ᠰᠢ ᠶᠢᠨ ᠫᠢᠩ᠄ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠡ ᠴᠢᠨᠠᠷ ᠰᠠᠶᠢᠳᠠᠢ ᠬᠦᠭᠵᠢᠯᠳᠡ ᠶᠢᠨ ᠤᠷᠤᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠠᠬᠢᠭᠤᠯᠤᠨ ᠪᠦᠷᠢᠯᠳᠦᠬᠦᠯᠵᠤ ᠲᠠᠪᠠᠭᠤᠯᠢᠭ ᠢᠶᠠᠨ ᠪᠠᠳᠠᠷᠠᠭᠤᠯᠤᠨ ᠠᠵᠥ ᠦᠢᠯᠡᠰ ᠤᠨ ᠰᠠᠭᠤᠷᠢ ᠴᠢᠳᠠᠪᠤᠷᠢ ᠪᠤᠯᠤᠨ ᠠᠵᠥ ᠦᠢᠯᠡᠰ ᠤᠨ ᠬᠡᠯᠬᠢᠶᠡᠵᠢᠯ ᠤᠨ ᠲᠦᠪᠰᠢᠨ ᠢ ᠲᠡᠭᠡᠭᠰᠢᠯᠡᠬᠦᠯᠬᠦ ᠬᠡᠷᠡᠭᠳᠡᠢ
ᠨᠡᠶᠢᠲᠡᠯᠡᠭᠰᠡᠨ ᠴᠠᠭ᠄
2019-08-28
     ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ᠂ ᠲᠦᠪ ᠤᠨ ᠡᠳ᠋ ᠤᠨ ᠵᠠᠰᠠᠭ ᠠᠵᠥ ᠠᠬᠤᠢ ᠶᠢᠨ ᠵᠦᠪᠯᠡᠯ ᠤᠨ ᠡᠷᠬᠢᠯᠡᠭᠴᠢ ᠰᠢ ᠶᠢᠨ ᠫᠢᠩ 8 ᠰᠠᠷ᠎ᠠ ᠶᠢᠨ 26 ᠤ ᠦᠳᠡ ᠶᠢᠨ ᠡᠮᠤᠨ᠎ᠡ ᠲᠦᠪ ᠤᠨ ᠡᠳ᠋ ᠤᠨ ᠵᠠᠰᠠᠭ ᠠᠵᠥ ᠠᠬᠤᠢ ᠶᠢᠨ ᠵᠦᠪᠯᠡᠯ ᠤᠨ ᠲᠠᠪᠤᠳᠤᠭᠠᠷ ᠬᠤᠷᠡᠯ ᠢ ᠡᠷᠬᠢᠯᠡᠨ ᠬᠤᠷᠡᠯᠳᠤᠭᠤᠯᠵᠥ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠡ ᠴᠢᠨᠠᠷ ᠰᠠᠶᠢᠳᠠᠢ ᠬᠦᠭᠵᠢᠯᠳᠡ ᠶᠢᠨ ᠤᠷᠤᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠠᠬᠢᠭᠤᠯᠤᠨ ᠪᠦᠷᠢᠯᠳᠦᠬᠦᠯᠬᠦ ᠠᠰᠠᠭᠤᠳᠠᠯ᠂ ᠠᠵᠥ ᠦᠢᠯᠡᠰ ᠤᠨ ᠰᠠᠭᠤᠷᠢ ᠴᠢᠳᠠᠪᠤᠷᠢ ᠪᠤᠯᠤᠨ ᠠᠵᠥ ᠦᠢᠯᠡᠰ ᠤᠨ ᠬᠡᠯᠬᠢᠶᠡᠵᠢᠯ ᠤᠨ ᠲᠦᠪᠰᠢᠨ ᠢ ᠲᠡᠭᠡᠭᠰᠢᠯᠡᠬᠦᠯᠬᠦ ᠠᠰᠠᠭᠤᠳᠠᠯ ᠢ ᠰᠤᠳᠤᠯᠪᠠ᠃ ᠰᠢ ᠶᠢᠨ ᠫᠢᠩ ᠬᠤᠷᠡᠯ ᠲᠡᠭᠡᠷ᠎ᠡ ᠴᠢᠬᠤᠯᠠ ᠶᠠᠷᠢᠶ᠎ᠠ ᠲᠠᠯᠪᠢᠵᠥ᠂ ᠡᠯ᠎ᠡ ᠭᠠᠵᠠᠷ ᠤᠷᠤᠨ ᠤ ᠨᠦᠬᠦᠴᠡᠯ ᠢ ᠦᠨᠳᠦᠰᠦᠯᠡᠨ᠂ ᠵᠤᠬᠢᠰᠳᠠᠢ ᠪᠠᠷ ᠠᠵᠢᠯ ᠬᠤᠪᠢᠶᠠᠷᠢᠯᠠᠬᠤ᠂ ᠰᠢᠯᠢᠳᠡᠭᠵᠢᠬᠦᠯᠥᠨ ᠬᠦᠭᠵᠢᠬᠦᠯᠬᠦ ᠵᠠᠮ ᠢᠶᠠᠷ ᠵᠠᠮᠨᠠᠵᠥ᠂ ᠭᠤᠤᠯ ᠴᠤᠭᠴᠠ ᠶᠢᠨ ᠴᠢᠳᠠᠮᠵᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠥ᠂ ᠤᠷᠤᠨ ᠵᠠᠢ ᠶᠢᠨ ᠵᠠᠰᠠᠯᠳᠠ ᠶᠢ ᠪᠦᠷᠢᠨᠰᠢᠬᠦᠯᠤᠨ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠡ ᠴᠢᠨᠠᠷ ᠰᠠᠶᠢᠳᠠᠢ ᠬᠦᠭᠵᠢᠯᠳᠡ ᠶᠢᠨ ᠤᠷᠤᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠪᠦᠷᠢᠯᠳᠦᠬᠦᠯᠬᠦ ᠬᠡᠷᠡᠭᠳᠡᠢ᠃ ᠬᠦᠴᠦ ᠪᠠᠨ ᠲᠦᠪᠯᠡᠷᠡᠬᠦᠯᠥᠨ ᠶᠡᠭᠡ ᠶᠠᠪᠤᠳᠠᠯ ᠢ ᠪᠦᠳᠦᠭᠡᠬᠦ ᠲᠦᠷᠢᠮ ᠤᠨ ᠲᠠᠪᠠᠭᠤᠯᠢᠭ ᠪᠤᠯᠤᠨ ᠬᠡᠳᠤ ᠶᠡᠭᠡ ᠬᠡᠪᠴᠢᠶ᠎ᠡ ᠪᠦᠬᠦᠢ ᠵᠠᠬ᠎ᠠ ᠲᠡᠯᠬᠡᠬᠦᠷ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠥ᠂ ᠠᠵᠥ ᠦᠢᠯᠡᠰ ᠤᠨ ᠰᠠᠭᠤᠷᠢ ᠶᠢ ᠲᠡᠭᠡᠳᠦ ᠲᠡᠰᠵᠢᠬᠦᠯᠬᠦ᠂ ᠠᠵᠥ ᠦᠢᠯᠡᠰ ᠤᠨ ᠬᠡᠯᠬᠢᠶᠡᠵᠢᠯ ᠢ ᠤᠳᠤᠬᠢᠴᠢᠯᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠬᠡᠷᠡᠭᠳᠡᠢ ᠬᠡᠵᠥ ᠴᠢᠬᠤᠯᠠᠴᠢᠯᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ᠂ ᠲᠦᠪ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠳᠡᠳ᠋ ᠡᠷᠬᠢᠯᠡᠭᠴᠢ ᠯᠢ ᠺᠧ ᠴᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠭᠡᠰᠢᠭᠦᠨ ᠸᠠᠩ ᠬᠤ᠋ ᠨᠢᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠲᠦᠪ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠭᠡᠰᠢᠭᠦᠨ ᠬᠠᠨ ᠵᠧᠩ ᠬᠤᠷᠠᠯ ᠳᠤ ᠤᠷᠤᠯᠴᠠᠪᠠ᠃      ᠬᠤᠷᠠᠯ ᠠᠴᠠ ᠤᠯᠤᠰ ᠤᠨ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠂ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ᠂ ᠱᠠᠩᠬᠠᠢ ᠬᠤᠳᠠ᠂ ᠭᠤᠸᠠᠩᠳᠦ᠋ᠩ ᠮᠤᠵᠢ᠂ ᠯᠢᠶᠤᠤᠨᠢᠩ ᠮᠤᠵᠢ ᠶᠢᠨ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠡ ᠴᠢᠨᠠᠷ ᠰᠠᠶᠢᠳᠠᠢ ᠬᠦᠭᠵᠢᠯᠳᠡ ᠶᠢᠨ ᠤᠷᠤᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠠᠬᠢᠭᠤᠯᠤᠨ ᠪᠦᠷᠢᠯᠳᠦᠭᠦᠯᠬᠦ ᠲᠤᠬᠠᠢ ᠠᠰᠠᠭᠤᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠤᠯᠤᠰ ᠤᠨ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠶᠠᠮᠤᠨ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠠᠯᠠᠩ ᠤᠨ ᠠᠵᠤ ᠦᠢᠯᠡᠰ ᠤᠨ ᠰᠠᠭᠤᠷᠢ ᠴᠢᠳᠠᠪᠤᠷᠢ ᠪᠤᠯᠤᠨ ᠠᠵᠤ ᠦᠢᠯᠡᠰ ᠤᠨ ᠬᠡᠯᠬᠢᠶᠡᠵᠢᠯ ᠤᠨ ᠲᠦᠪᠰᠢᠨ ᠢ ᠳᠡᠭᠡᠭᠰᠢᠯᠡᠭᠦᠯᠬᠦ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠴᠠᠢ᠃      ᠬᠤᠷᠠᠯ ᠠᠴᠠ᠂ ᠤᠳᠤᠬᠠᠨ ᠳᠤ ᠮᠠᠨ ᠤ ᠤᠯᠤᠰ ᠤᠨ ᠤᠷᠤᠨ ᠪᠦᠰᠡ ᠶᠢᠨ ᠬᠦᠭᠵᠢᠯᠳᠡ ᠶᠢᠨ ᠬᠠᠨᠳᠤᠰᠢ ᠰᠠᠶᠢᠨ ᠪᠠᠶᠢᠨ᠎ᠠ᠂ ᠡᠭᠦᠨ ᠤ ᠬᠠᠮᠳᠤ ᠠᠵᠤ ᠠᠬᠤᠢ ᠶᠢᠨ ᠬᠦᠭᠵᠢᠯᠳᠡ ᠶᠢᠨ ᠤᠷᠤᠨ ᠵᠠᠢ ᠶᠢᠨ ᠪᠦᠲᠦᠴᠡ ᠳᠤ ᠭᠦᠨᠵᠡᠭᠡᠢ ᠬᠤᠪᠢᠷᠠᠯᠳᠠ ᠭᠠᠷᠴᠦ᠂ ᠭᠤᠤᠯ ᠬᠤᠳᠠ ᠪᠤᠯᠤᠨ ᠬᠤᠳᠠ ᠶᠢᠨ ᠪᠦᠯᠦᠭᠵᠢᠯ ᠨᠢ ᠬᠦᠭᠵᠢᠯᠳᠡ ᠶᠢᠨ ᠡᠯᠧᠮᠧᠨ᠋ᠲ ᠢ ᠠᠴᠢᠶᠠᠯᠠᠬᠤ ᠭᠤᠤᠯ ᠤᠷᠤᠨ ᠵᠠᠢ ᠶᠢᠨ ᠬᠡᠯᠪᠡᠷᠢ ᠪᠤᠯᠵᠤ ᠪᠠᠶᠢᠨ᠎ᠠ᠃ ᠰᠢᠨ᠎ᠠ ᠪᠠᠶᠢᠳᠠᠯ ᠳᠤᠤᠷ᠎ᠠ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠳᠤ ᠪᠤᠰᠤᠳᠴᠢ ᠠᠵᠤ ᠠᠬᠤᠢ ᠶᠢᠨ ᠵᠢᠮ᠎ᠠ ᠶᠤᠰᠤ ᠪᠠᠷ ᠤᠷᠤᠨ ᠪᠦᠰᠡ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠤᠬᠢᠷᠠᠭᠤᠯᠤᠨ ᠲᠡᠭᠦᠯᠳᠡᠷᠵᠢᠭᠦᠯᠵᠤ᠂ ᠡᠯ᠎ᠠ ᠭᠠᠵᠠᠷ ᠤᠷᠤᠨ ᠤ ᠬᠠᠷᠢᠴᠠᠭᠤᠯᠤᠭᠰᠠᠠ ᠲᠠᠪᠠᠭᠤᠯᠢᠭ ᠢ ᠪᠠᠳᠠᠷᠠᠭᠤᠯᠵᠤ᠂ ᠡᠯ᠎ᠠ ᠲᠦᠷᠦᠯ ᠤᠨ ᠡᠯᠧᠮᠧᠨ᠋ᠲ ᠤᠨ ᠵᠦᠢ ᠵᠤᠬᠢᠰᠳᠠᠢ ᠪᠠᠷ ᠰᠢᠯᠵᠢᠬᠦ ᠪᠠ ᠦᠨᠳᠦᠷ ᠪᠦᠲᠦᠮᠵᠢᠳᠠᠢ ᠪᠠᠷ ᠴᠤᠭᠯᠠᠷᠠᠬᠤ ᠶᠢ ᠠᠬᠢᠭᠤᠯᠵᠤ᠂ ᠰᠢᠨ᠎ᠠ ᠶᠢ ᠡᠭᠦᠳᠬᠦ ᠬᠦᠭᠵᠢᠯᠳᠡ ᠶᠢᠨ ᠬᠦᠳᠡᠯᠭᠡᠬᠦ ᠬᠦᠴᠦᠨ ᠢ ᠴᠢᠩᠭᠠᠳᠬᠠᠨ᠂ ᠴᠢᠨᠠᠷ ᠰᠠᠶᠢᠳᠠᠢ ᠬᠦᠭᠵᠢᠯᠳᠡ ᠶᠢᠨ ᠬᠦᠳᠡᠯᠭᠡᠬᠦ ᠬᠦᠴᠦᠨ ᠤ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠲᠦᠪ ᠬᠤᠲᠠ ᠪᠤᠯᠤᠨ ᠬᠤᠲᠠ ᠶᠢᠨ ᠪᠦᠯᠦᠭᠵᠢᠯ ᠵᠡᠷᠭᠡ ᠠᠵᠦ ᠠᠬᠤᠢ ᠶᠢᠨ ᠬᠦᠭᠵᠢᠯᠲᠠ ᠶᠢᠨ ᠲᠠᠪᠠᠭᠤᠯᠢᠭᠳᠤ ᠤᠷᠤᠨ ᠪᠦᠰᠡ ᠶᠢᠨ ᠠᠵᠦ ᠠᠬᠤᠢ ᠪᠤᠯᠤᠨ ᠬᠦᠮᠦᠨ ᠠᠮᠠ ᠶᠢᠨ ᠲᠠᠭᠠᠭᠠᠴᠠ ᠶᠢ ᠴᠢᠩᠭᠠᠳᠬᠠᠨ᠂ ᠪᠤᠰᠤᠳ ᠭᠠᠵᠠᠷ ᠤᠷᠤᠨ ᠤ ᠠᠮᠤ ᠪᠤᠲᠠᠭᠠᠠ ᠤ ᠠᠮᠤᠷ ᠲᠦᠪᠰᠢᠠ᠂ ᠠᠮᠢ ᠠᠬᠤᠢ ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠵᠡᠷᠭᠡ ᠶᠢ ᠪᠠᠲᠤᠯᠠᠬᠤ ᠲᠠᠯ᠎ᠠ ᠪᠠᠷ ᠬᠢ ᠦᠢᠯᠡᠳᠤᠯ ᠴᠢᠲᠠᠪᠬᠢ ᠶᠢ ᠨᠢ ᠴᠢᠩᠭᠠᠳᠬᠠᠬᠤ ᠬᠡᠷᠡᠭᠳᠡᠢ᠃ ᠠᠷᠠᠳ ᠤᠨ ᠠᠮᠢᠲᠤᠷᠠᠯ ᠤᠨ ᠬᠤᠷᠢᠭ᠎ᠠ ᠱᠤᠭᠤᠮ ᠢ ᠪᠠᠲᠤᠯᠠᠵᠦ᠂ ᠦᠨᠲᠦᠰᠦᠨ ᠤᠯᠠᠠ ᠨᠡᠶᠢᠲᠡ ᠶᠢᠨ ᠦᠢᠯᠡᠴᠢᠯᠡᠭᠡ ᠶᠢ ᠲᠡᠩᠴᠡᠬᠦᠷᠢᠳᠠᠢ ᠪᠠᠶᠢᠯᠭᠠᠬᠤ ᠶᠢ ᠪᠠᠲᠤᠯᠠᠨ᠂ ᠬᠦᠭᠵᠢᠯᠲᠠ ᠶᠢᠨ ᠶᠠᠪᠤᠴᠠ ᠳᠤ ᠲᠡᠩᠴᠡᠬᠦᠷᠢᠲᠠᠢ ᠪᠤᠯᠭᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠪᠦᠬᠦ ᠤᠯᠤᠰ ᠲᠤ ᠨᠢᠭᠡᠲᠦᠯᠲᠡᠢ᠂ ᠨᠡᠭᠡᠭᠡᠯᠲᠡᠲᠠᠢ᠂ ᠦᠷᠢᠰᠦᠯᠲᠦᠭᠡᠡ ᠡᠮᠬᠢ ᠴᠡᠭᠴᠡᠳᠠᠢ ᠲᠠᠸᠠᠷ ᠪᠤᠯᠤᠨ ᠴᠢᠬᠤᠯᠠ ᠡᠯᠧᠮᠧᠨ᠋ᠲ ᠤᠨ ᠵᠠᠬ᠎ᠠ ᠲᠡᠯᠭᠡᠭᠦᠷ ᠢ ᠪᠦᠷᠢᠯᠲᠦᠭᠦᠯᠵᠦ᠂ ᠵᠠᠬ᠎ᠠ ᠲᠡᠯᠬᠡᠬᠦᠷ ᠤᠨ ᠡᠬᠢ ᠪᠠᠶᠠᠯᠢᠭ ᠤᠨ ᠲᠤᠬᠢᠷᠠᠭᠤᠯᠤᠯᠲᠠ ᠳᠤ ᠦᠵᠡᠬᠦᠯᠬᠦ ᠰᠢᠢᠳᠪᠦᠷᠢᠯᠡᠭᠴᠢ ᠴᠢᠨᠠᠷᠲᠠᠢ ᠦᠢᠯᠡᠲᠦᠯ ᠢ ᠪᠠᠲᠠᠷᠠᠭᠤᠯᠤᠨ᠂ ᠵᠠᠬ᠎ᠠ ᠲᠡᠯᠭᠡᠭᠦᠷ ᠢ ᠨᠢᠭᠡ ᠴᠤᠭᠴᠠᠵᠢᠭᠤᠯᠤᠨ ᠬᠦᠭᠵᠢᠭᠦᠯᠬᠦ ᠲᠤᠭᠲᠠᠴᠠ ᠶᠢ ᠲᠡᠭᠦᠯᠲᠡᠷᠵᠢᠭᠦᠯᠵᠦ᠂ ᠤᠷᠤᠨ ᠪᠦᠰᠡ ᠶᠢᠨ ᠬᠠᠮᠲᠤᠷᠠᠯᠴᠠᠭᠠᠨ ᠤ ᠲᠤᠭᠲᠠᠴᠠ ᠶᠢ ᠬᠦᠨᠵᠡᠭᠡᠶᠢᠷᠡᠭᠦᠯᠬᠦ ᠬᠡᠷᠡᠭᠲᠡᠢ᠃ ᠮᠤᠵᠢ ᠶᠢᠨ ᠱᠠᠲᠤᠨ ᠳᠤ ᠨᠢᠭᠡᠲᠦᠯᠲᠡᠢ ᠲᠦᠯᠦᠪᠵᠢᠭᠦᠯᠦᠭᠰᠡᠨ ᠰᠠᠭᠤᠷᠢᠨ ᠲᠠᠬᠡᠷ᠎ᠠ ᠨᠠᠰᠤᠵᠢᠯ ᠤᠨ ᠲᠠᠭᠠᠳᠬᠠᠯ ᠢ ᠪᠦᠬᠦ ᠤᠯᠤᠰ ᠲᠤ ᠨᠢᠭᠡᠲᠦᠯᠲᠠᠢ ᠲᠦᠯᠦᠪᠵᠢᠭᠦᠯᠬᠦ ᠠᠬᠢᠴᠠ ᠶᠢ ᠲᠦᠷᠭᠡᠳᠭᠡᠵᠦ᠂ ᠪᠦᠬᠦ ᠤᠯᠤᠰ ᠤᠨ ᠬᠡᠪᠴᠢᠶᠠᠠ ᠳᠤ ᠲᠦᠷᠢᠮ ᠢ ᠨᠢᠭᠡᠲᠦᠯᠲᠡᠢ ᠪᠠᠶᠢᠯᠭᠠᠬᠤ ᠪᠦᠭᠡᠳ ᠤᠷᠤᠨ ᠪᠦᠰᠡ ᠶᠢᠨ ᠬᠤᠭᠤᠷᠤᠨᠲᠤ ᠬᠠᠷᠢᠯᠴᠠᠠ ᠬᠠᠪᠰᠤᠷᠤᠯᠴᠠᠵᠦ ᠬᠠᠮᠲᠤ ᠪᠠᠷ ᠲᠤᠰᠠᠯᠠᠯᠴᠠᠬᠤ ᠶᠢ ᠪᠡᠶᠡᠯᠡᠭᠦᠯᠬᠦ ᠬᠡᠷᠡᠭᠲᠡᠢ᠃ ᠭᠠᠵᠠᠷ ᠰᠢᠷᠤᠢ ᠶᠢᠨ ᠬᠠᠮᠢᠶᠠᠷᠤᠯᠲᠠ ᠶᠢᠨ ᠲᠦᠷᠢᠮ ᠳᠤ ᠦᠭᠡᠷᠡᠴᠢᠯᠡᠯᠲᠡ ᠬᠢᠵᠦ᠂ ᠭᠠᠵᠠᠷ ᠰᠢᠷᠤᠢ ᠶᠢᠨ ᠬᠠᠮᠢᠶᠠᠷᠤᠯᠲᠠ ᠶᠢᠨ ᠠᠮᠢᠲᠤᠯᠢᠭ ᠴᠢᠨᠠᠷ ᠢ ᠴᠢᠩᠭᠠᠳᠬᠠᠨ᠂ ᠲᠠᠪᠠᠭᠤᠯᠢᠭ ᠨᠦᠬᠦᠴᠡᠯ ᠲᠠᠢ ᠭᠠᠵᠠᠷ ᠤᠷᠤᠨ ᠢ ᠨᠡᠩ ᠶᠡᠭᠡ ᠬᠦᠭᠵᠢᠯᠲᠠ ᠶᠢᠨ ᠤᠷᠤᠨ ᠵᠠᠢ ᠲᠠᠢ ᠪᠤᠯᠭᠠᠬᠤ ᠭᠡᠷᠡᠭᠲᠡᠢ᠃ ᠡᠨᠧᠷᠬᠢ ᠶᠢᠨ ᠭᠡᠷᠡᠭᠯᠡᠭᠡᠨ ᠤ ᠶᠡᠷᠦᠩᠭᠡᠢ ᠬᠡᠮᠵᠢᠶ᠎ᠠ ᠪᠤᠯᠤᠨ ᠡᠷᠴᠢᠮ ᠤᠨ ᠬᠤᠤᠰ ᠡᠵᠡᠮᠰᠢᠯᠲᠦ ᠲᠦᠷᠢᠮ ᠢ ᠲᠡᠭᠦᠯᠲᠡᠷᠵᠢᠭᠦᠯᠵᠦ᠂ ᠠᠮᠢ ᠠᠬᠤᠢ ᠶᠢᠨ ᠨᠦᠬᠦᠪᠦᠷᠢ ᠶᠢᠨ ᠲᠦᠷᠢᠮ ᠢ ᠪᠦᠬᠦ ᠲᠠᠯ᠎ᠠ ᠪᠠᠷ ᠲᠤᠬᠳᠠᠭᠠᠨ᠂ ᠤᠷᠤᠨ ᠪᠦ᠋ᠰᠡ ᠶᠢᠨ ᠬᠤᠭᠤᠷᠤᠨᠲᠤᠬᠢ ᠠᠰᠢᠭ ᠲᠤᠰᠠ ᠶᠢᠨ ᠨᠦᠬᠦᠪᠦᠷᠢ ᠶᠢᠨ ᠲᠤᠭᠲᠠᠴᠠ ᠪᠤᠯᠤᠨ ᠠᠮᠢ ᠠᠬᠤᠢ ᠶᠢᠨ ᠨᠦᠬᠦᠪᠦᠷᠢ ᠶᠢᠨ ᠭᠤᠯᠳᠤ ᠲᠤᠭᠲᠠᠴᠠ ᠶᠢ ᠪᠦᠷᠢᠠᠰᠢᠭᠦᠯᠬᠦ ᠬᠡᠷᠡᠭᠲᠡᠢ᠃ ᠡᠳ᠋ ᠤᠨ ᠵᠠᠰᠠᠭ ᠠᠴᠠ ᠰᠢᠯᠵᠢᠭᠦᠯᠦᠨ ᠦᠭᠬᠦ ᠲᠦᠷᠢᠮ ᠢ ᠲᠡᠭᠦᠯᠲᠡᠷᠵᠢᠭᠦᠯᠵᠦ᠂ ᠭᠤᠤᠯᠲᠠᠯᠭ᠎ᠠ ᠲᠠᠢ ᠠᠮᠢ ᠠᠬᠤᠢ ᠶᠢᠨ ᠴᠢᠲᠠᠮᠵᠢᠳᠤ ᠤᠷᠤᠨ᠂ ᠲᠠᠷᠢᠶᠠᠯᠠᠩ ᠤᠨ ᠪᠦᠲᠦᠭᠡᠭᠲᠡᠭᠦᠨ ᠤ ᠭᠤᠤᠯ ᠭᠠᠷᠤᠯᠳᠠ ᠶᠢᠨ ᠤᠷᠤᠠ᠂ ᠬᠦᠴᠢᠷᠲᠠᠯᠲᠠᠢ ᠭᠠᠵᠠᠷ ᠤᠷᠤᠨ ᠳᠤ ᠪᠦᠲᠦᠮᠵᠢᠲᠠᠢ ᠪᠠᠷ ᠰᠢᠯᠵᠢᠭᠦᠯᠦᠨ ᠦᠭᠬᠦ ᠭᠡᠷᠡᠭᠲᠡᠢ᠃ ᠵᠡᠭᠦᠨ ᠬᠤᠶᠢᠲᠦ ᠤᠷᠤᠨ ᠤ ᠬᠢᠨ ᠰᠠᠨᠠᠭᠠᠴᠢᠯᠠᠭ᠎ᠠ ᠠᠴᠠ ᠪᠠᠨ ᠠᠵᠦ ᠠᠬᠤᠢ ᠶᠢᠨ ᠪᠦᠲᠦᠴᠡ ᠳᠡᠭᠡᠨ ᠲᠤᠬᠢᠷᠠᠭᠤᠯᠤᠯᠲᠠ ᠬᠢᠵᠦ᠂ ᠠᠵᠦ ᠦᠢᠯᠡᠰ ᠤᠨ ᠤᠯᠠᠠ ᠡᠰᠢᠴᠢᠯᠡᠭᠰᠡᠡ ᠬᠦᠭᠵᠢᠯᠲᠠ ᠶᠢ ᠠᠬᠢᠭᠤᠯᠵᠦ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠦᠭᠡᠷᠡᠴᠢᠯᠡᠯᠲᠡ ᠶᠢ ᠲᠦᠷᠭᠡᠳᠭᠡᠡ᠂ ᠭᠠᠲᠠᠭᠠᠲᠤ ᠨᠡᠭᠡᠭᠡᠯᠲᠡ ᠶᠢᠨ ᠰᠢᠨ᠎ᠠ ᠬᠤᠰᠢᠭᠤᠴᠢ ᠤᠷᠤᠨ ᠢ ᠪᠤᠢ ᠪᠤᠯᠭᠠᠵᠦ᠂ ᠵᠠᠰᠠᠭ ᠤᠨ ᠤᠷᠲᠤᠨ ᠤ ᠦᠢᠯᠡᠳᠦᠯ ᠴᠢᠲᠠᠪᠬᠢ ᠪᠠᠨ ᠲᠦᠷᠭᠡᠳᠬᠡᠨ ᠬᠤᠪᠢᠷᠠᠭᠤᠯᠵᠤ᠂ ᠠᠵᠦ ᠠᠬᠤᠶᠢᠯᠠᠯᠲᠠᠠ ᠤ ᠵᠤᠷᠢᠭ ᠰᠠᠨᠠᠭ᠎ᠠ ᠶᠢ ᠪᠠᠲᠠᠷᠠᠭᠤᠯᠤᠨ᠂ ᠺᠠᠳ᠋ᠷ ᠢ ᠵᠦᠪ ᠴᠢᠭᠯᠡᠯ ᠢᠶᠠᠷ ᠤᠷᠮᠠᠰᠢᠭᠤᠯᠵᠤ᠂ ᠢᠯᠠ ᠲᠤᠲᠤ ᠬᠦᠮᠦᠨ ᠬᠡᠷᠡᠭᠯᠡᠬᠦ ᠤᠲᠤᠷᠢᠲᠤᠮᠵᠢ ᠶᠢ ᠪᠤᠢ ᠪᠤᠯᠭᠠᠨ᠂ ᠪᠦᠬᠦ ᠲᠠᠯ᠎ᠠ ᠪᠠᠷ ᠬᠦᠭᠵᠢᠭᠦᠯᠤᠨ ᠮᠠᠠᠲᠤᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠮᠠᠨ ᠤ ᠤᠯᠤᠰ ᠤᠨ ᠦᠢᠯᠡᠳᠬᠦ ᠦᠢᠯᠡᠰ ᠤᠨ ᠬᠡᠪᠴᠢᠶ᠎ᠡ ᠪᠦᠬᠦ ᠪᠦᠮᠪᠦᠷᠴᠡᠭ ᠤᠨ ᠲᠠᠷᠢᠬᠦᠨ ᠪᠠᠶᠢᠷᠢᠨ ᠳᠤ ᠵᠢᠬᠰᠠᠭᠠᠬᠳᠠᠵᠤ᠂ ᠪᠦᠬᠦ ᠲᠡᠯᠡᠭᠡᠢ ᠶᠢᠨ ᠴᠤᠷ ᠤᠨ ᠭᠠᠭᠴᠠ ᠠᠵᠤ ᠦᠢᠯᠡᠳᠪᠤᠷᠢ ᠶᠢᠨ ᠪᠦᠬᠦ ᠲᠦᠷᠦᠯ ᠵᠦᠢᠯ ᠲᠠᠢ ᠤᠯᠤᠰ ᠪᠤᠯᠪᠠ᠃ ᠬᠦᠴᠦ ᠪᠠᠨ ᠲᠦᠪᠯᠡᠷᠡᠬᠦᠯᠵᠤ ᠶᠡᠭᠡ ᠶᠠᠪᠤᠳᠠᠯ ᠢ ᠪᠦᠳᠦᠭᠡᠬᠦ ᠲᠦᠷᠢᠮ ᠤᠨ ᠲᠠᠪᠠᠭᠤᠯᠢᠭ ᠪᠤᠯᠤᠨ ᠭᠡᠳᠤ ᠶᠡᠭᠡ ᠬᠡᠪᠴᠢᠶ᠎ᠡ ᠪᠦᠬᠦᠢ ᠵᠠᠬ᠎ᠠ ᠲᠡᠯᠬᠡᠬᠦᠷ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠠᠵᠤ ᠦᠢᠯᠡᠰ ᠤᠨ ᠰᠠᠭᠤᠷᠢ ᠴᠢᠳᠠᠪᠤᠷᠢ ᠶᠢ ᠪᠠᠬᠢᠵᠢᠬᠦᠯᠬᠦ ᠪᠠᠷ ᠦᠨᠳᠤᠰᠤ ᠪᠤᠯᠭᠠᠨ᠂ ᠪᠡᠶ᠎ᠡ ᠪᠠᠨ ᠲᠠᠭᠠᠭᠠᠵᠤ ᠡᠵᠡᠮᠳᠡᠵᠤ ᠪᠤᠯᠬᠤ᠂ ᠠᠶᠤᠯᠬᠦᠢ ᠦᠨᠳᠦᠷ ᠪᠦᠳᠦᠮᠵᠢᠲᠠᠢ ᠪᠠᠶᠢᠬᠤ ᠪᠠᠷ ᠬᠠᠷᠠᠯᠳᠠ ᠪᠠᠨ ᠪᠤᠯᠭᠠᠵᠤ᠂ ᠠᠵᠤ ᠠᠬᠤᠶᠢᠯᠡᠯ ᠪᠠ ᠠᠵᠤ ᠠᠬᠤᠶᠢᠯᠠᠯᠳᠠᠨ ᠢᠶᠠᠷ ᠭᠤᠤᠯ ᠴᠤᠬᠴᠠ ᠪᠤᠯᠭᠠᠨ᠂ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠪᠠᠷ ᠪᠠᠳᠤᠯᠠᠭ᠎ᠠ ᠪᠠᠨ ᠪᠤᠯᠭᠠᠵᠤ᠂ ᠭᠡᠷᠡᠭᠯᠡᠭᠡ ᠪᠠᠷ ᠲᠠᠭᠠᠭᠤᠯᠬᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠵᠠᠰᠠᠭ ᠤᠨ ᠤᠷᠳᠤᠨ ᠠᠴᠠ ᠲᠠᠭᠠᠭᠤᠯᠬᠤ ᠪᠠ ᠵᠠᠬ᠎ᠠ ᠲᠡᠯᠬᠡᠬᠦᠷ ᠤᠨ ᠲᠤᠬᠳᠠᠴᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠤ᠂ ᠪᠡᠶ᠎ᠡ ᠪᠠᠨ ᠲᠠᠭᠠᠭᠠᠨ ᠡᠵᠡᠨ ᠮᠡᠳᠡᠬᠦ ᠪᠠ ᠨᠡᠭᠡᠭᠡᠯᠳᠠ ᠬᠢᠵᠤ ᠬᠠᠮᠳᠤᠷᠠᠯᠴᠠᠬᠤ ᠶᠢ ᠬᠠᠷᠢᠯᠴᠠᠨ ᠠᠬᠢᠭᠤᠯᠬᠤ ᠶᠢ ᠪᠠᠷᠢᠮᠳᠠᠯᠠᠨ᠂ ᠠᠵᠥ ᠦᠢᠯᠡᠰ ᠤᠨ ᠰᠠᠭᠤᠷᠢ ᠶᠢ ᠲᠡᠭᠡᠳᠦ ᠲᠡᠰᠵᠢᠬᠦᠯᠬᠦ᠂ ᠠᠵᠤ ᠦᠢᠯᠡᠰ ᠤᠨ ᠬᠡᠯᠬᠢᠶᠡᠵᠢᠯ ᠢ ᠤᠳᠤᠬᠢᠴᠢᠯᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠠᠵᠤ ᠦᠢᠯᠡᠰ ᠤᠨ ᠰᠠᠭᠤᠷᠢ ᠶᠢ ᠲᠠᠬᠢᠨ ᠴᠤᠬᠴᠠᠯᠠᠬᠤ ᠢᠨᠵᠧᠨᠧᠷᠢᠩ ᠢ ᠭᠡᠷᠡᠭᠵᠢᠬᠦᠯᠵᠤ᠂ ᠦᠵᠤ ᠲᠦᠯᠦᠪᠯᠡᠭᠡ ᠶᠢ ᠰᠠᠶᠢᠳᠤᠷ ᠬᠢᠵᠤ᠂ ᠢᠨᠵᠧᠨᠧᠷᠢᠩ ᠤᠨ ᠭᠤᠤᠯᠳᠠᠯᠭ᠎ᠠ ᠶᠢ ᠲᠤᠳᠤᠷᠬᠠᠶᠢᠯᠠᠨ᠂ ᠲᠦᠷᠦᠯ ᠬᠤᠪᠢᠶᠠᠨ ᠵᠤᠬᠢᠶᠠᠨ ᠪᠠᠶᠢᠭᠤᠯᠤᠨ ᠭᠡᠷᠡᠭᠵᠢᠬᠦᠯᠵᠤ᠂ ᠪᠡᠶ᠎ᠡ ᠪᠠᠨ ᠲᠠᠭᠠᠭᠠᠬᠤ ᠴᠢᠳᠠᠪᠤᠷᠢ ᠪᠠᠨ ᠴᠢᠩᠭᠠᠳᠬᠠᠬᠤ ᠭᠡᠷᠡᠭᠳᠠᠢ ᠃ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠪᠠ ᠪᠦᠬᠦ ᠲᠠᠯ᠎ᠡ ᠶᠢᠨ ᠴᠢᠨᠠᠷᠳᠠᠢ ᠠᠵᠤ ᠦᠢᠯᠡᠰ ᠤᠨ ᠬᠡᠯᠬᠢᠶᠡᠵᠢᠯ ᠢ ᠡᠬᠦᠳᠤᠨ ᠪᠠᠶᠢᠭᠤᠯᠵᠤ᠂ ︽ᠪᠠᠬᠢᠵᠢᠬᠦᠯᠬᠦ᠂ ᠴᠢᠩᠭᠠᠷᠠᠭᠤᠯᠬᠤ᠂ ᠲᠡᠭᠡᠭᠰᠢᠯᠡᠬᠦᠯᠬᠦ᠂ ᠰᠢᠯᠤᠭᠤᠳᠬᠠᠬᠤ︾ ᠴᠢᠭᠯᠡᠯᠳᠠ ᠶᠢᠨ ᠲᠤᠭᠤᠷᠢᠨ ᠳᠤ ᠲᠡᠭᠡᠳᠤ ᠲᠤᠤᠷᠠᠳᠤ ᠤᠷᠤᠰᠬᠠᠯ ᠤᠨ ᠠᠵᠤ ᠠᠬᠤᠶᠢᠢᠯᠡᠯ ᠤᠳ ᠤᠨ ᠠᠵᠤ ᠦᠢᠯᠡᠰ ᠤᠨ ᠬᠠᠮᠵᠢᠯᠴᠠᠭ᠎ᠠ ᠬᠢᠬᠦ ᠪᠠ ᠮᠡᠷᠭᠡᠵᠢᠯ ᠤᠨ ᠲᠠᠯ᠎ᠡ ᠪᠠᠷ ᠬᠠᠮᠳᠤᠷᠠᠯᠴᠠᠵᠤ ᠪᠤᠭᠤᠮᠳᠠ ᠰᠢᠪᠳᠤᠯᠬᠤ ᠪᠠᠨ ᠴᠢᠩᠭᠠᠳᠬᠠᠬᠤ ᠶᠢ ᠨᠢ ᠲᠠᠮᠵᠢᠵᠤ᠂ ᠠᠵᠤ ᠦᠢᠯᠡᠰ ᠤᠨ ᠬᠡᠯᠬᠢᠶᠡᠵᠢᠯ ᠤᠨ ᠤᠶᠠᠨ ᠬᠠᠳᠠᠨ ᠴᠢᠨᠠᠷ ᠢ ᠴᠢᠩᠭᠠᠳᠬᠠᠨ᠂ ᠠᠵᠤ ᠦᠢᠯᠡᠰ ᠤᠨ ᠬᠡᠯᠬᠢᠶᠡᠵᠢᠯ ᠤᠨ ᠲᠦᠪᠰᠢᠨ ᠢ ᠲᠡᠭᠡᠭᠰᠢᠯᠡᠬᠦᠯᠵᠤ᠂ ᠨᠡᠭᠡᠭᠡᠯᠳᠠ ᠬᠢᠵᠤ ᠬᠠᠮᠳᠤᠷᠠᠯᠴᠠᠬᠤ ᠲᠤᠮᠳᠠ ᠨᠡᠩ ᠴᠢᠩᠭ᠎ᠠ ᠰᠢᠨ᠎ᠡ ᠶᠢ ᠡᠬᠦᠳᠬᠦ ᠬᠦᠴᠦᠨ ᠲᠠᠢ᠂ ᠨᠡᠩ ᠦᠨᠳᠦᠷ ᠨᠡᠮᠡᠯᠳᠠ ᠦᠷᠳᠡᠭ ᠲᠠᠢ ᠠᠵᠤ ᠦᠢᠯᠡᠰ ᠤᠨ ᠬᠡᠯᠬᠢᠶᠡᠵᠢᠯ ᠢ ᠪᠦᠷᠢᠯᠳᠦᠬᠦᠯᠬᠦ ᠭᠡᠷᠡᠭᠳᠠᠢ᠃ ᠨᠡᠶᠢᠳᠡᠯᠢᠭ ᠴᠢᠨᠠᠷᠳᠠᠢ ᠮᠡᠷᠭᠡᠵᠢᠯ ᠤᠨ ᠲᠡᠪᠴᠠᠩ ᠢ ᠪᠠᠶᠢᠭᠤᠯᠵᠤ᠂ ᠠᠵᠢᠯ ᠲᠦᠷᠦᠯ ᠠᠯᠤᠰᠯᠠᠬᠰᠡᠨ᠂ ᠬᠦᠷᠢᠶ᠎ᠡ ᠴᠠᠷᠠᠭ᠎ᠠ ᠠᠯᠤᠰᠯᠠᠬᠰᠡᠨ ᠵᠠᠩᠭᠢᠯᠠᠭ᠎ᠠ ᠶᠢᠨ ᠨᠡᠶᠢᠳᠡᠯᠢᠭ ᠴᠢᠨᠠᠷᠳᠠᠢ ᠮᠡᠷᠭᠡᠵᠢᠯ ᠤᠨ ᠠᠰᠠᠭᠤᠳᠠᠯ ᠢ ᠰᠢᠢᠳᠪᠤᠷᠢᠯᠡᠬᠦ ᠭᠡᠷᠡᠭᠳᠠᠢ᠃ ᠠᠵᠤ ᠠᠬᠤᠶᠢᠯᠠᠯᠳᠠᠨ ᠤ ᠵᠤᠷᠢᠭ ᠰᠠᠨᠠᠭ᠎ᠠ ᠪᠤᠯᠤᠨ ᠤᠷᠠᠨ ᠲᠠᠷᠬᠠᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ ᠪᠦᠯᠦᠭ ︽ᠲᠤᠰᠬᠠᠢ᠂ ᠲᠡᠷᠢᠭᠦᠨ ᠤ᠂ ᠤᠨᠴᠠ᠂ ᠰᠢᠨ᠎ᠡ︾ ᠲᠤᠮᠳᠠ ᠪᠠᠭ᠎ᠠ ᠠᠵᠤ ᠠᠬᠤᠶᠢᠯᠡᠯ ᠢ ᠪᠤᠶᠢᠵᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃ᠲᠦᠪ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠭᠡᠰᠢᠬᠦᠳ ᠬᠤᠷᠠᠯ ᠳᠤ ᠤᠷᠤᠯᠴᠠᠵᠤ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号