ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠧᠶ ᠯᠦ ᠰᠦᠯᠳᠡ ᠰᠤᠮᠤᠨ ᠳᠤ ᠬᠦᠷᠴᠤ ᠪᠠᠶᠢᠴᠠᠭᠠᠨ ᠰᠤᠳᠤᠯᠤᠯᠲᠠ ᠭᠢᠪᠡ
ᠨᠡᠶᠢᠲᠡᠯᠡᠭᠰᠡᠨ ᠴᠠᠭ᠄
2019-08-29
     8 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠰᠥᠯᠳᠠ ᠰᠤᠮᠤᠨ ᠳᠤ ᠬᠦᠷᠴᠤ ᠣᠢ ᠰᠢᠭᠤᠶ ᠡᠪᠡᠰᠦ ᠪᠡᠯᠴᠢᠭᠡᠷ ᠢ ᠲᠠᠭᠠᠭᠤᠯᠢ ᠤᠳᠤᠨ ᠠᠯᠤᠰ ᠡᠵᠡᠮᠰᠢᠯᠳᠤ ᠵᠢᠷᠤᠭ ᠲᠥᠷᠰᠤ ᠪᠠᠷ ᠪᠠᠶᠢᠴᠠᠭᠠᠬᠤ ᠬᠠᠤᠯᠢ ᠭᠡᠷᠡᠭᠵᠢᠭᠦᠯᠥᠯᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠭᠢᠪᠠ᠃ ᠬᠤᠰᠢᠭᠤ ᠤᠳᠤᠷᠢᠳᠤᠯᠭ᠎ᠠ ᠪᠠᠶᠠᠨᠴᠡᠩᠭᠡᠯ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠶ᠂ ᠣᠢ ᠰᠢᠭᠤᠶ ᠡᠪᠡᠰᠦ ᠪᠡᠯᠴᠢᠭᠡᠷ ᠂ ᠶᠠᠳᠠᠭᠤ ᠶᠢ ᠲᠡᠳᠬᠦᠬᠦ ᠵᠡᠷᠭᠡ ᠰᠠᠯᠠᠭ᠎ᠠ ᠮᠥᠴᠢᠷ ᠪᠣᠯᠤᠨ  ᠰᠥᠯᠳᠠ ᠰᠤᠮᠤᠨ ᠤ ᠬᠠᠷᠢᠭᠤᠴᠠᠯᠭᠠᠲᠠᠨ ᠪᠠᠷᠠᠳᠠᠨ ᠪᠠᠶᠢᠴᠠᠭᠠᠨ ᠰᠤᠳᠤᠯᠤᠯᠲᠠ ᠬᠢᠪᠡ᠃
     ᠵᠤᠤ ᠹᠧᠶ ᠯᠦ ᠨᠠᠷ ᠤᠷᠢᠳ ᠬᠤᠵᠢᠳ ᠱᠠᠷᠯᠢᠭ ᠭᠠᠴᠠᠭ᠎ᠠ᠂ ᠮᠥᠭᠦ ᠶᠢᠨ ᠴᠠᠶᠢᠳᠠᠮ ᠲᠣᠰᠬᠤᠨ ᠵᠡᠷᠭᠡ ᠭᠠᠵᠠᠷ ᠲᠤ ᠬᠦᠷᠴᠦ ᠳᠠᠩᠰᠠ ᠡᠪᠬᠡᠮᠡᠯ ᠢ ᠴᠡᠭᠴᠡᠯᠡᠨ ᠰᠠᠶᠢᠵᠢᠷᠠᠭᠤᠯᠤᠭᠰᠠᠨ ᠂ ᠤᠷᠭᠤᠮᠠᠯ ᠤᠨ ᠪᠦᠷᠬᠦᠴᠡ ᠶᠢ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠥᠵᠠᠵᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠤᠯᠢᠯᠴᠠᠨ ᠶᠠᠳᠠᠭᠤ ᠬᠦᠴᠢᠷᠳᠡᠯᠲᠡᠶ ᠡᠷᠦᠬᠡ ᠪᠣᠯᠤᠨ ᠳ᠋ᠢᠩ ᠰᠢᠶᠠᠩ ᠮᠥᠭᠦ ᠶᠢ ᠪᠤᠶᠢᠵᠢᠭᠤᠯᠬᠤ᠂ ᠠᠮᠢᠳᠤ ᠪᠣᠳᠠᠰ ᠤᠨ ᠲᠡᠵᠢᠭᠡᠯ ᠪᠣᠷᠳᠤᠭ᠎ᠠ ᠥᠢᠯᠡᠳᠪᠤᠷᠢᠯᠠᠭᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠦᠨᠳᠦᠰᠦᠨ ᠱᠠᠲᠤᠨ ᠤ ᠠᠵᠢᠯᠯᠠᠭᠠᠨ ᠤ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠪᠠ᠃
     ᠵᠤᠤ ᠹᠧᠶ ᠯᠦ ᠵᠢᠭᠠᠵᠤ ᠭᠠᠷᠭᠠᠭᠰᠠᠨ ᠨᠢ᠂ ᠣᠯᠠᠨ ᠵᠢᠯ ᠤᠨ ᠲᠤᠷᠰᠢ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠪᠦᠲᠦᠭᠡᠨ ᠪᠠᠶᠢᠭᠤᠯᠤᠯᠲᠠ ᠪᠠᠷ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠶ ᠪᠤᠯᠤᠭᠰᠠᠨ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ︽ᠭᠥᠭᠡᠮᠳᠤᠭ᠌ ᠠᠭᠤᠯᠠ ᠴᠡᠩᠬᠡᠭ ᠤᠰᠤ ᠪᠤᠯ ᠳᠠᠷᠤᠢ ᠠᠯᠳᠠ ᠮᠦᠩᠬᠦᠨ ᠠᠭᠤᠯᠠ ᠮᠥᠨ︾ ᠭᠡᠭᠦ ᠣᠶᠢᠯᠠᠭᠠᠭᠳᠠᠬᠤᠨ ᠢ ᠪᠠᠲᠤ ᠪᠠᠭᠢ ᠪᠣᠶ ᠪᠤᠯᠭᠠᠨ ᠨᠤᠲᠤᠭ ᠳᠡᠪᠢᠰᠬᠡᠷ ᠢᠶᠠᠨ ᠰᠠᠬᠢᠵᠤ ᠬᠠᠷᠢᠭᠤᠴᠠᠯᠭ᠎ᠠ ᠪᠠᠨ ᠭᠥᠢᠴᠡᠳᠭᠡᠨ ᠣᠷᠣᠰᠢᠵᠤ ᠪᠠᠶᠢᠭ᠎ᠠ ᠠᠰᠠᠭᠤᠳᠠᠯ ᠢᠶᠠᠨ ᠯᠠᠪᠳᠠᠭᠤᠨ ᠪᠠᠲᠤᠲᠠᠶ ᠴᠡᠭᠴᠡᠯᠡᠨ ᠰᠠᠶᠢᠵᠢᠷᠠᠭᠤᠯᠵᠤ ᠣᠢ ᠰᠢᠭᠤᠶ ᠶᠢ ᠡᠪᠳᠡᠵᠦ ᠠᠲᠠᠷ ᠬᠠᠭᠠᠯᠪᠤᠷᠢᠯᠠᠬᠤ᠂ ᠨᠤᠲᠤᠭ ᠪᠡᠯᠴᠢᠭᠡᠷ ᠢ ᠡᠵᠡᠯᠡᠬᠦ ᠵᠡᠷᠭᠡ  ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠦᠨᠡᠨᠬᠦ ᠰᠠᠶᠢᠲᠤᠷ ᠵᠠᠮᠨᠠᠬᠤ ᠬᠡᠷᠡᠭᠲᠡᠶ ᠭᠡᠵᠡᠢ᠃
     ᠵᠤᠤ ᠹᠧᠶ ᠯᠦ ᠴᠢᠬᠤᠯᠠᠴᠢᠯᠠᠬᠤ ᠳᠤ ᠪᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠣᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ ᠰᠶᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠰᠢᠨ᠎ᠡ ᠴᠠᠭ ᠣᠶᠢᠶ᠎ᠠ ᠳᠤ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠭᠠᠷᠲᠠᠨ ᠮᠥᠨ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠳᠠᠭᠠᠭᠤᠯᠤᠭᠴᠢ︾ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠲᠥᠷᠥᠯ ᠵᠥᠢᠯ ᠢ ᠣᠨᠣᠪᠴᠢᠲᠠᠶ ᠰᠣᠩᠭᠤᠬᠤ ᠶᠢ ᠪᠠᠷᠢᠮᠲᠠᠯᠠᠵᠦ ᠮᠠᠯᠴᠢᠨ ᠲᠠᠷᠢᠶᠠᠴᠢᠨ ᠢ ᠳᠠᠭᠠᠭᠤᠯᠤᠨ  ᠣᠨᠴᠠᠯᠢᠭᠲᠤ ᠠᠵᠤ ᠥᠢᠯᠡᠰ ᠢ ᠯᠠᠪᠳᠠᠭᠤᠨ ᠢᠶᠠᠷ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠶ᠃ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠣᠶᠢᠯᠠᠭᠠᠭᠳᠠᠬᠤᠨ ᠢ ᠬᠤᠪᠢᠷᠠᠭᠤᠯᠤᠨ ᠤᠷᠴᠢᠨ ᠲᠤᠭᠤᠷᠢᠨ ᠡᠷᠡᠭᠦᠯ ᠬᠠᠮᠠᠭᠠᠯᠠᠯ ᠢ ᠴᠡᠭᠴᠡᠯᠠᠨ ᠵᠠᠰᠠᠵᠦ ᠪᠣᠯᠪᠠᠰᠤᠨ ᠨᠤᠲᠤᠭ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠤᠯᠭᠠᠬᠤ ᠬᠡᠷᠡᠭᠲᠡᠶ ᠭᠡᠵᠡᠢ᠃
     ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ ᠵᠤᠤ ᠹᠧᠶ ᠯᠦ ᠨᠠᠷ ᠲᠠᠩᠰᠠ ᠪᠠᠶᠢᠭᠤᠯᠤᠨ ᠺᠠᠷᠲ ᠵᠤᠭᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠮᠥᠩᠬᠦᠨᠴᠢᠯᠠᠭᠤ᠂ ᠭᠤᠤ ᠽᠢ ᠺᠤᠸᠠᠨ ᠤ ᠭᠡᠷ ᠲᠤ ᠬᠦᠷᠴᠦ ᠰᠢᠨ᠎ᠡ ᠪᠠᠷ ᠪᠠᠷᠢᠵᠤ ᠪᠠᠶᠢᠭ᠎ᠠ‌‍ᠭᠡᠷ ᠪᠠᠶᠢᠰᠢᠩ ᠤᠨ ᠪᠠᠷᠢᠯᠭ᠎ᠠ ᠶᠢᠨ ᠠᠬᠢᠴᠠ ᠪᠣᠯᠤᠨ ᠡᠨᠡ ᠵᠢᠯ ᠤᠨ ᠲᠠᠷᠢᠮᠠᠯ ᠲᠠᠵᠢᠭᠡᠪᠤᠷᠢ  ᠶᠢᠨ ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ ᠲᠡᠳᠡᠨ ᠤ ᠢᠲᠡᠭᠡᠯ ᠵᠣᠷᠢᠭ ᠢᠶᠠᠨ ᠭᠥᠪᠴᠢᠯᠠᠨ ᠨᠠᠮ ᠵᠠᠰᠠᠭ  ᠤᠨ ᠬᠠᠪᠰᠤᠷᠤᠯᠭ᠎ᠠ ᠪᠠᠷ ᠬᠤᠪᠢ ᠬᠥᠮᠦᠨ ᠤ ᠬᠥᠳᠡᠯᠮᠦᠷᠢ ᠪᠠᠷ ᠳᠠᠮᠵᠢᠨ ᠡᠷᠲᠡᠬᠡᠨ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠶᠢ ᠵᠣᠷᠢᠭᠵᠢᠭᠤᠯᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号