ᠬᠦᠳᠡᠯᠮᠦᠷᠢᠯᠡᠭᠴᠢᠳ ᠤᠨ ᠡᠷᠭᠡ ᠠᠰᠢᠭ ᠢ ᠬᠠᠮᠠᠭᠠᠯᠠᠬᠤ ᠳᠣᠬᠠᠢ
ᠨᠡᠶᠢᠲᠡᠯᠡᠭᠰᠡᠨ ᠴᠠᠭ᠄
2019-08-28
    ᠬᠦᠳᠡᠯᠮᠦᠷᠢᠯᠡᠭᠴᠢᠳ ᠤᠨ ᠡᠷᠭᠡ ᠠᠰᠢᠭ ᠤᠨ ᠬᠠᠮᠠᠭᠠᠯᠠᠯᠲᠠ ᠶᠢᠨ ᠠᠷᠭ᠎ᠠ ᠵᠠᠮ     1. ᠵᠦᠪᠳᠡᠯᠴᠡᠭᠡᠷ᠄ ᠵᠦᠪᠳᠡᠯᠴᠡᠭᠡᠷ ᠪᠤᠯ ᠲᠤᠬᠠᠢ ᠶᠢᠨ ᠬᠦᠮᠦᠨ ᠬᠦᠳᠡᠯᠮᠤᠷᠢ ᠶᠢᠨ ᠵᠢᠭᠤᠷᠠᠯᠳᠤᠭᠠᠨ ᠭᠠᠷᠤᠭᠰᠠᠨ ᠤ ᠳᠠᠷᠠᠭ᠎ᠠ ᠬᠠᠷᠢᠯᠴᠠᠨ ᠤᠶᠢᠯᠠᠭᠠᠯᠴᠠᠭᠰᠠᠨ ᠰᠠᠭᠤᠷᠢᠨ ᠳᠡᠭᠡᠷ᠎ᠡ ᠬᠠᠤᠯᠢ ᠶᠢᠨ ᠳᠤᠭᠲᠠᠭᠠᠯ ᠢᠶᠠᠷ ᠰᠢᠭᠤᠳ ᠵᠦᠪᠳᠡᠯᠴᠠᠵᠤ ᠦᠪᠡᠷᠳᠡᠭᠡᠨ ᠵᠢᠭᠤᠷᠠᠯᠳᠤᠭᠠᠨ ᠢᠶᠠᠨ ᠰᠢᠢᠳᠪᠦᠷᠢᠯᠡᠬᠦ ᠶᠢ ᠬᠡᠯᠡᠨ᠎ᠡ᠃     2 ᠡᠶᠡᠳᠡᠭᠦᠯᠭᠡ᠄ ᠬᠦᠳᠡᠯᠮᠤᠷᠢ ᠶᠢᠨ ᠵᠢᠭᠤᠷᠠᠯᠳᠤᠭᠠᠨ ᠡᠭᠦᠰᠦᠭᠰᠡᠨ ᠤ ᠳᠠᠷᠠᠭ᠎ᠠ ᠬᠦᠳᠡᠯᠮᠦᠷᠢᠴᠢᠳ ᠠᠴᠠ ᠪᠠᠶᠢᠭᠤᠯᠭ᠎ᠠ ᠶᠢᠨ ᠬᠦᠳᠡᠯᠮᠤᠷᠢ ᠶᠢᠨ ᠵᠢᠭᠤᠷᠠᠯᠳᠤᠭᠠᠨ ᠢ ᠡᠶᠡᠳᠡᠭᠦᠯᠬᠦ ᠵᠦᠪᠯᠡᠯ ᠳᠤ ᠡᠷᠮᠡᠯᠵᠡᠯᠡᠯ ᠭᠠᠷᠭᠠᠵᠤ ᠡᠶᠡᠳᠡᠭᠦᠯᠭᠡ ᠬᠢᠬᠦ ᠪᠠᠷ ᠭᠤᠶᠤᠪᠴᠢᠯᠠᠨ᠎ᠠ᠃     3. ᠬᠦᠨᠳᠡᠯᠡᠨ ᠠᠴᠠ ᠳᠠᠰᠤᠯᠬᠤ᠄ ᠬᠦᠨᠳᠡᠯᠡᠨ ᠠᠴᠠ ᠳᠠᠰᠤᠯᠬᠤ ᠪᠤᠯ ᠵᠢᠭᠤᠷᠠᠯᠳᠤᠭᠠᠨ ᠤ ᠲᠤᠬᠠᠢ ᠶᠢᠨ ᠬᠦᠮᠦᠨ ᠤ ᠡᠷᠡᠮᠡᠯᠵᠡᠯᠡᠯ ᠢᠶᠠᠷ ᠬᠦᠳᠡᠯᠮᠤᠷᠢ ᠶᠢᠨ ᠵᠢᠭᠤᠷᠠᠯᠳᠤᠭᠠᠨ ᠢ ᠬᠦᠨᠳᠡᠯᠡᠨ ᠠᠴᠠ ᠳᠠᠰᠤᠯᠬᠤ ᠵᠦᠪᠯᠡᠯ ᠢᠶᠠᠷ ᠳᠠᠮᠵᠢᠵᠤ᠂ ᠬᠤᠶᠠᠷ ᠲᠠᠯ᠎ᠠ ᠶᠢᠨ ᠡᠭᠦᠰᠦᠭᠰᠡᠨ ᠬᠦᠳᠡᠯᠮᠤᠷᠢ ᠶᠢᠨ ᠵᠢᠭᠤᠷᠠᠯᠳᠤᠭᠠᠨ ᠢ ᠬᠠᠤᠯᠢ ᠶᠤᠰᠤᠭᠠᠷ ᠦᠨᠡᠯᠡᠬᠦ ᠠᠵᠢᠯᠯᠠᠭ᠎ᠠ ᠶᠢ ᠵᠢᠭᠠᠨ᠎ᠠ᠃     4. ᠵᠠᠭᠠᠯᠳᠤᠯᠭ᠎ᠠ᠄ ᠬᠦᠳᠡᠯᠮᠦᠷᠢ ᠶᠢᠨ ᠵᠢᠭᠤᠷᠠᠯᠳᠤᠭᠠᠨ ᠤ ᠲᠤᠬᠠᠢ ᠶᠢᠨ ᠬᠦᠮᠦᠨ ᠨᠢ ᠬᠦᠨᠳᠡᠯᠡᠨ ᠠᠴᠠ ᠳᠠᠰᠤᠯᠤᠭᠰᠠᠨ᠂ ᠳᠠᠰᠤᠯᠤᠨ ᠳᠤᠭᠲᠠᠭᠠᠭᠰᠠᠨ ᠰᠢᠢᠳᠪᠦᠷᠢ ᠶᠢ ᠵᠦᠪᠰᠢᠶᠡᠷᠡᠬᠦ ᠦᠭᠡᠢ ᠪᠤᠯ ᠰᠢᠢᠳᠪᠦᠷᠢ ᠶᠢ ᠭᠠᠷᠳᠠᠭᠰᠠᠨ ᠡᠳᠦᠷ ᠠᠴᠠ ᠡᠬᠢᠯᠡᠵᠤ 15 ᠡᠳᠦᠷ ᠤᠨ ᠳᠤᠲᠤᠷ᠎ᠠ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠬᠢᠵᠤ ᠪᠤᠯᠤᠨ᠎ᠠ᠃     5. ᠬᠢᠨᠠᠨ ᠪᠠᠶᠢᠴᠠᠭᠠᠯᠲᠠ᠂ ᠢᠯᠡᠴᠢᠯᠡᠭᠡ᠂ ᠵᠠᠭᠠᠯᠳᠤᠯᠭ᠎ᠠ᠄ ︽ᠬᠦᠳᠡᠯᠮᠤᠷᠢ ᠶᠢᠨ ᠬᠠᠤᠯᠢ︾᠎ ᠶᠢᠨ ᠨᠠᠶᠠᠨ ᠲᠠᠪᠤᠳᠤᠭᠠᠷ ᠵᠤᠷᠪᠤᠰ ᠲᠤ ᠳᠤᠭᠲᠠᠭᠠᠭᠰᠠᠨ ᠢᠶᠠᠷ  ᠄ ︽ᠰᠢᠶᠡᠨ ᠤ ᠳᠡᠰ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠎ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠬᠠᠤᠯᠢ ᠶᠤᠰᠤᠭᠠᠷ ᠬᠦᠮᠦᠨ ᠬᠡᠷᠡᠭᠯᠡᠬᠦ ᠪᠠᠶᠢᠭᠤᠯᠭ᠎ᠠ ᠶᠢᠨ ᠬᠦᠳᠡᠯᠮᠦᠷᠢ ᠶᠢᠨ ᠬᠠᠤᠯᠢ ᠳᠦᠷᠢᠮ ᠢ ᠵᠢᠷᠤᠮᠯᠠᠨ ᠰᠠᠬᠢᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠂ ᠬᠦᠳᠡᠯᠮᠦᠷᠢ ᠶᠢᠨ ᠬᠠᠤᠯᠢ ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠵᠤᠭᠰᠤᠭᠠᠬᠤ ᠡᠷᠬᠡ ᠲᠠᠢ ᠪᠦᠭᠡᠳ ᠬᠠᠯᠠᠬᠤ ᠪᠠᠷ ᠵᠠᠷᠯᠢᠭᠳᠠᠵᠤ ᠪᠤᠯᠤᠨ᠎ᠠ︾  ᠃     6. ᠵᠠᠬᠢᠳᠠᠯ ᠰᠤᠷᠪᠤᠯᠵᠢᠯᠠᠭ᠎ᠠ᠄ ᠬᠦᠳᠡᠯᠮᠦᠷᠢᠯᠡᠭᠴᠢᠳ ᠠᠴᠠ ᠬᠦᠳᠡᠯᠮᠦᠷᠢ ᠶᠢᠨ ᠡᠷᠬᠡ ᠨᠢ ᠬᠤᠬᠢᠷᠠᠯ ᠳᠤ ᠤᠴᠠᠷᠠᠬᠤ ᠦᠶᠡᠰ ᠵᠠᠬᠢᠳᠠᠯ ᠰᠤᠷᠪᠤᠯᠵᠢᠯᠠᠭ᠎ᠠ ᠶᠢᠨ ᠬᠡᠯᠪᠡᠷᠢ ᠪᠠᠷ ᠡᠯ᠎ᠡ ᠱᠠᠲᠤᠨ ᠤ ᠠᠵᠢᠯᠴᠢᠨ ᠤ ᠡᠪᠯᠡᠯ᠂ ᠡᠮᠡᠭᠲᠡᠶᠢᠴᠤᠳ ᠤᠨ ᠬᠤᠯᠪᠤᠭᠠᠲᠤ ᠬᠤᠷᠠᠯ ᠵᠢᠴᠢ ᠵᠠᠰᠠᠭ ᠤᠨ ᠤᠷᠳᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠦᠴᠢᠷ ᠲᠤ ᠮᠡᠳᠡᠭᠳᠡᠵᠤ ᠪᠤᠯᠤᠨ᠎ᠠ᠃     ᠡᠷᠬᠡ ᠪᠠᠨ ᠬᠠᠮᠠᠭᠠᠯᠠᠬᠤ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠦᠯᠡᠳᠡᠭᠡᠬᠦ     ᠬᠦᠳᠡᠯᠮᠦᠷᠢᠯᠡᠭᠴᠢᠳ ᠬᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ᠂ ᠬᠦᠳᠡᠯᠮᠦᠷᠢ ᠶᠢᠨ ᠵᠢᠭᠤᠷᠠᠯᠳᠤᠭᠠᠨ ᠢ ᠬᠦᠨᠳᠡᠯᠡᠨ ᠠᠴᠠ ᠳᠠᠰᠤᠯᠬᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠵᠡᠷᠭᠡ ᠬᠠᠤᠯᠢ ᠶᠢᠨ ᠠᠷᠭ᠎ᠠ ᠵᠠᠮ ᠢᠶᠠᠷ ᠦᠪᠡᠷ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠪᠤᠶᠤ ᠠᠵᠢᠯ ᠤᠨ ᠡᠪᠡᠳᠴᠢᠨ ᠤ ᠤᠨᠤᠰᠢᠯᠠᠯ ᠪᠠ ᠲᠤᠳᠤᠯᠠᠯᠲᠠ ᠵᠡᠷᠭᠡ ᠪᠠᠷ ᠦᠪᠡᠷ ᠤᠨ ᠦᠵᠡᠯᠲᠡ ᠪᠠ ᠬᠡᠷᠡᠭ ᠤᠴᠢᠷ ᠤᠨ ᠪᠤᠳᠠᠲᠤ ᠶᠠᠪᠤᠳᠠᠯ ᠢᠶᠠᠷ ᠭᠡᠷᠡᠴᠢ ᠬᠠᠩᠭᠠᠵᠤ ᠪᠤᠯᠤᠨ᠎ᠠ᠃ ᠬᠦᠳᠡᠯᠮᠦᠷᠢᠯᠡᠭᠴᠢᠳ ᠬᠡᠷᠪᠡ ᠬᠠᠮᠢᠶ᠎ᠠ ᠪᠦᠬᠦᠢ ᠭᠡᠷᠡᠴᠢ ᠬᠠᠩᠭᠠᠵᠤ ᠳᠡᠶᠢᠯᠬᠦ ᠦᠭᠡᠢ ᠪᠤᠯ ᠦᠪᠡᠷ ᠤᠨ ᠡᠷᠬᠡ ᠠᠰᠢᠭ ᠢᠶᠠᠨ ᠨᠦᠯᠦᠭᠡᠯᠡᠨ᠎ᠡ᠃ ᠡᠶᠢᠮᠤ ᠠᠴᠠ ᠬᠦᠳᠡᠯᠮᠦᠷᠢᠯᠡᠭᠴᠢᠳ ᠡᠩ ᠤᠨ ᠠᠵᠢᠯ ᠤᠨ ᠳᠤᠮᠳᠠ ᠬᠠᠮᠢᠶ᠎ᠠ ᠪᠦᠬᠦᠢ ᠭᠡᠷᠡᠴᠢ ᠦᠯᠡᠳᠡᠭᠡᠬᠦ ᠶᠢ ᠠᠩᠬᠠᠷᠬᠤ ᠴᠢᠬᠤᠯᠠᠲᠠᠢ᠃     ᠬᠦᠳᠡᠯᠮᠦᠷᠢ ᠶᠢᠨ ᠵᠢᠭᠤᠷᠠᠯᠳᠤᠭᠠᠨ ᠤ ᠲᠡᠳᠡᠭᠡᠷ ᠡᠷᠬᠡ ᠪᠠᠨ ᠬᠠᠮᠠᠭᠠᠯᠠᠬᠤ ᠭᠡᠷᠡᠴᠢ ᠨᠢ ᠡᠷᠬᠡᠪᠰᠢ ᠬᠦᠳᠡᠯᠮᠦᠷᠢᠯᠡᠭᠴᠢᠳ ᠤᠨ ᠬᠦᠳᠡᠯᠮᠦᠷᠢ ᠶᠢᠨ ᠪᠠᠲᠤᠯᠠᠭ᠎ᠠ ᠶᠢᠨ ᠬᠢᠨᠠᠯᠲᠠ᠂ ᠬᠦᠳᠡᠯᠮᠦᠷᠢ ᠶᠢᠨ ᠵᠢᠭᠤᠷᠠᠯᠳᠤᠭᠠᠨ ᠤ ᠬᠦᠨᠳᠡᠯᠡᠨ ᠤ ᠳᠠᠰᠤᠯᠤᠯᠲᠠ᠂ ᠵᠠᠰᠠᠭ ᠵᠠᠬᠢᠷᠭᠠᠨ ᠤ ᠳᠠᠬᠢᠨ ᠵᠦᠪᠯᠡᠯᠲᠡ ᠵᠡᠷᠭᠡ ᠬᠠᠤᠯᠢ ᠶᠢᠨ ᠠᠷᠭ᠎ᠠ ᠵᠠᠮ ᠢᠶᠠᠷ ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠭᠡᠷᠡᠴᠢ ᠦᠯᠡᠳᠡᠭᠡᠵᠤ᠂ ᠡᠰᠡᠬᠦᠯ᠎ᠡ ᠠᠵᠢᠯ ᠤᠨ ᠰᠢᠷᠬᠠᠳᠤᠯ ᠤᠨ ᠳᠤᠳᠤᠯᠠᠯᠲᠠ᠂ ᠲᠤᠬᠠᠶᠢᠯᠠᠭᠰᠠᠨ ᠠᠵᠢᠯ ᠤᠨ ᠡᠪᠡᠳᠴᠢᠨ ᠤ ᠤᠨᠤᠰᠢᠯᠠᠯ ᠪᠠ ᠳᠤᠳᠤᠯᠠᠯ ᠵᠡᠷᠭᠡ ᠨᠢ ᠪᠦᠷ ᠦᠪᠡᠷ ᠤᠨ ᠦᠵᠡᠯᠲᠡ ᠪᠠ ᠬᠡᠷᠡᠭ ᠤᠴᠢᠷ ᠤᠨ ᠦᠩᠭᠡᠷᠡᠯᠲᠡ ᠶᠢᠨ ᠭᠡᠷᠡᠴᠢ ᠪᠤᠯᠵᠤ ᠪᠤᠯᠤᠨ᠎ᠠ᠃ ᠬᠡᠷᠪᠡ ᠬᠦᠳᠡᠯᠮᠦᠷᠢᠯᠡᠭᠴᠢᠳ ᠬᠠᠮᠢᠶ᠎ᠠ ᠪᠦᠬᠦᠢ ᠭᠡᠷᠡᠴᠢ ᠬᠠᠩᠭᠠᠵᠤ ᠳᠡᠶᠢᠯᠬᠦ ᠦᠭᠡᠢ ᠪᠤᠯ ᠦᠪᠡᠷ ᠤᠨ ᠡᠷᠭᠡ ᠠᠰᠢᠭ ᠢᠶᠠᠨ ᠨᠦᠯᠦᠭᠡᠯᠡᠵᠤ ᠮᠡᠳᠡᠨ᠎ᠠ᠃ ᠡᠶᠢᠮᠤ ᠠᠴᠠ ᠬᠦᠳᠡᠯᠮᠦᠷᠢᠯᠡᠭᠴᠢᠳ ᠡᠩ ᠤᠨ ᠠᠵᠢᠯ ᠤᠨ ᠳᠤᠮᠳᠠ ᠪᠠᠨ ᠬᠠᠮᠢᠶ᠎ᠠ ᠪᠦᠬᠦᠢ ᠭᠡᠷᠡᠴᠢ ᠦᠯᠡᠳᠡᠭᠡᠬᠦ ᠶᠢ ᠡᠷᠭᠡᠪᠰᠢ ᠠᠩᠬᠠᠷᠬᠤ ᠬᠡᠷᠡᠭᠲᠠᠢ᠃ ᠭᠤᠤᠯ ᠪᠤᠯᠬᠤ ᠭᠡᠷᠡᠴᠢ ᠨᠢ᠄     ⑴ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠭ᠎ᠠ ᠠᠴᠠ ᠤᠯᠳᠠᠭᠰᠠᠨ ᠭᠡᠷᠡᠴᠢ᠂ ᠵᠢᠱᠢᠶᠡᠯᠡᠪᠡᠯ᠄ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠭ᠎ᠠ ᠲᠠᠢ ᠳᠤᠭᠲᠠᠭᠰᠠᠨ ᠬᠦᠳᠡᠯᠮᠤᠷᠢ ᠶᠢᠨ ᠭᠡᠷ᠎ᠡ ᠪᠤᠶᠤ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠭ᠎ᠠ ᠲᠠᠢ ᠬᠦᠳᠡᠯᠮᠦᠷᠢ ᠶᠢᠨ ᠬᠠᠷᠢᠴᠠᠭ᠎ᠠ ᠤᠷᠤᠰᠢᠵᠤ ᠪᠠᠶᠢᠭ᠎ᠠ ᠬᠡᠷᠡᠴᠢᠯᠡᠬᠦ ᠮᠠᠲ᠋ᠧᠷᠢᠶᠠᠯ᠂ ᠴᠠᠯᠢᠩ ᠤᠨ ᠬᠦᠰᠦᠨᠦᠭ᠂ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠭ᠎ᠠ ᠲᠠᠢ ᠬᠦᠳᠡᠯᠮᠦᠷᠢ ᠶᠢᠨ ᠭᠡᠷ᠎ᠡ ᠳᠤᠭᠲᠠᠭᠠᠬᠤ ᠦᠶᠡᠰ ᠬᠤᠷᠢᠶᠠᠭᠰᠠᠨ ᠦᠯᠡᠳᠡᠭᠡᠵᠤ ᠳᠠᠷᠤᠭᠰᠠᠨ ᠮᠦᠩᠭᠦ ᠬᠤᠷᠢᠶᠠᠭᠰᠠᠨ ᠪᠠᠷᠢᠮᠲᠠ᠂ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠭ᠎ᠠ ᠲᠠᠢ ᠬᠦᠳᠡᠯᠮᠦᠷᠢ ᠶᠢᠨ ᠬᠠᠷᠢᠴᠠᠭ᠎ᠠ ᠪᠠᠨ ᠦᠭᠡᠶᠢᠰᠬᠡᠬᠦ ᠪᠤᠶᠤ ᠵᠤᠭᠰᠤᠭᠠᠬᠤ ᠮᠡᠳᠡᠭᠳᠡᠯ ᠤᠨ ᠪᠢᠴᠢᠭ᠂ ᠠᠵᠢᠯ ᠳᠤ ᠭᠠᠷᠤᠭᠰᠠᠨ ᠲᠡᠮᠳᠡᠭᠯᠡᠯ ᠵᠡᠷᠭᠡ ᠪᠤᠯᠤᠨ᠎ᠠ᠃     ⑵ ᠪᠤᠰᠤᠳ ᠭᠤᠤᠯ ᠲᠠᠯ᠎ᠠ ᠠᠴᠠ ᠤᠯᠳᠠᠭᠰᠠᠨ ᠭᠡᠷᠡᠴᠢ᠂ ᠵᠢᠱᠢᠶᠡᠯᠡᠪᠡᠯ᠄ ᠳᠤᠬᠠᠶᠢᠯᠠᠭᠰᠠᠨ ᠠᠵᠢᠯ ᠤᠨ ᠲᠠᠨᠢᠯᠴᠠᠭᠤᠯᠬᠤ ᠪᠠᠶᠢᠭᠤᠯᠤᠮᠵᠢ ᠠᠴᠠ ᠰᠦᠢᠳᠬᠡᠯ ᠬᠤᠷᠢᠶᠠᠭᠰᠠᠨ ᠪᠠᠷᠢᠮᠲᠠ ᠵᠡᠷᠭᠡ᠃     ⑶ᠨᠡᠶᠢᠬᠡᠮ ᠤᠨ ᠪᠠᠶᠢᠭᠤᠯᠤᠮᠵᠢ ᠠᠴᠠ ᠤᠯᠳᠠᠭᠰᠠᠨ ᠭᠡᠷᠡᠴᠢ᠂ ᠵᠢᠱᠢᠶᠡᠯᠡᠪᠡᠯ᠄ ᠠᠵᠢᠯ ᠤᠨ ᠰᠢᠷᠬᠠᠳᠤᠯ ᠪᠤᠶᠤ ᠳᠤᠬᠠᠶᠢᠯᠠᠭᠰᠠᠨ ᠠᠵᠢᠯ ᠤᠨ ᠡᠪᠡᠳᠴᠢᠨ ᠤ ᠤᠨᠤᠰᠢᠯᠠᠯ ᠤᠨ ᠭᠡᠷᠡᠴᠢ ᠪᠤᠶᠤ ᠲᠤᠳᠤᠯᠠᠯ᠂ ᠬᠦᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠭᠤᠪᠢᠭᠤᠯᠵᠤ ᠶᠠᠪᠤᠭᠤᠯᠤᠭᠰᠠᠨ ᠢᠯᠡᠴᠢᠯᠡᠬᠦ ᠮᠠᠲ᠋ᠧᠷᠢᠶᠠᠯ ᠰᠢᠤᠳᠠᠨ ᠤ ᠳᠤᠪᠴᠢᠶ᠎ᠠ ᠶᠢᠨ ᠬᠠᠷᠢᠭᠤ ᠪᠠᠷᠢᠮᠲᠠ ᠵᠡᠷᠭᠡ᠃     ⑷ᠬᠦᠳᠡᠯᠮᠦᠷᠢ ᠶᠢᠨ ᠪᠠᠲᠤᠯᠠᠭ᠎ᠠ ᠶᠢᠨ ᠰᠠᠯᠠᠭ᠎ᠠ ᠮᠦᠴᠢᠷ ᠠᠴᠠ ᠤᠯᠳᠠᠭᠰᠠᠨ ᠭᠡᠷᠡᠴᠢ᠂ ᠵᠢᠱᠢᠶᠡᠯᠡᠪᠡᠯ᠄ ᠬᠦᠳᠡᠯᠮᠦᠷᠢ ᠶᠢᠨ ᠪᠠᠲᠤᠯᠠᠭ᠎ᠠ ᠶᠢᠨ ᠰᠠᠯᠠᠭ᠎ᠠ ᠮᠦᠴᠢᠷ ᠤᠨ ᠮᠡᠳᠡᠭᠳᠡᠯ᠂ ᠵᠠᠭᠠᠯᠳᠤᠯᠭ᠎ᠠ᠂ ᠬᠦᠯᠢᠶᠡᠨ ᠠᠪᠴᠤ ᠰᠢᠢᠳᠪᠦᠷᠢᠯᠡᠭᠰᠡᠨ ᠦᠷ᠎ᠡ ᠳ᠋ᠦᠩ ᠪᠤᠶᠤ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠳᠡᠯ ᠤᠨ ᠪᠢᠴᠢᠭ ᠵᠡᠷᠭᠡ᠃      ᠡᠭᠦᠨ ᠠᠴᠠ ᠭᠠᠳᠠᠨ᠎ᠠ ︽ᠠᠵᠢᠯ ᠤᠨ ᠰᠢᠷᠬᠠᠳᠤᠯ ᠤᠨ ᠳᠠᠭᠠᠳᠬᠠᠯ ᠤᠨ ᠳᠦᠷᠢᠮ︾᠎ ᠤᠨ 19 ᠳ᠋ᠤᠭᠡᠷ ᠵᠤᠷᠪᠤᠰ ᠲᠤ ᠳᠤᠭᠲᠠᠭᠠᠭᠰᠠᠨ ᠠᠵᠢᠯᠲᠠᠨ ᠠᠵᠢᠯᠴᠢᠨ ᠪᠤᠶᠤ ᠤᠶᠢᠷ᠎ᠠ ᠲᠦᠷᠦᠯ ᠨᠢ ᠠᠵᠢᠯ ᠤᠨ ᠰᠢᠷᠬᠠᠳᠤᠯ ᠭᠡᠵᠤ ᠮᠡᠳᠡᠷᠡᠵᠤ ᠪᠠᠶᠢᠪᠠᠴᠤ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠭ᠎ᠠ ᠨᠢ ᠮᠡᠳᠡᠷᠡᠬᠦ ᠦᠭᠡᠢ ᠪᠠᠶᠢᠪᠠᠯ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠭ᠎ᠠ ᠨᠢ ᠭᠡᠷᠡᠴᠢ ᠬᠠᠩᠭᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃      ᠬᠦᠳᠡᠯᠮᠦᠷᠢᠯᠡᠭᠴᠢᠳ ᠤᠨ ᠡᠷᠭᠡ ᠠᠰᠢᠭ ᠤᠨ ᠬᠠᠮᠠᠭᠠᠯᠠᠯᠲᠠ ᠶᠢᠨ ᠵᠠᠪᠠᠯ ᠠᠩᠬᠠᠷᠬᠤ ᠴᠢᠬᠤᠯᠠ ᠲᠠᠢ ︽ᠳᠤᠯᠤᠭᠠᠨ ᠶᠡᠭᠡ ᠴᠠᠭ ᠤᠨ ᠬᠢᠵᠠᠭᠠᠷᠯᠠᠯ︾᠎ ᠤᠨ ᠳᠦᠷᠢᠮ ᠳᠤᠭᠲᠠᠭᠠᠯ      ︵ᠨᠢᠭᠡ︶ ᠬᠦᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠵᠠᠭᠠᠯᠳᠤᠯᠭ᠎ᠠ ᠬᠢᠬᠦ ᠴᠠᠭ ᠬᠤᠭᠤᠴᠠᠭ᠎ᠠ ᠶᠢᠨ ᠬᠢᠵᠠᠭᠠᠷᠯᠠᠯ      ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ᠂ ᠳᠦᠷᠢᠮ ᠳᠤᠭᠲᠠᠭᠠᠯ ᠢ ᠵᠦᠷᠢᠴᠡᠭᠰᠡᠨ ᠠᠵᠢᠯᠯᠠᠭ᠎ᠠ ᠶᠢ ᠬᠦᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ 2 ᠵᠢᠯ ᠤᠨ ᠳᠤᠲᠤᠷ᠎ᠠ ᠢᠯᠡᠷᠡᠭᠦᠯᠦᠭᠰᠡᠨ ᠦᠭᠡᠢ ᠪᠤᠶᠤ ᠢᠯᠡᠴᠢᠯᠡᠨ ᠵᠠᠭᠠᠯᠳᠤᠵᠤ ᠵᠠᠷᠭᠤ ᠬᠢᠭᠰᠡᠨ ᠦᠭᠡᠢ ᠪᠠᠶᠢᠪᠠᠯ ᠬᠦᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠳᠠᠬᠢᠨ ᠪᠠᠶᠢᠴᠠᠭᠠᠵᠤ ᠪᠤᠯᠬᠤ ᠦᠭᠡᠢ᠃ ᠲᠤᠰ ᠬᠤᠭᠤᠴᠠᠭ᠎ᠠ ᠎ ᠶᠢ ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ᠂ ᠳᠦᠷᠢᠮ ᠳᠤᠭᠲᠠᠭᠠᠯ ᠢ ᠵᠦᠷᠢᠴᠡᠭᠰᠡᠨ ᠠᠵᠢᠯᠯᠠᠭ᠎ᠠ ᠡᠭᠦᠰᠦᠭᠰᠡᠨ ᠡᠳᠦᠷ ᠠᠴᠠ ᠡᠬᠢᠯᠡᠵᠤ ᠪᠤᠳᠤᠨ᠎ᠠ᠃ ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ᠂ ᠳᠦᠷᠢᠮ ᠳᠤᠭᠲᠠᠭᠠᠯ ᠢ ᠵᠦᠷᠢᠴᠡᠭᠰᠡᠨ ᠠᠵᠢᠯᠯᠠᠭ᠎ᠠ ᠨᠢ ᠦᠷᠭᠦᠯᠵᠢᠯᠡᠵᠤ ᠪᠠᠶᠢᠭ᠎ᠠ ᠪᠠᠶᠢᠳᠠᠯ ᠲᠠᠢ ᠪᠠᠶᠢᠪᠠᠯ ᠦᠪᠡᠷᠳᠡᠭᠡᠨ ᠳᠠᠭᠤᠰᠤᠭᠰᠠᠨ ᠡᠳᠦᠷ ᠎ ᠠᠴᠠ ᠡᠬᠢᠯᠡᠵᠤ ᠪᠤᠳᠤᠨ᠎ᠠ᠃ ᠡᠭᠦᠨ ᠠᠴᠠ ᠭᠠᠳᠠᠨ᠎ᠠ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠭ᠎ᠠ ᠶᠢᠨ ᠬᠦᠳᠡᠯᠮᠦᠷᠢᠯᠡᠭᠴᠢᠳ ᠤᠨ ᠡᠷᠭᠡ ᠳᠤ ᠬᠠᠯᠳᠠᠭᠰᠠᠨ ᠠᠵᠢᠯᠯᠠᠭ᠎ᠠ ᠨᠢ 2 ᠵᠢᠯ ᠤᠨ ᠬᠤᠭᠤᠴᠠᠭ᠎ᠠ ᠶᠢ ᠦᠩᠭᠡᠷᠭᠡᠭᠰᠡᠨ ᠪᠤᠯᠪᠠᠴᠤ ᠬᠦᠮᠦᠨ ᠢᠯᠡᠴᠢᠯᠡᠨ ᠵᠠᠭᠠᠯᠳᠤᠬᠤ ᠦᠭᠡᠢ ᠪᠠᠶᠢᠪᠠᠯ ᠬᠦᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠳᠠᠬᠢᠨ ᠪᠠᠶᠢᠴᠠᠭᠠᠬᠤ ᠦᠭᠡᠢ᠃      ︵ᠬᠤᠶᠠᠷ︶ ᠬᠦᠳᠡᠯᠮᠦᠷᠢ ᠶᠢᠨ ᠵᠢᠭᠤᠷᠠᠯᠳᠤᠭᠠᠨ ᠢ ᠬᠦᠨᠳᠡᠯᠡᠨ ᠠᠴᠠ ᠳᠠᠰᠤᠯᠬᠤ ᠡᠷᠡᠮᠡᠯᠵᠡᠯᠡᠯ ᠤᠨ ᠴᠠᠭ ᠬᠤᠭᠤᠴᠠᠭ᠎ᠠ ᠶᠢᠨ ᠬᠢᠵᠠᠭᠠᠷᠯᠠᠯ      ⑴ ᠬᠦᠳᠡᠯᠮᠦᠷᠢ ᠶᠢᠨ ᠵᠢᠭᠤᠷᠠᠯᠳᠤᠭᠠᠨ ᠢ ᠬᠦᠨᠳᠡᠯᠡᠨ ᠠᠴᠠ ᠳᠠᠰᠤᠯᠬᠤ ᠡᠷᠡᠮᠡᠯᠵᠡᠯᠡᠯ ᠤᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ ᠪᠤᠯᠤᠨ᠎ᠠ᠃ ᠬᠦᠨᠳᠡᠯᠡᠨ ᠠᠴᠠ ᠳᠠᠰᠤᠯᠬᠤ ᠬᠦᠴᠦᠨ ᠲᠠᠢ ᠬᠤᠭᠤᠴᠠᠭ᠎ᠠ ᠶᠢ ᠳᠤᠬᠠᠢ ᠎ ᠶᠢᠨ ᠬᠦᠮᠦᠨ ᠤ ᠡᠷᠭᠡᠨ ᠳᠤ ᠬᠠᠯᠳᠠᠭᠰᠠᠨ ᠡᠳᠦᠷ ᠠᠴᠠ ᠡᠬᠢᠯᠡᠵᠤ ᠲᠤᠭᠠᠴᠠᠨ᠎ᠠ᠃     ⑵ ᠳᠤᠬᠠᠢ ᠶᠢᠨ ᠬᠦᠮᠦᠨ ᠤ ᠨᠢᠭᠡ ᠲᠠᠯ᠎ᠠ ᠨᠢ ᠨᠦᠭᠦᠭᠡ ᠳᠠᠯ᠎ᠠ ᠳᠠᠭᠠᠨ ᠡᠷᠭᠡ ᠪᠠᠨ ᠪᠠᠳᠠᠷᠠᠭᠤᠯᠬᠤ ᠱᠠᠭᠠᠷᠳᠠᠯᠭ᠎ᠠ ᠭᠠᠷᠭᠠᠬᠤ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠡᠷᠬᠡ ᠪᠠᠨ ᠪᠠᠳᠠᠷᠠᠭᠤᠯᠬᠤ ᠳᠤᠰᠠᠯᠠᠮᠵᠢ ᠭᠤᠶᠤᠬᠤ ᠪᠤᠶᠤ ᠨᠦᠭᠦᠭᠡ ᠲᠠᠯ᠎ᠠ ᠶᠢᠨ ᠳᠤᠬᠠᠢ ᠶᠢᠨ ᠬᠦᠮᠦᠨ ᠨᠢ ᠡᠭᠦᠷᠭᠡ ᠪᠠᠨ ᠪᠡᠶᠡᠯᠡᠭᠦᠯᠬᠦ ᠶᠢ ᠵᠦᠪᠰᠢᠡᠷᠡᠵᠤ ᠤᠴᠢᠷ ᠶᠠᠪᠤᠳᠠᠯ ᠳᠠᠰᠤᠯᠤᠭᠳᠠᠪᠠᠯ ᠳᠠᠰᠤᠯᠤᠭᠳᠠᠭᠰᠠᠨ ᠬᠤᠭᠤᠴᠠᠭ᠎ᠠ ᠠᠴᠠ ᠨᠢ ᠡᠬᠢᠯᠡᠵᠤ ᠬᠦᠨᠳᠡᠯᠡᠨ ᠠᠴᠠ ᠳᠠᠰᠤᠯᠬᠤ ᠬᠦᠴᠦᠨ ᠲᠠᠢ ᠬᠤᠭᠤᠴᠠᠭ᠎ᠠ ᠶᠢ ᠨᠢ ᠳᠠᠬᠢᠨ ᠲᠤᠭᠠᠴᠠᠨ᠎ᠠ᠃     ⑶ ᠡᠰᠡᠷᠭᠦᠴᠡᠨ ᠳᠤᠯᠬᠤ ᠬᠦᠴᠤᠨ ᠮᠡᠬᠦᠰᠳᠡᠬᠦ ᠪᠤᠶᠤ ᠪᠤᠰᠤᠳ ᠤᠴᠢᠷ ᠰᠢᠯᠲᠠᠭᠠᠨ ᠠᠴᠠ ᠪᠤᠯᠵᠤ ᠳᠤᠬᠠᠢ ᠎ ᠶᠢᠨ ᠬᠦᠮᠦᠨ ᠨᠢ ᠨᠢᠭᠡ ᠵᠢᠯ ᠤᠨ ᠳᠤᠲᠤᠷ᠎ᠠ ᠬᠦᠨᠳᠡᠯᠡᠨ ᠠᠴᠠ ᠳᠠᠰᠤᠯᠬᠤ ᠡᠷᠡᠮᠡᠯᠵᠡᠯᠡᠯ ᠭᠠᠷᠭᠠᠵᠤ ᠳᠡᠶᠢᠯᠬᠦ ᠦᠭᠡᠢ ᠪᠤᠯ ᠬᠦᠨᠳᠡᠯᠡᠨ ᠠᠴᠠ ᠳᠠᠰᠤᠯᠬᠤ ᠬᠦᠴᠦᠨ ᠦᠭᠡᠢ ᠪᠤᠯᠤᠨ᠎ᠠ᠃ ᠬᠦᠴᠦᠨ ᠦᠭᠡᠢ ᠪᠤᠯᠤᠭᠰᠠᠨ ᠰᠢᠯᠲᠠᠭᠠᠨ ᠢ ᠦᠭᠡᠶᠢᠰᠢᠭᠡᠭᠰᠡᠨ ᠡᠳᠦᠷ ᠠᠴᠠ ᠡᠬᠢᠯᠡᠵᠤ᠂ ᠬᠦᠨᠳᠡᠯᠡᠨ ᠠᠴᠠ ᠳᠠᠰᠤᠯᠬᠤ ᠬᠦᠴᠦᠨ ᠲᠠᠢ ᠬᠤᠭᠤᠴᠠᠭ᠎ᠠ ᠶᠢ ᠨᠢ ᠦᠷᠭᠦᠯᠵᠢᠯᠡᠨ  ᠲᠤᠭᠠᠴᠠᠨ᠎ᠠ᠃     ⑷ ᠬᠦᠳᠡᠯᠮᠦᠷᠢ ᠶᠢᠨ ᠬᠠᠷᠢᠴᠠᠭ᠎ᠠ ᠦᠷᠭᠦᠯᠵᠢᠯᠡᠨ ᠤᠷᠤᠰᠢᠵᠤ ᠪᠠᠶᠢᠭ᠎ᠠ ᠬᠤᠭᠤᠴᠠᠭᠠᠨ ᠳᠠᠬᠢ ᠬᠦᠳᠡᠯᠮᠦᠷᠢ ᠵᠢ᠊ ‍ᠨ ᠤᠯᠭᠤᠮᠵᠢ ᠳᠤᠲᠠᠵᠤ ᠪᠠᠶᠢᠭ᠎ᠠ ᠠᠴᠠ ᠪᠤᠯᠤᠭᠰᠠᠨ ᠵᠢᠭᠤᠷᠠᠯᠳᠤᠭᠠᠨ ᠢ ᠬᠦᠳᠡᠯᠮᠦᠷᠢᠯᠡᠭᠴᠢᠳ ᠤᠨ ᠬᠦᠨᠳᠡᠯᠡᠨ ᠠᠴᠠ ᠳᠠᠰᠤᠯᠬᠤ ᠡᠷᠡᠮᠡᠯᠵᠡᠯᠡᠯ ᠨᠢ ᠨᠢᠭᠡ ᠵᠢᠯ ᠤᠨ ᠳᠤᠲᠤᠷᠠᠬᠢ ᠬᠦᠨᠳᠡᠯᠡᠨ ᠠᠴᠠ ᠬᠦᠴᠦᠨ ᠲᠠᠢ ᠬᠤᠭᠤᠴᠠᠭᠠᠨ ᠤ ᠬᠢᠵᠠᠭᠠᠷᠯᠠᠯ ᠳᠤ ᠬᠢᠵᠠᠭᠠᠷᠯᠠᠭᠳᠠᠬᠤ ᠦᠭᠡᠢ︔ ᠭᠡᠪᠡᠴᠤ ᠬᠦᠳᠡᠯᠮᠦᠷᠢ ᠶᠢᠨ ᠬᠠᠷᠢᠴᠠᠭ᠎ᠠ ᠨᠢ ᠵᠤᠭᠰᠤᠪᠠᠯ ᠵᠤᠭᠰᠤᠭᠰᠠᠨ ᠡᠳᠦᠷ ᠠᠴᠠ ᠡᠬᠢᠯᠡᠵᠤ ᠨᠢᠭᠡ ᠵᠢᠯ ᠤᠨ ᠳᠣᠲᠤᠷ᠎ᠠ ᠳᠠᠬᠢᠨ ᠡᠷᠡᠮᠡᠯᠵᠢᠯᠡᠯ ᠭᠠᠷᠭᠠᠵᠤ ᠪᠤᠯᠤᠨ᠎ᠠ᠃      ︵ᠭᠤᠷᠪᠠ︶ ᠬᠦᠳᠡᠯᠮᠦᠷᠢ ᠶᠢᠨ ᠵᠢᠭᠤᠷᠠᠯᠳᠤᠭᠠᠨ ᠢ ᠬᠦᠨᠳᠡᠯᠡᠨ ᠠᠴᠠ ᠳᠠᠰᠤᠯᠬᠤ ᠰᠢᠢᠳᠪᠦᠷᠢ ᠶᠢ ᠵᠦᠪᠰᠢᠶᠡᠷᠡᠬᠦ ᠦᠭᠡᠢ ᠵᠠᠷᠭᠤ ᠬᠢᠬᠦ ᠴᠠᠭ ᠬᠤᠭᠤᠴᠠᠭ᠎ᠠ      ᠬᠦᠨᠳᠡᠯᠡᠨ ᠠᠴᠠ ᠳᠠᠰᠤᠯᠬᠤ ᠰᠢᠢᠳᠪᠦᠷᠢ ᠶᠢᠨ ᠪᠢᠴᠢᠭ ᠢ ᠭᠠᠷᠳᠠᠨ ᠠᠪᠤᠭᠰᠠᠨ ᠡᠳᠦᠷ ᠠᠴᠠ ᠡᠬᠢᠯᠡᠵᠤ 15 ᠡᠳᠦᠷ ᠤᠨ ᠳᠤᠲᠤᠷ᠎ᠠ ᠠᠷᠠᠳ ᠤᠨ ᠰᠢᠭᠦᠭᠦ ᠬᠤᠷᠢᠶᠠᠨ ᠳᠤ ᠵᠠᠷᠭᠤ ᠬᠢᠵᠤ ᠪᠤᠯᠤᠨ᠎ᠠ᠃      ︵ᠳᠦᠷᠪᠡ︶ ᠵᠠᠰᠠᠭ ᠵᠠᠬᠢᠷᠭᠠᠨ ᠤ ᠳᠠᠬᠢᠨ ᠵᠦᠪᠯᠡᠬᠦ ᠡᠷᠡᠮᠡᠯᠵᠡᠯᠡᠯ ᠤᠨ ᠴᠠᠭ ᠬᠤᠭᠤᠴᠠᠭ᠎ᠠ      ᠬᠡᠷᠪᠡ ᠬᠦᠳᠡᠯᠮᠦᠷᠢᠯᠡᠭᠴᠢᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠦᠮᠦᠨ ᠤ ᠡᠷᠬᠡ᠂ ᠰᠤᠷᠭᠠᠨ ᠬᠦᠮᠦᠵᠢᠯ ᠬᠦᠷᠲᠡᠬᠦ ᠡᠷᠬᠡ ᠵᠡᠷᠭᠡ ᠬᠠᠤᠯᠢ ᠶᠢᠨ ᠬᠠᠷᠢᠭᠤᠴᠠᠯᠭ᠎ᠠ ᠶᠢ ᠬᠦᠷᠲᠡᠭᠰᠡᠨ ᠦᠭᠡᠢ ᠪᠠᠶᠢᠪᠠᠯ ᠠᠰᠠᠷᠠᠮᠵᠢ ᠶᠢᠨ ᠮᠦᠩᠭᠦ᠂ ᠨᠡᠶᠢᠬᠡᠮ ᠤᠨ ᠳᠠᠭᠠᠳᠬᠠᠯ ᠤᠨ ᠮᠦᠩᠭᠦ᠂ ᠬᠠᠮᠤᠭ ᠳᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠵᠠᠷᠤᠳᠠᠯ ᠶᠢ ᠲᠦᠭᠡᠭᠡᠨ ᠦᠭᠬᠦ ᠡᠷᠡᠮᠡᠯᠵᠡᠯᠡᠯ ᠭᠠᠷᠭᠠᠵᠤ ᠪᠤᠯᠤᠨ᠎ᠠ᠃ ᠡᠶᠢᠮᠤ ᠪᠠᠶᠢᠳᠠᠯ ᠳᠤᠤᠷ᠎ᠠ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤ ᠪᠠᠷ ᠳᠡᠭᠡᠷᠡᠬᠢ ᠵᠦᠢᠯ ᠢ ᠲᠦᠭᠡᠭᠡᠨ ᠦᠭᠭᠦᠭᠰᠡᠨ ᠦᠭᠡᠢ ᠪᠠᠶᠢᠪᠠᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠶᠤᠰᠤᠨ ᠤ ᠡᠷᠬᠡ ᠳᠤ ᠬᠠᠯᠳᠠᠭᠰᠠᠨ ᠶᠠᠪᠤᠳᠠᠯ ᠪᠤᠯᠤᠨ᠎ᠠ᠃ ᠡᠳᠡᠭᠡᠷ ᠶᠠᠪᠤᠳᠠᠯ ᠳᠤ 60 ᠡᠳᠦᠷ ᠤᠨ ᠳᠤᠲᠤᠷ᠎ᠠ ᠵᠠᠰᠠᠭ ᠵᠠᠬᠢᠷᠭᠠᠨ ᠤ ᠳᠠᠬᠢᠨ ᠵᠦᠪᠯᠡᠬᠦ ᠡᠷᠡᠮᠡᠯᠵᠡᠯᠡᠯ ᠭᠠᠷᠭᠠᠵᠤ ᠪᠤᠯᠤᠨ᠎ᠠ᠃      ︵ᠲᠠᠪᠤ︶ ᠵᠠᠰᠠᠭ ᠵᠠᠬᠢᠷᠭᠠᠨ ᠤ ᠳᠠᠬᠢᠨ ᠵᠦᠪᠯᠡᠬᠦ ᠳᠤᠭᠲᠠᠭᠠᠯ ᠢ ᠵᠦᠪᠰᠢᠶᠡᠷᠡᠬᠦ ᠦᠭᠡᠢ ᠪᠠᠷ ᠵᠠᠰᠠᠭ ᠵᠠᠬᠢᠷᠭᠠᠨ ᠎ ᠤ ᠵᠠᠷᠭᠤ ᠬᠢᠬᠦ ᠴᠠᠭ ᠬᠤᠭᠤᠴᠠᠭ᠎ᠠ ᠶᠢᠨ ᠬᠢᠵᠠᠭᠠᠷᠯᠠᠯ      ᠵᠠᠰᠠᠭ ᠵᠠᠬᠢᠷᠭᠠᠨ ᠤ ᠳᠠᠬᠢᠨ ᠵᠦᠪᠯᠡᠬᠦ ᠳᠤᠭᠲᠠᠭᠠᠯ ᠤᠨ ᠪᠢᠴᠢᠭ ᠢ ᠭᠠᠷᠳᠠᠨ ᠠᠪᠤᠭᠰᠠᠨ 15 ᠡᠳᠦᠷ ᠤᠨ ᠳᠤᠲᠤᠷ᠎ᠠ ᠠᠷᠠᠳ ᠤᠨ ᠰᠢᠬᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠷᠭᠤ ᠬᠢᠵᠤ ᠪᠤᠯᠤᠨ᠎ᠠ᠃ ᠳᠠᠬᠢᠨ ᠵᠦᠪᠯᠡᠬᠦ ᠪᠠᠶᠢᠭᠤᠯᠭ᠎ᠠ ᠨᠢ ᠬᠤᠭᠤᠴᠠᠭ᠎ᠠ ᠦᠩᠭᠡᠷᠡᠭᠡᠳ ᠳᠤᠭᠲᠠᠭᠠᠯ ᠭᠠᠷᠭᠠᠭᠰᠠᠨ ᠦᠭᠡᠢ ᠪᠠᠶᠢᠪᠠᠯ ᠡᠷᠡᠮᠡᠯᠵᠡᠯᠡᠭᠴᠢ ᠳᠠᠬᠢᠨ ᠵᠦᠪᠯᠡᠬᠦ ᠬᠤᠭᠤᠴᠠᠭ᠎ᠠ ᠳᠠᠭᠤᠰᠤᠭᠠᠳ 15 ᠡᠳᠦᠷ ᠤᠨ ᠳᠤᠲᠤᠷ᠎ᠠ ᠠᠷᠠᠳ ᠤᠨ ᠰᠢᠭᠦᠭᠦ ᠬᠤᠷᠢᠶᠠᠨ ᠳᠤ ᠵᠠᠷᠭᠤ ᠬᠢᠵᠤ ᠪᠤᠯᠤᠨ᠎ᠠ᠃      ︵ᠵᠢᠷᠭᠤᠭ᠎ᠠ︶ ᠠᠷᠠᠳ ᠤᠨ ᠰᠢᠭᠦᠭᠦ ᠬᠤᠷᠢᠶᠠᠨ ᠳᠤ ᠰᠢᠭᠤᠳ ᠵᠠᠰᠠᠭ ᠵᠠᠬᠢᠷᠭᠠᠨ ᠤ ᠵᠠᠷᠭᠤ ᠬᠢᠬᠦ ᠴᠠᠭ ᠬᠤᠭᠤᠴᠠᠭ᠎ᠠ ᠶᠢᠨ ᠬᠢᠵᠠᠭᠠᠷᠯᠠᠯ      ᠬᠠᠤᠯᠢ ᠪᠠᠷ ᠳᠤᠭᠲᠠᠭᠠᠭᠰᠠᠨ ᠠᠴᠠ ᠭᠠᠳᠠᠨᠠᠬᠢ ᠪᠤᠰᠤᠳ ᠵᠦᠢᠯ ᠢ ᠭᠠᠷᠭᠠᠪᠠᠯ᠂ ᠪᠤᠰᠤᠳ ᠤᠨᠴᠠᠭᠠᠢ ᠶᠠᠪᠦᠳᠠᠯ ᠎ ᠠᠴᠠ ᠰᠢᠯᠲᠠᠭᠠᠯᠠᠭᠳᠠᠵᠤ ᠬᠠᠤᠯᠢ ᠶᠢᠨ ᠴᠠᠭ ᠬᠤᠭᠤᠴᠠᠭ᠎ᠠ ᠶᠢ ᠬᠠᠷᠰᠢᠯᠠᠪᠠᠯ ᠬᠠᠷᠰᠢ ᠰᠠᠭᠠᠳ ᠢ ᠰᠢᠢᠳᠪᠦᠷᠢᠯᠡᠭᠰᠡᠨ ᠤ ᠳᠠᠷᠠᠭᠠᠬᠢ 10 ᠡᠳᠦᠷ ᠤᠨ ᠳᠤᠲᠤᠷ᠎ᠠ ᠴᠠᠭ ᠬᠤᠭᠤᠴᠠᠭ᠎ᠠ ᠶᠢ ᠤᠷᠲᠤᠳᠬᠠᠬᠤ ᠶᠢ ᠵᠦᠪᠰᠢᠶᠡᠷᠡᠬᠦ ᠶᠢ ᠠᠷᠠᠳ ᠤᠨ ᠰᠢᠭᠦᠭᠦ ᠬᠤᠷᠢᠶᠠᠨ ᠠᠴᠠ ᠳᠤᠭᠲᠠᠭᠠᠨ᠎ᠠ᠃      ︵ᠳᠤᠯᠤᠭ᠎ᠠ︶ ᠠᠵᠢᠯ ᠤᠨ ᠰᠢᠷᠬᠠᠳᠤᠯ ᠢ ᠦᠨᠡᠯᠡᠨ ᠳᠤᠭᠲᠠᠭᠠᠬᠤ ᠡᠷᠡᠮᠡᠯᠵᠡᠯᠡᠯ ᠤᠨ ᠴᠠᠭ ᠬᠤᠭᠤᠴᠠᠭᠠᠨ ᠤ ᠬᠢᠵᠠᠭᠠᠷᠯᠠᠯ      ⑴ ᠠᠵᠢᠯᠲᠠᠨ ᠠᠵᠢᠯᠴᠢᠨ ᠠᠵᠢᠯ ᠤᠨ ᠠᠳᠡᠭᠳᠡᠯ ᠠᠴᠠ ᠪᠤᠯᠵᠤ ᠰᠢᠷᠬᠠᠳᠦᠯ ᠡᠭᠦᠰᠬᠦ᠂ ᠳᠤᠬᠠᠶᠢᠯᠠᠭᠰᠠᠨ ᠠᠵᠢᠯ ᠤᠨ ᠡᠪᠡᠳᠴᠢᠨ ᠢ ᠰᠡᠷᠭᠡᠶᠢᠯᠡᠬᠦ ᠳᠣᠭᠲᠠᠭᠠᠯ ᠢᠶᠠᠷ ᠤᠨᠤᠰᠢᠯᠠᠵᠤ ᠳᠤᠬᠠᠶᠢᠯᠠᠭᠰᠠᠨ ᠠᠵᠢᠯ ᠤᠨ ᠡᠪᠡᠳᠴᠢᠨ ᠭᠡᠵᠤ ᠦᠨᠡᠯᠡᠨ ᠳᠤᠭᠲᠠᠭᠠᠭᠰᠠᠨ ᠪᠠᠶᠢᠪᠠᠯ 30 ᠡᠳᠤᠷ ᠤᠨ ᠳᠤᠲᠤᠷ᠎ᠠ ᠭᠠᠵᠠᠷ ᠤᠷᠤᠨ ᠤ ᠨᠡᠶᠢᠬᠡᠮ ᠤᠨ ᠳᠠᠭᠠᠳᠬᠠᠯ ᠎ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠠᠵᠢᠯ ᠤᠨ ᠰᠢᠷᠬᠠᠳᠦᠯ ᠤᠨ ᠦᠨᠡᠯᠡᠨ ᠳᠤᠭᠲᠠᠭᠠᠬᠤ ᠡᠷᠡᠮᠡᠯᠵᠡᠯᠡᠯ ᠭᠠᠷᠭᠠᠵᠤ᠂ ᠤᠨᠴᠠᠭᠠᠢ ᠤᠴᠢᠷ ᠲᠠᠢ ᠪᠠᠶᠢᠪᠠᠯ ᠨᠡᠶᠢᠬᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠎ ᠢᠶᠠᠷ ᠵᠦᠪᠰᠢᠶᠡᠷᠡᠭᠦᠯᠵᠤ ᠡᠷᠡᠮᠡᠯᠵᠡᠯᠡᠯ ᠤᠨ ᠴᠠᠭ ᠬᠤᠭᠤᠴᠠᠭ᠎ᠠ ᠶᠢ ᠨᠢ ᠤᠷᠲᠤᠳᠬᠠᠵᠤ ᠪᠤᠯᠤᠨ᠎ᠠ᠃      ⑵ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠭ᠎ᠠ ᠨᠢ ᠴᠠᠭ ᠳᠠᠷᠦᠢ ᠳᠤ ᠨᠢ ᠠᠵᠢᠯ ᠤᠨ ᠠᠳᠡᠭᠳᠡᠯ ᠰᠢᠷᠬᠠᠳᠤᠯ ᠎ ᠤᠨ ᠬᠢᠨᠠᠨ ᠳᠤᠭᠲᠠᠭᠠᠯ ᠤᠨ ᠡᠷᠡᠮᠡᠯᠵᠡᠯᠡᠯ ᠢ ᠳᠡᠪᠰᠢᠭᠦᠯᠦᠭᠰᠡᠨ ᠦᠭᠡᠢ ᠪᠠᠶᠢᠪᠠᠯ ᠠᠵᠢᠯ ᠤᠨ ᠠᠳᠡᠭᠳᠡᠯ ᠠᠴᠠ ᠪᠤᠯᠵᠤ ᠰᠢᠷᠬᠠᠳᠤᠭᠰᠠᠨ ᠠᠵᠢᠯᠲᠠᠨ ᠠᠵᠢᠯᠴᠢᠨ ᠪᠤᠶᠤ ᠤᠶᠢᠷ᠎ᠠ ᠲᠦᠷᠦᠯ᠂ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠲᠠ ᠨᠢ ᠠᠳᠡᠭᠳᠡᠯ ᠠᠴᠠ ᠪᠤᠯᠵᠤ ᠰᠢᠷᠬᠠᠳᠤᠭᠰᠠᠨ ᠡᠳᠤᠷ ᠪᠤᠶᠤ ᠳᠤᠬᠠᠶᠢᠯᠠᠭᠰᠠᠨ ᠠᠵᠢᠯ ᠤᠨ ᠡᠪᠡᠳᠴᠢᠨ ᠭᠡᠵᠤ ᠤᠨᠤᠰᠢᠯᠠᠭᠰᠠᠨ ᠡᠳᠦᠷ ᠠᠴᠠ ᠡᠬᠢᠯᠡᠵᠤ ᠨᠢᠭᠡ ᠵᠢᠯ ᠤᠨ ᠳᠤᠲᠤᠷ᠎ᠠ ᠰᠢᠭᠤᠳ ᠬᠦᠮᠦᠨ ᠬᠡᠷᠡᠭᠯᠡᠵᠤ ᠪᠠᠶᠢᠭ᠎ᠠ ᠪᠠᠶᠢᠭᠤᠯᠭ᠎ᠠ ᠶᠢᠨ ᠬᠠᠷᠢᠶᠠᠨ ᠳᠠᠬᠢ ᠨᠡᠶᠢᠬᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠠᠵᠢᠯ ᠎ ᠤᠨ ᠠᠳᠡᠭᠳᠡᠯ ᠰᠢᠷᠬᠠᠳᠦᠯ ᠤᠨ ᠬᠢᠨᠠᠨ ᠳᠤᠭᠲᠠᠭᠠᠯ ᠤᠨ ᠡᠷᠡᠮᠡᠯᠵᠡᠯᠡᠯ ᠢ ᠲᠤᠭᠲᠠᠭᠠᠵᠤ ᠪᠤᠯᠤᠨ᠎ᠠ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号