ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠧᠶ ᠯᠦ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-08-29
     8 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠠᠮᠳᠤᠷᠠᠯᠴᠠᠭᠠᠨ ᠤ ᠲᠥᠷᠤᠯ ᠵᠥᠢᠯ᠂ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠶᠠᠪᠤᠳᠠᠯ ᠢ ᠲᠤᠰᠬᠠᠶ ᠰᠡᠳᠦᠪ ᠢᠶᠠᠷ ᠰᠤᠳᠤᠯᠵᠤ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠱᠠᠭᠠᠷᠳᠠᠨ ᠪᠠᠶᠢᠴᠠᠭᠠᠯᠲᠠ ᠶᠢ ᠤᠭᠲᠤᠬᠤ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠂ ᠯᠢ ᠵᠥᠩ ᠯᠢᠨ᠂ ᠬᠤᠰᠢᠭᠤ ᠲᠡᠳ᠋ ᠲᠠᠷᠤᠭ᠎ᠠ ᠭᠤᠤ ᠬᠤ᠋᠂ ᠵᠸᠤ ᠱᠤᠸᠠᠢ᠂ ᠪᠠᠶᠠᠨᠴᠡᠩᠭᠡᠯ᠂ ᠯᠢᠦ ᠵᠧᠩ ᠵᠢᠴᠢ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ᠂ ᠬᠤᠲᠠ ᠶᠢᠨ ᠵᠠᠰᠠᠭ ᠤᠨ ᠣᠷᠳᠣᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠡᠳ᠋ ᠤᠨ ᠵᠠᠰᠠᠭ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠠᠵᠢᠯ  ᠤᠨ ᠬᠠᠷᠢᠭᠤ ᠮᠡᠳᠡᠭᠦᠯᠥᠯᠳᠠ ᠶᠢ ᠰᠣᠨᠣᠰᠴᠤ ᠲᠥᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠭᠠᠷᠳᠠᠨ ᠪᠠᠶᠢᠴᠠᠭᠠᠯᠲᠠ ᠶᠢ ᠤᠭᠲᠤᠬᠤ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃      ᠵᠤᠤ ᠹᠧᠶ ᠯᠦ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠤᠭᠰᠤᠴᠠ ᠪᠠᠨ ᠥᠨᠠᠠᠭᠦ ᠲᠡᠭᠡᠭᠰᠢᠯᠠᠭᠦᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠨ ᠱᠠᠭᠠᠷᠳᠠᠨ ᠪᠠᠶᠢᠴᠠᠭᠠᠬᠤ ᠭᠤᠤᠯᠳᠠᠯᠭ᠎ᠠ ᠪᠠ ᠱᠠᠭᠠᠷᠳᠠᠯᠭ᠎ᠠ ᠲᠠᠢ ᠬᠠᠷᠭᠤᠭᠤᠯᠵᠤ ᠭᠠᠶᠢᠯᠢ ᠶᠢ ᠭᠥᠩᠭᠡᠷᠡᠭᠦᠯᠤᠨ ᠰᠥᠢᠳᠭᠡᠯ ᠢ ᠪᠠᠭᠤᠷᠠᠭᠤᠯᠬᠤ ᠵᠡᠷᠭᠡ ᠴᠢᠬᠤᠯᠠ ᠶᠡᠭᠡ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠨᠵᠡᠭᠡᠶ ᠪᠠᠶᠢᠴᠠᠭᠠᠨ ᠳᠡᠯᠭᠡᠵᠦ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠ ᠶᠢ ᠴᠡᠪᠡᠷᠯᠡᠬᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ  ᠭᠤᠤᠯᠳᠠᠯᠭ᠎ᠠ ᠲᠠᠢ ᠠᠵᠢᠯ ᠢ ᠲᠦᠷᠭᠡᠳᠬᠡᠨ ᠠᠭᠢᠭᠤᠯᠵᠦ ᠲᠥᠷᠦ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ ᠤᠳᠠᠭ᠎ᠠ ᠶᠢᠨ ᠶᠡᠭᠡ ᠱᠠᠭᠠᠷᠳᠠᠨ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠤᠭᠲᠤᠬᠤ ᠬᠡᠷᠡᠭᠲᠡᠶ ᠭᠡᠵᠡᠢ᠃      ᠵᠠᠰᠠᠭ ᠤᠨ ᠣᠷᠳᠣᠨ ᠪᠣᠯᠤᠨ ᠨᠡᠶᠢᠬᠡᠮ ᠤᠨ ᠬᠥᠷᠥᠩᠭᠡ ᠶᠢᠨ ᠬᠠᠮᠳᠤᠷᠠᠯᠴᠠᠭᠠᠨ ᠤ ᠲᠥᠷᠤᠯ ᠵᠥᠢᠯ ᠤᠨ ᠲᠤᠬᠠᠢ ᠵᠤᠤ ᠹᠧᠶ ᠯᠦ ᠴᠢᠬᠤᠯᠠᠴᠢᠯᠠᠬᠤ ᠳᠤ ᠪᠠᠨ᠂ ᠭᠠᠯᠠᠭᠤᠲᠤ ᠰᠤᠷᠭᠠᠭᠤᠯᠢ ᠵᠡᠷᠭᠡ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠥᠷᠭᠡᠳᠭᠡᠨ ᠠᠶᠤᠯᠭᠦᠶ ᠦᠢᠯᠡᠳᠪᠤᠷᠢᠯᠡᠯ ᠤᠨ ᠬᠠᠮᠢᠶᠠᠷᠤᠯᠲᠠ ᠪᠣᠯᠤᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠲᠥᠷᠥᠯ ᠵᠥᠢᠯ ᠨᠢᠭᠡᠪᠦᠷᠢ ᠶᠢ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠵᠤ ᠳᠡᠶᠢᠯᠬᠦ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ᠂ ᠴᠢᠬᠤᠯᠠ ᠴᠢᠨᠠᠷ ᠪᠤᠯᠤᠨ ᠴᠠᠭᠴᠢ ᠴᠢᠨᠠᠷ ᠢ ᠥᠨᠳᠤᠰᠤᠯᠠᠨ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠣᠯᠤᠨ ᠳᠡᠰ ᠳᠠᠷᠠᠭᠠᠯᠠᠯ ᠳᠤ ᠲᠣᠬᠢᠷᠠᠭᠤᠯᠤᠯᠲᠠ ᠬᠢᠵᠦ ᠲᠥᠷᠥᠯ ᠵᠥᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠱᠠᠯᠠᠪᠳᠠᠨ ᠬᠦᠢᠴᠡᠳᠬᠡᠵᠦ ᠲᠥᠷᠥᠯ ᠵᠥᠢᠯ ᠤᠨ ᠤᠷᠤᠭᠰᠢᠲᠠᠶ ᠶᠠᠪᠤᠭᠳᠠᠬᠤ ᠳᠤ ᠰᠠᠶᠢᠨ ᠰᠠᠭᠤᠷᠢ ᠶᠢ ᠲᠠᠯᠪᠢᠬᠤ ᠬᠡᠷᠡᠭᠲᠡᠶ ᠬᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号