ᠦᠦᠰᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠲᠠᠷᠢᠵᠤ ᠠᠷᠠᠴᠢᠯᠠᠬᠤ ᠪᠤᠯᠪᠠᠰᠤᠷᠠᠯ ᠵᠢᠴᠢ ᠲᠤᠷᠰᠢᠯᠭ᠎ᠠ ᠰᠤᠯᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-08-29
     ᠤᠶᠢᠷ᠎ᠠ ᠶᠢᠨ ᠡᠳᠤᠷ᠂ ᠮᠠᠨ ᠤ ᠬᠤᠰᠢᠭᠤᠨ ᠤ ᠠᠵᠤ ᠦᠶᠯᠡᠳᠪᠦᠷᠢ ᠮᠡᠳᠡᠭᠡ ᠵᠠᠩᠬᠢᠴᠢᠯᠡᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠡᠷᠭᠢᠯᠡᠭᠰᠠᠨ ᠪᠦᠬᠦ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠲᠠᠷᠢᠵᠤ ᠠᠷᠠᠴᠢᠯᠠᠬᠤ ᠪᠤᠯᠪᠠᠰᠤᠷᠠᠯ ᠵᠢᠴᠢ ᠲᠤᠷᠰᠢᠯᠭ᠎ᠠ ᠰᠤᠯᠢᠯᠴᠠᠬᠤ ᠬᠤᠷᠠᠯ ᠬᠤᠰᠢᠭᠤ ᠵᠠᠰᠠᠭ ᠵᠠᠬᠢᠷᠭᠠᠨ ᠤ ᠤᠶᠢᠯᠡᠴᠢᠯᠡᠭᠡᠨ ᠤ ᠲᠦᠪ ᠲᠤ ᠶᠠᠪᠤᠭᠳ᠋ᠪᠠ᠃ ᠬᠤᠰᠢᠭᠤ ᠠᠵᠤ ᠦᠶᠯᠡᠳᠪᠦᠷᠢ ᠮᠡᠳᠡᠭᠡ ᠵᠠᠩᠬᠢᠴᠢᠯᠡᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠭᠤᠤᠯ ᠬᠠᠷᠢᠭᠤᠴᠯᠠᠭᠠᠳᠠᠨ ᠪᠤᠯᠤᠨ ᠮᠠᠨ ᠤ ᠬᠤᠰᠢᠭᠤᠨ ᠤ 50 ᠭᠠᠷᠤᠶ ᠮᠠᠯᠴᠢᠨ ᠲᠠᠷᠢᠶᠠᠴᠢᠨ ᠪᠤᠯᠪᠠᠰᠤᠷᠠᠯ ᠳᠤ ᠤᠷᠤᠯᠴᠠᠭᠰᠠᠨ ᠪᠠᠶᠢᠨ᠎ᠠ᠃      ᠪᠤᠯᠪᠠᠰᠤᠷᠠᠯ ᠲᠡᠭᠡᠷ᠎ᠡ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠣᠹᠧᠰᠰᠣᠷ ᠢ ᠤᠷᠢᠵᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠲᠠᠷᠢᠮᠠᠯ᠂ ᠶᠠᠰᠤ ᠴᠢᠨᠠᠷ ᠤᠨ ᠰᠣᠩᠭᠤᠯᠲᠠ ᠪᠤᠯᠤᠨ ᠵᠠᠬ᠎ᠠ ᠳᠡᠯᠭᠡᠭᠦᠷ ᠤᠨ ᠵᠠᠳᠠᠯᠤᠯᠲᠠ ᠵᠡᠷᠭᠡ ᠲᠠᠯ᠎ᠠ ᠶᠢᠨ ᠮᠡᠷᠭᠡᠵᠢᠯ ᠳᠤ ᠲᠠᠶᠢᠯᠤᠮᠵᠢ ᠬᠢᠯᠭᠡᠭᠰᠡᠨ ᠪᠠᠶᠢᠨ᠎ᠠ᠃ ᠪᠣᠯᠪᠠᠰᠤᠷᠠᠯ ᠤᠨ ᠳᠠᠷᠠᠭ᠎ᠠ᠂ ᠪᠤᠯᠪᠠᠰᠤᠷᠠᠯ ᠳᠤ ᠤᠷᠤᠯᠴᠭᠰᠠᠳ ᠣᠷᠳᠣᠰ ᠬᠤᠲᠠ ᠶᠢᠨ ᠮᠦᠸᠧ ᠬᠠᠶ ᠶᠢᠨ ᠬᠢᠲᠠᠳ ᠡᠪᠡᠰᠦᠨ ᠡᠮ ᠤᠨ ᠲᠠᠷᠢᠮᠠᠯ ᠤᠨ ᠬᠢᠵᠠᠭᠠᠷᠲᠤ ᠺᠣᠮᠫᠠᠨᠢ᠂ ᠬᠤᠵᠢᠷᠲᠤ ᠶᠢᠨ ᠪᠠᠨ ᠯᠠᠨ ᠭᠧᠨ ᠲᠠᠷᠢᠮᠠᠯ ᠤᠨ ᠬᠤᠷᠰᠢᠶᠠᠵᠢᠯ ᠳᠤ ᠭᠥᠷᠴᠤ ᠰᠢᠨᠵᠢᠯᠡᠨ ᠰᠤᠷᠤᠯᠴᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号