠤᠳᠠᠳᠤ ᠪᠦᠲᠦᠮᠵᠢ ᠶᠢᠨ ᠬᠢᠨᠠᠨ ᠰᠢᠯᠭᠠᠯᠲᠠ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠎ ᠶᠢ ᠦᠨᠡᠯᠡᠵᠦ ᠬᠢᠨᠠᠨ ᠰᠢᠯᠭᠠᠬᠤ ᠠᠭᠤᠯᠭ᠎ᠠ ᠪᠤᠯᠭᠠᠬᠤ ᠭᠡᠷᠡᠭᠲᠡᠢ᠃ ᠲᠠᠷᠢᠶᠠᠨ ᠭᠠᠵᠠᠷ ᠤᠨ ᠬᠡᠮᠵᠢᠶ᠎ᠡ ᠶᠢ ᠪᠠᠲᠤᠯᠠᠬᠤ᠂ ᠰᠠᠭᠤᠷᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠶᠢ ᠦᠨᠢᠳᠡ ᠶᠢᠨ ᠪᠤᠯᠭᠠᠬᠤ᠂ ᠰᠠᠭᠤᠷᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠤᠭᠲᠠᠯᠴᠠᠭ᠎ᠠ ᠶᠢ ᠨᠠᠶᠢᠳᠠᠪᠤᠷᠢᠵᠢᠭᠤᠯᠬᠤ ᠶᠢ ᠦᠨᠢᠳᠡ ᠶᠢᠨ ᠪᠤᠯᠭᠠᠬᠤ ᠵᠢᠴᠢ ᠲᠠᠷᠢᠶᠠᠨ ᠭᠠᠵᠠᠷ ᠢ ᠡᠵᠡᠯᠡᠬᠦ ᠨᠦᠬᠦᠪᠦᠷᠢᠯᠡᠬᠦ ᠶᠢ ᠲᠡᠩᠴᠡᠬᠦᠷᠢᠳᠡᠢ ᠪᠠᠶᠢᠯᠭᠠᠬᠤ ᠲᠦᠷᠢᠮ ᠢ ᠬᠡᠷᠡᠭᠵᠢᠬᠦᠯᠦᠭᠰᠡᠨ ᠪᠠᠶᠢᠳᠠᠯ ᠎ ᠢ ᠬᠢᠨᠠᠨ ᠰᠢᠯᠭᠠᠬᠤ ᠡᠵᠡᠯᠡᠮᠵᠢ ᠶᠢ ᠶᠡᠭᠡᠰᠬᠡᠬᠦ ᠬᠡᠷᠡᠭᠲᠡᠢ᠃ ᠡᠬᠦᠨ ᠤ ᠬᠠᠮᠲᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠬᠡᠷ ᠲᠤᠭᠳᠠᠭᠰᠠᠨ ᠬᠤᠭᠤᠴᠠᠭ᠎ᠠ ᠲᠠᠢ ᠪᠠᠷ ᠪᠤᠶᠤ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠱᠠᠭᠠᠷᠳᠠᠨ ᠪᠠᠶᠢᠴᠠᠭᠠᠬᠤ ᠪᠤᠳᠠᠳᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃    
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号