8 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶ᠎ᠠ ᠪᠠᠶᠢᠩᠭᠤ ᠶᠢᠨ ᠭᠡᠰᠢᠭᠦᠳ ᠤᠨ ᠬᠤᠷᠠᠯ | ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠵᠦ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠵᠢᠴᠢ ᠬᠤᠰᠢᠭᠤ ᠨᠠᠮ ᠤᠨ | ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ | ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠶ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ | ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠤᠨ ᠭᠠᠨᠰᠤ ᠳᠤ ᠰᠢᠨᠵᠢᠯᠡᠨ ᠪᠠᠶᠢᠴᠠᠭᠠᠯᠳᠠ ᠭᠢᠭᠦ ᠥᠶ᠎ᠠ ᠶᠢᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠶᠡᠷᠦᠩᠬᠡᠶ ᠱᠦᠵᠢ ᠰᠢ ᠶᠢᠨ ᠫᠢᠩ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠰᠲ᠋ᠧᠮ ᠤᠨ ᠢᠯᠵᠢᠷᠠᠮᠠᠯ ᠤᠨ ᠠᠰᠠᠭᠤᠳᠠᠯ ᠤᠨ ᠲᠤᠰᠬᠠᠶ ᠵᠠᠰᠠᠯᠲᠠ ᠶᠢᠨ ᠠᠵᠢᠯ ᠢ ᠭᠦᠨᠵᠡᠭᠡᠶ | ᠠᠬᠢᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠳᠠᠬᠢᠨ ᠰᠤᠷᠤᠯᠴᠠᠵᠤ ᠪᠦᠬᠦ ᠬᠤᠰᠢᠭᠤᠨ ᠤ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠥᠥᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠷᠢᠴᠠᠭᠤᠯᠤᠨ | ᠪᠠᠶᠢᠴᠠᠭᠠᠭᠰᠠᠨ ᠮᠠᠲ᠋ᠧᠷᠢᠶᠠᠯ︾᠂ ︽ᠥᠥᠰᠢᠨ ᠬᠤᠰᠢᠭᠤᠨ ᠤ ᠠᠯᠪᠠᠲᠠᠨ ᠤ ᠲᠤᠰᠢᠶᠠᠯ ᠪᠣᠯᠤᠨ ᠲᠤᠰᠢᠶᠠᠯ ᠤᠨ ᠲᠡᠰ | ᠢ ᠵᠡᠷᠭᠡᠪᠠᠷ ᠶᠠᠪᠤᠭᠳᠠᠭᠤᠯᠬᠤ ᠳᠦᠷᠢᠮ ᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠠᠰᠢᠷᠠᠮ ᠳᠤ ᠪᠢᠳᠠ | ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠲᠠᠢ ᠤᠬᠠᠮᠰᠠᠷ ᠠᠴᠠ ᠪᠠᠨ ᠨᠢᠭᠡᠳᠬᠡᠵᠦ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ | ᠠᠴᠢ ᠬᠤᠯᠪᠣᠭᠳᠠᠯ ᠢ ᠭᠦᠨᠵᠡᠭᠡᠶ ᠲᠠᠨᠢᠨ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠢ | ᠪᠠᠲᠤ ᠡᠵᠡᠮᠳᠡᠵᠦ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠡᠷᠡᠰ | ᠨᠠᠶᠢᠳᠠᠪᠤᠷᠢᠵᠢᠭᠤᠯᠤᠨ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ | ᠬᠡᠷᠡᠭᠲᠡᠶ ᠭᠡᠵᠡᠢ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠲᠣᠭᠤᠷᠢᠨ ᠪᠠᠶᠢᠴᠠᠭᠠᠬᠤ ᠪᠣᠯ ᠨᠠᠮ ᠤᠨ ᠳᠦᠷᠢᠮ ᠠᠴᠠ | ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠳᠦᠷᠢᠮ ᠤᠨ ᠲᠣᠬᠢᠷᠠᠭᠤᠯᠤᠯᠲᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠴᠢᠬᠤᠯᠠ | ᠠᠷᠭ᠎ᠠ ᠪᠠᠷᠢᠯ ᠪᠠ ᠬᠦᠴᠦᠲᠡᠶ ᠲᠤᠯᠭᠠᠭᠤᠷᠢᠯᠠᠯ ᠪᠤᠯᠤᠨ᠎ᠠ᠃ ᠣᠯᠠᠨ ᠢᠶᠠᠷ ᠢᠶᠠᠨ ᠤᠯᠤᠰ ᠲᠥᠷᠥ ᠶᠢᠨ ᠵᠤᠭᠰᠤᠴᠠ | ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠭᠤᠷᠪᠠᠳᠤᠭᠠᠷ ᠲᠤᠭᠤᠷᠢᠨ ᠪᠠᠶᠢᠴᠠᠭᠠᠯᠳᠠ ᠶᠢᠨ ᠲᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠦᠷᠦᠭᠦᠯᠡᠨ ᠠᠳᠬᠤᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠲᠣᠭᠤᠷᠢᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠲᠣᠭᠤᠷᠢᠨ | ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭ᠎ᠠ ᠠᠳᠬᠤᠵᠤ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠥᠨᠳᠥᠷ ᠪᠠᠷᠢᠮᠵᠢᠶ᠎ᠠ᠂ ᠥᠨᠳᠤᠷ ᠶᠠᠰᠤ ᠴᠢᠨᠠᠷ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠵᠢᠴᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠬᠢᠨ ᠤᠯᠤᠰ | ᠲᠥᠷᠥ ᠶᠢᠨ ᠵᠤᠭᠰᠤᠴᠠ ᠪᠠᠨ ᠦᠨᠡᠨᠬᠦ ᠳᠡᠭᠡᠭᠰᠢᠯᠡᠭᠦᠯᠵᠦ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠠᠰᠠᠭᠤᠳᠠᠯ ᠢ | ᠡᠷᠢᠨ ᠭᠤᠤᠯᠳᠠᠯᠭ᠎ᠠ ᠲᠠᠢ ᠠᠰᠠᠭᠤᠳᠠᠯ ᠤᠨ ᠨᠠᠷᠢᠨ ᠳᠠᠩᠰᠠ ᠶᠢ ᠵᠢᠭᠰᠠᠭᠠᠵᠦ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠡᠬᠡ ᠳᠠᠩᠰᠠ ᠶᠢ ᠲᠤᠭᠳᠠᠭᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ | ᠢᠯᠵᠢᠷᠠᠮᠠᠯ ᠢ ᠡᠰᠠᠷᠭᠦᠴᠠᠭᠦ ᠠᠰᠠᠭᠤᠳᠠᠯ ᠤᠨ ᠲᠤᠰᠬᠠᠶ ᠵᠠᠰᠠᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠶ ᠭᠡᠵᠡᠢ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ ᠲᠠᠯ᠎ᠠ ᠪᠠᠷ | ᠡᠷᠳᠡᠨᠢᠪᠢᠯᠢᠭ ᠡᠮᠦᠨᠡᠬᠢ ᠨᠢᠭᠡ ᠱᠠᠲᠤᠨ ᠤ ᠠᠵᠢᠯ ᠳᠤ ᠨᠤᠳᠠᠯᠠᠯᠠᠳᠠ ᠥᠭᠴᠤ ᠲᠠᠷᠠᠭᠠᠴᠢ ᠶᠢᠨ ᠠᠯᠬᠤᠮ ᠤᠨ | ᠠᠵᠢᠯ ᠤᠨ ᠲᠤᠬᠠᠢ ᠴᠢᠬᠤᠯᠠᠴᠢᠯᠠᠬᠤ ᠳᠤ ᠪᠠᠨ᠂ ᠰᠢᠷᠭᠠᠭᠤ ᠠᠵᠢᠯᠯᠠᠬᠤ ᠵᠣᠷᠢᠭ ᠰᠠᠨᠠᠭ᠎ᠠ ᠶᠢ ᠦᠷᠭᠦᠯᠵᠢᠯᠡᠨ | ᠪᠠᠳᠠᠷᠠᠭᠤᠯᠵᠤ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ ᠲᠥᠪ ᠤᠨ ᠱᠠᠯᠠᠪᠳᠠᠭᠤᠯᠤᠨ ᠵᠢᠯᠣᠭᠤᠳᠬᠤ | ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡ ᠲᠥᠷᠤᠯ ᠤᠨ | ᠤᠯᠤᠰ ᠲᠥᠷᠥ ᠶᠢᠨ ᠡᠭᠦᠷᠭᠡ ᠪᠤᠯᠭᠠᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠶ᠃ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠬᠡ ᠪᠠᠨ ᠨᠡᠮᠡᠭᠳᠡᠭᠦᠯᠤᠨ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠠᠰᠠᠭᠤᠳᠠᠯ ᠤᠨ ᠰᠦᠪᠡᠭᠴᠢ ᠶᠢ ᠪᠠᠶᠢᠴᠠᠭᠠᠨ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠪᠣᠯᠤᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶ ᠠᠬᠢᠭᠤᠯᠬᠤ ᠬᠡᠷᠡᠭᠲᠡᠶ᠃ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠵᠦ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠪᠣᠯᠤᠨ ᠡᠯ᠎ᠡ | ᠰᠠᠯᠠᠭ᠎ᠠ ᠮᠥᠴᠢᠷ ᠤᠨ ᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠨᠠᠶᠢᠳᠠᠪᠤᠷᠢᠵᠢᠭᠤᠯᠤᠯᠲᠠ ᠶᠢ ᠠᠳᠬᠤᠨ ᠬᠠᠷᠢᠯᠴᠠᠨ ᠬᠠᠮᠵᠢᠯᠴᠠᠵᠤ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ᠰᠢᠨ᠎ᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠡᠢ᠃ | ᠬᠤᠷᠠᠯ ᠠᠴᠠ ᠪᠠᠰᠠ ᠪᠤᠰᠤᠳ ᠵᠥᠢᠯᠡᠰ ᠢ ᠰᠤᠳᠤᠯᠪᠠ᠃ |