| | | | | 8 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠣᠭᠤᠷᠢᠨ | ᠪᠠᠶᠢᠴᠠᠭᠠᠯᠳᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠲᠤᠰᠬᠠᠶ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠨᠢᠭᠡᠳᠦᠭᠡᠷ ᠲᠠᠰᠤᠭ ᠤᠨ ᠡᠷᠬᠢᠯᠡᠭᠴᠢ ᠯᠢ ᠪᠢᠩ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ ᠯᠢᠦ ᠬᠠᠢ ᠶᠤᠸᠠᠨ ᠬᠤᠷᠠᠯ ᠳᠤ ᠵᠢᠯᠤᠭᠤᠳᠤᠯᠭ᠎ᠠ | ᠭᠢᠵᠤ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠤᠤ ᠹᠧᠶ ᠯᠦ ᠪᠤᠯᠤᠨ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ | ᠬᠤᠷᠠᠯ ᠳᠤ ᠣᠷᠣᠯᠴᠠᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ | ᠸᠧᠶ ᠬᠤᠷᠠᠯ ᠳᠤ ᠰᠤᠯᠠ ᠤᠷᠤᠯᠴᠠᠪᠠ᠃ | ᠬᠤᠷᠠᠯ ᠳᠡᠭᠡᠷ᠎ᠡ ᠡᠷᠳᠡᠨᠢᠪᠢᠯᠢᠭ ᠡᠩ ᠲᠡᠷᠢᠭᠦᠨ ᠳᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠭᠰᠠᠨ ᠪᠠᠶᠢᠴᠠᠭᠠᠯᠳᠠ ᠭᠢᠪᠠ᠃ ᠡᠯ᠎ᠡ ᠪᠠᠶᠢᠩᠭᠤ ᠶᠢᠨ | ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠳᠡᠰ ᠳᠠᠷᠠᠭᠠᠯᠠᠨ ᠶᠠᠷᠢᠶ᠎ᠠ ᠲᠠᠯᠪᠢᠵᠤ ︽ᠵᠢᠷᠭᠤᠭ᠎ᠠ ᠶᠢᠨ | ᠲᠣᠭᠤᠷᠢᠨ ᠳᠤ᠂ ᠨᠢᠭᠡ ᠶᠢ ᠴᠢᠩᠭᠠᠳᠬᠠᠬᠤ︾ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠲᠠᠢ ᠨᠢᠭᠲᠠ | ᠬᠠᠷᠢᠴᠠᠭᠤᠯᠤᠨ ᠪᠠᠶᠢᠩᠭᠤ ᠶᠢᠨ ᠭᠡᠰᠢᠭᠦᠳ ᠲᠣᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢ | ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠬᠠᠷᠢᠴᠠᠭᠤᠯᠤᠨ ᠪᠠᠶᠢᠴᠠᠭᠠᠵᠤ᠂ ᠠᠰᠠᠭᠤᠳᠠᠯ ᠢ ᠪᠠᠶᠢᠴᠠᠭᠠᠨ | ᠳᠡᠯᠭᠡᠵᠦ᠂ ᠰᠢᠯᠲᠠᠭᠠᠨ ᠢ ᠨᠢ ᠲᠣᠳᠣᠷᠬᠠᠶᠢᠯᠠᠨ᠂ ᠴᠡᠭᠴᠡᠯᠡᠨ ᠥᠭᠡᠷᠡᠴᠢᠯᠡᠬᠦ ᠴᠢᠭᠯᠡᠯ ᠢ ᠲᠣᠳᠣᠷᠬᠠᠶᠢᠯᠠᠪᠠ᠃ | ᠡᠭᠦᠨ ᠤ ᠬᠠᠮᠲᠤ ᠪᠠᠭ ᠤᠨ ᠪᠦᠷᠢᠯᠳᠦᠬᠦᠨ ᠬᠤᠭᠤᠷᠣᠨᠳᠣ ᠪᠠᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ | ᠰᠢᠭᠦᠮᠵᠢᠯᠡᠭᠳᠡᠭᠰᠡᠨ ᠨᠥᠬᠦᠳ ᠰᠢᠭᠦᠮᠵᠢᠯᠡᠯ ᠢ ᠲᠣᠳᠣᠷᠬᠠᠶ ᠬᠦᠯᠢᠶᠡᠨ ᠠᠪᠤᠭᠰᠠᠨ ᠪᠠᠶᠢᠨ᠎ᠠ᠃ | ᠯᠢ ᠪᠢᠩ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠥᠥᠰᠢᠨ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠭᠤᠤᠯ ᠰᠡᠳᠦᠪ ᠲᠤ ᠲᠥᠪᠯᠠᠷᠠᠭᠦᠯᠤᠨ | ᠠᠰᠠᠭᠤᠳᠠᠯ ᠳᠤ ᠰᠢᠭᠤᠳ ᠬᠠᠨᠳᠤᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ | ᠪᠠᠭ ᠪᠣᠯᠤᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤ ᠠᠰᠠᠭᠤᠳᠠᠯ ᠢ ᠪᠠᠶᠢᠴᠠᠭᠠᠨ ᠲᠡᠯᠭᠡᠭᠰᠠᠨ | ᠨᠢ ᠭᠦᠨᠵᠡᠭᠡᠶ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠪᠣᠳᠠᠲᠠᠶ ᠪᠥᠭᠡᠳ ᠬᠦᠴᠦᠲᠡᠶ᠂ ᠰᠢᠭᠦᠮᠵᠢᠯᠠᠯ | ᠪᠠ ᠥᠪᠡᠷ ᠤᠨ ᠰᠢᠭᠦᠮᠵᠢᠯᠡᠯ ᠨᠢ ᠲᠥᠪ ᠴᠢᠩᠭ᠎ᠠ ᠨᠠᠷᠢᠨ ᠬᠢᠨᠠᠮᠠᠭᠠᠶ ᠪᠠᠶᠢᠵᠤ ︽ᠨᠢᠭᠤᠷ ᠤᠯᠠᠶᠢᠯᠭᠠᠨ ᠬᠥᠯᠥᠰᠥ | ᠭᠠᠷᠭᠠᠬᠤ︾ ᠦᠷ᠎ᠡ ᠳ᠋ᠦᠩ ᠳᠤ ᠭᠥᠷᠴᠤ ᠴᠢᠳᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠰᠢᠭᠦᠮᠵᠢᠯᠠᠯ ᠪᠠ | ᠥᠪᠡᠷ ᠤᠨ ᠰᠢᠭᠦᠮᠵᠢᠯᠡᠯ ᠢ ᠪᠠᠶᠢᠩᠭᠤ ᠶᠢᠨ ᠴᠢᠨᠠᠷᠲᠠᠶ ᠥᠷᠨᠢᠭᠦᠯᠭᠦ᠂ ᠰᠤᠷᠲᠠᠯ ᠤᠨ ᠪᠠᠶᠢᠭᠤᠯᠤᠯᠲᠠ ᠶᠢ ᠰᠠᠶᠢᠲᠤᠷ | ᠭᠢᠭᠦ᠂ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠭᠤᠷᠪᠠᠨ ᠲᠠᠯ᠎ᠠ ᠶᠢᠨ ᠠᠵᠢᠯ ᠢ ᠦᠨᠡᠨᠬᠦ ᠰᠠᠶᠢᠲᠤᠷ | ᠠᠳᠬᠤᠬᠤ ᠬᠡᠷᠡᠭᠲᠡᠶ ᠭᠡᠵᠡᠶ᠃ | ᠡᠷᠳᠡᠨᠢᠪᠢᠯᠢᠭ ᠳ᠋ᠦᠩᠨᠡᠯᠲᠡ ᠶᠢᠨ ᠶᠠᠷᠢᠶ᠎ᠠ ᠲᠠᠯᠪᠢᠵᠤ ᠵᠢᠭᠠᠬᠤ ᠳᠤ ᠪᠠᠨ᠂ ᠤᠯᠤᠰ ᠲᠥᠷᠥ ᠶᠢᠨ ᠵᠤᠭᠰᠤᠴᠠ | ᠪᠠᠨ ᠦᠨᠡᠨᠬᠦ ᠳᠡᠭᠡᠭᠰᠢᠯᠡᠭᠦᠯᠵᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠣᠳᠣᠬᠠᠨ ᠤ ᠴᠢᠬᠤᠯᠠ | ᠶᠡᠭᠡ ᠤᠯᠤᠰ ᠲᠥᠷᠥ ᠶᠢᠨ ᠡᠭᠦᠷᠭᠡ ᠪᠠ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠨ ︽ᠳᠥᠷᠪᠡᠨ ᠤᠬᠠᠮᠰᠠᠷ︾ | ᠢ ᠪᠠᠲᠤ ᠪᠣᠶ ᠪᠤᠯᠭᠠᠵᠦ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢᠨ ᠪᠣᠳᠠᠲᠠᠶ ᠢᠯᠡᠷᠡᠯ ᠪᠣᠯᠭᠠᠨ | ᠦᠵᠡᠯ ᠰᠠᠨᠠᠭᠠᠨ ᠤ ᠲᠠᠯ᠎ᠠ ᠪᠠᠷ ᠦᠨᠡᠨᠬᠦ ᠴᠢᠬᠤᠯᠠᠴᠢᠯᠠᠵᠤ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠡᠷᠡᠰ ᠲᠦᠢᠯᠪᠤᠷᠢᠲᠠᠶ ᠪᠡᠶᠡᠯᠡᠭᠦᠯᠬᠦ ᠬᠡᠷᠡᠭᠲᠡᠶ᠃ ᠬᠠᠷᠢᠭᠤᠴᠠᠯᠭ᠎ᠠ | ᠡᠭᠦᠷᠭᠡᠯᠡᠯ ᠢᠶᠠᠨ ᠦᠨᠡᠨᠬᠦ ᠴᠢᠩᠭᠠᠳᠬᠠᠨ ᠪᠦᠬᠦ ᠪᠠᠭ ᠤᠨ ᠪᠦᠷᠢᠯᠳᠦᠬᠦᠨ ᠥᠪᠡᠷ ᠤᠨ ᠪᠡᠶ᠎ᠡ ᠪᠠᠷ ᠢᠶᠠᠨ ᠤᠷᠤᠯᠴᠠᠵᠦ | ᠬᠠᠷᠢᠭᠤᠴᠠᠯᠭ᠎ᠠ ᠪᠠᠨ ᠡᠭᠦᠷᠭᠡᠯᠡᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠠᠨᠢᠵᠤ | ᠬᠢᠨᠠᠮᠠᠭᠠᠶ ᠰᠤᠳᠤᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ | ᠲᠣᠭᠤᠷᠢᠨ ᠳᠤ ᠨᠢᠭᠡ ᠨᠢᠭᠡ ᠪᠠᠷ ᠵᠠᠯᠠᠷᠠᠭᠤᠯᠤᠨ ᠪᠠᠷᠢᠨ ᠲᠤᠤᠷ᠎ᠠ ᠪᠠᠨ ᠬᠡᠷᠡᠭᠵᠢᠭᠦᠯᠵᠦ ᠰᠠᠶᠢᠵᠢᠷᠠᠭᠤᠯᠤᠨ ᠠᠪᠤᠨ | ᠲᠤᠤᠷ᠎ᠠ ᠪᠠᠨ ᠠᠮᠵᠢᠯᠲᠠ ᠣᠯᠵᠤ ᠴᠡᠭᠴᠡᠯᠡᠨ ᠰᠠᠶᠢᠵᠢᠷᠠᠭᠤᠯᠬᠤ ᠠᠵᠢᠯ ᠦᠨᠡᠨ ᠪᠣᠳᠠᠲᠠᠶ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠶ᠃ ᠦᠷ᠎ᠡ ᠪᠦᠲᠦᠭᠡᠯ ᠢ ᠬᠤᠪᠢᠷᠠᠭᠤᠯᠬᠤ ᠶᠢ ᠦᠨᠡᠨᠬᠦ ᠠᠭᠢᠭᠤᠯᠤᠨ ᠴᠡᠭᠴᠡᠯᠡᠨ | ᠰᠠᠶᠢᠵᠢᠷᠠᠭᠤᠯᠬᠤ ᠶᠠᠪᠤᠴᠠ ᠶᠢ ᠲᠥᠪ ᠤᠨ ᠴᠢᠬᠤᠯᠠ ᠶᠡᠭᠡ ᠰᠶᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠪᠣᠯᠭᠠᠵᠤ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠥᠷᠤᠯ ᠤᠨ ᠠᠵᠢᠯ ᠢ ᠨᠢᠭᠡᠳᠦᠯᠲᠡᠶ ᠳᠤ | ᠲᠥᠯᠥᠪᠵᠢᠭᠦᠯᠦᠨ ᠰᠠᠶᠢᠲᠤᠷ ᠠᠳᠬᠤᠵᠤ ᠪᠦᠬᠦ ᠬᠤᠰᠢᠭᠤᠨ ᠤ ᠠᠵᠤ ᠠᠬᠤᠶ ᠨᠡᠶᠢᠬᠡᠮ ᠤᠨ ᠴᠢᠨᠠᠷ ᠰᠠᠶᠢᠲᠠᠶ | ᠬᠥᠭᠵᠢᠯᠲᠡ ᠶᠢᠨ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠤᠨ ᠰᠢᠯᠢᠳᠡᠭ | ᠠᠮᠵᠢᠯᠲᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ | ᠣᠢ ᠶᠢ ᠪᠡᠯᠭᠡᠯᠡᠬᠦ ᠬᠡᠷᠡᠭᠲᠡᠶ ᠭᠡᠵᠡᠢ᠃ |