ᠦᠤᠰᠢᠨ ᠬᠤᠰᠢᠭᠤ ︽ᠭᠠᠴᠠᠭ᠎ᠠ ᠲᠤᠰᠬᠤᠠ ᠤ ᠨᠠᠮ ᠤᠨ ᠡᠬᠦᠷ᠂ ᠭᠠᠴᠠᠭ᠎ᠠ ᠲᠤᠰᠬᠤᠠ ᠤ ᠠᠷᠠᠳ ᠤᠨ | ᠵᠦᠪᠯᠡᠯ ᠤᠨ ᠺᠠᠳ᠋ᠷ ᠤᠨ ᠬᠠᠮᠢᠶᠠᠷᠤᠯᠳᠠ ᠶᠢᠨ ᠰᠢᠯᠭᠠᠨ ᠪᠠᠶᠢᠴᠠᠭᠠᠬᠤ ᠠᠷᠭ᠎ᠠ︾ ᠶᠢ ᠲᠤᠬᠳᠠᠭᠠᠵᠤ᠂ ᠭᠠᠴᠠᠭ᠎ᠠ | ᠲᠤᠰᠬᠤᠠ ᠤ ᠺᠠᠳ᠋ᠷ ᠤᠨ ᠡᠩᠨᠡᠭᠡᠨ ᠤ ᠬᠠᠮᠢᠶᠠᠷᠤᠯᠳᠠ ᠪᠠᠨ ᠵᠢᠷᠤᠮᠵᠢᠭᠤᠯᠤᠨ ᠡᠯ᠎ᠡ ᠲᠠᠯ᠎ᠠ ᠶᠢᠨ ᠠᠵᠢᠯ ᠢᠶᠠᠨ ᠯᠠᠪᠳᠠᠭᠤᠨ | ᠪᠠᠳᠤᠳᠠᠢ ᠠᠬᠢᠭᠤᠯᠵᠤ ᠪᠠᠶᠢᠨ᠎ᠠ᠃ | ᠥᠥᠰᠢᠨ ᠬᠤᠰᠢᠭᠤ ᠭᠠᠴᠠᠭ᠎ᠠ ᠲᠤᠰᠬᠤᠠ ᠤ ᠺᠠᠳ᠋ᠷ ᠤᠨ ᠠᠵᠢᠯ ᠤᠨ ᠪᠠᠶᠢᠷᠢ ᠳᠠᠭᠠᠨ ᠵᠢᠵᠢᠬᠦᠷᠯᠡᠬᠦ᠂ | ᠬᠤᠷᠠᠯ ᠳᠤ ᠤᠷᠤᠯᠴᠠᠬᠤ᠂ ᠴᠢᠯᠦᠭᠡ ᠭᠤᠶᠤᠵᠤ ᠴᠢᠯᠦᠭᠡ ᠲᠠᠶᠢᠯᠬᠤ᠂ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ | ᠂ ᠬᠠᠷᠠᠯᠳᠠ ᠶᠢᠨ ᠬᠠᠮᠢᠶᠠᠷᠤᠯᠳᠠ᠂ ᠰᠡᠳᠬᠢᠯ ᠤᠨ ᠦᠭᠡ ᠪᠠᠨ ᠶᠠᠷᠢᠯᠴᠠᠬᠤ᠂ ᠬᠢᠷᠢ ᠬᠡᠮ ᠤᠨ ᠬᠢᠨᠠᠨ ᠪᠠᠶᠢᠴᠠᠭᠠᠯᠳᠠ᠂ | ᠲᠠᠩᠰᠠ ᠡᠪᠬᠡᠮᠡᠯ ᠤᠨ ᠬᠠᠮᠢᠶᠠᠷᠤᠯᠳᠠ ᠪᠤᠯᠤᠨ ᠰᠤᠷᠭᠠᠨ ᠬᠦᠮᠦᠵᠢᠬᠦᠯᠵᠤ ᠪᠤᠯᠪᠠᠰᠤᠷᠠᠭᠤᠯᠬᠤ ᠵᠡᠷᠭᠡ 9 ᠵᠦᠢᠯ ᠤᠨ | ᠲᠦᠷᠢᠮ ᠢ ᠲᠤᠭᠳᠠᠭᠠᠠ ᠪᠦᠷᠢᠨᠰᠢᠬᠦᠯᠵᠤ᠂ ᠲᠦᠷᠦ ᠶᠢᠨ ᠪᠤᠳᠤᠯᠭ᠎ᠠ ᠶᠢ ᠭᠡᠷᠡᠭᠵᠢᠬᠦᠯᠬᠦ ᠦᠭᠡᠢ᠂ ᠠᠵᠢᠯ ᠤᠨ | ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠵᠡᠷᠭᠡ 10 ᠵᠦᠢᠯ ᠤᠨ ᠨᠠᠵᠠᠭᠠᠢ ᠲᠠᠯ᠎ᠡ ᠶᠢᠨ | ᠦᠵᠡᠭᠳᠡᠯ ᠢ ᠵᠢᠬᠰᠠᠭᠠᠵᠤ᠂ ᠬᠠᠷᠢᠭᠤᠴᠠᠯᠭ᠎ᠠ ᠨᠡᠭᠡᠮᠵᠢᠯᠡᠵᠤ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠪᠠ᠃ | ᠤᠳᠤᠨ ᠲᠠᠰ ᠤᠨ ᠦᠨᠡᠯᠡᠨ ᠰᠤᠩᠭᠤᠬᠤ᠂ ᠤᠳᠤᠷᠢᠳᠤᠯᠭ᠎ᠠ ᠠᠴᠠ ᠬᠤᠪᠢ ᠲᠤᠬᠳᠠᠭᠠᠬᠤ᠂ ᠪᠦᠷᠢᠯᠳᠦᠬᠦᠨ | ᠬᠠᠷᠢᠯᠴᠠᠨ ᠦᠨᠡᠯᠡᠬᠦ᠂ ᠠᠷᠠᠳᠴᠢᠯᠡᠯ ᠢᠶᠠᠷ ᠰᠢᠯᠭᠠᠨ ᠦᠨᠡᠯᠡᠬᠦ᠂ ᠡᠳᠦᠷ ᠲᠤᠳᠤᠮ ᠤᠨ ᠰᠢᠯᠭᠠᠨ ᠪᠠᠶᠢᠴᠠᠭᠠᠯᠳᠠ ᠶᠢᠨ | ᠪᠠᠶᠢᠳᠠᠯ ᠢᠶᠠᠷ ᠶᠡᠷᠤᠩᠭᠡᠶᠢᠯᠡᠨ ᠦᠨᠡᠯᠡᠬᠦ ᠵᠡᠷᠬᠡ ᠰᠢᠯᠭᠠᠨ ᠦᠨᠡᠯᠡᠬᠦ ᠰᠢᠰᠲ᠋ᠧᠮ ᠢ ᠪᠦᠷᠢᠨᠰᠢᠬᠦᠯᠵᠤ᠂ ᠵᠠᠭᠤᠨ | ᠬᠤᠪᠢ ᠶᠢᠨ ᠲᠦᠷᠢᠮᠳᠤ ᠬᠤᠪᠢ ᠤᠯᠭᠤᠯᠳᠠ ᠪᠠᠷ ᠲᠤᠰᠬᠤᠨ ᠤ ᠺᠠᠳ᠋ᠷ ᠤᠨ ᠰᠢᠯᠢᠳᠡᠭ᠂ ᠰᠠᠶᠢᠨ᠂ ᠵᠦᠭᠡᠷ᠂ ᠠᠨᠠᠢ | ᠵᠡᠷᠭᠡ ᠲᠡᠰ ᠢ ᠰᠢᠯᠭᠠᠷᠠᠭᠤᠯᠤᠠ ᠲᠤᠬᠳᠠᠭᠠᠬᠤ ᠪᠦᠭᠡᠳ ᠭᠠᠴᠠᠭ᠎ᠠ ᠲᠤᠰᠬᠤᠨ ᠤ ᠨᠠᠮ ᠤᠨ ᠡᠬᠦᠷ᠂ ᠠᠷᠠᠳ ᠤᠨ | ᠵᠦᠪᠯᠡᠯ ᠤᠨ ᠺᠠᠳ᠋ᠷ ᠤᠨ ᠠᠵᠢᠯ ᠤᠨ ᠭᠢᠷᠢ ᠪᠦᠳᠦᠮᠵᠢ ᠲᠠᠢ ᠨᠢ ᠬᠤᠯᠪᠤᠵᠤ᠂ ᠲᠡᠷᠢᠬᠦᠨ ᠤ ᠬᠢ ᠶᠢ ᠤᠷᠮᠠᠰᠢᠭᠤᠯᠤᠨ | ᠵᠤᠷᠢᠬᠵᠢᠭᠤᠯᠵᠤ᠂ ᠬᠤᠴᠤᠷᠤᠩᠭᠤᠢ ᠶᠢ ᠱᠠᠯᠠᠪᠳᠠᠭᠤᠯᠵᠤ᠂ ᠭᠠᠴᠠᠭ᠎ᠠ ᠲᠤᠰᠬᠤᠨ ᠤ ᠨᠠᠮ ᠤᠨ ᠡᠬᠦᠷ᠂ ᠲᠤᠰᠬᠤᠠ ᠤ | ᠠᠷᠠᠳ ᠤᠨ ᠵᠦᠪᠯᠡᠯ ᠤᠨ ᠺᠠᠳ᠋ᠷ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠬᠦᠳᠡᠭᠡ | ᠲᠤᠰᠬᠤᠨ ᠢ ᠬᠦᠭᠵᠢᠬᠦᠯᠤᠨ ᠮᠠᠨᠳᠤᠭᠤᠯᠬᠤ ︽ᠭᠤᠤᠯ ᠲᠠᠶᠢᠨ ᠤ ᠲᠠᠯᠠᠪᠤᠷ︾ ᠤᠨ ︽ᠬᠤᠰᠢᠭᠤᠴᠢ︾ ᠶᠢᠨ | ᠦᠢᠯᠡᠳᠦᠯ ᠢ ᠦᠨᠡᠨᠬᠦ ᠴᠢᠩᠭᠠᠷᠠᠭᠤᠯᠤᠬᠰᠡᠨ ᠪᠠᠶᠢᠨ᠎ᠡ᠃ |