2019 ᠣᠨ ᠤ ᠮᠠᠨ ᠤ ᠬᠤᠰᠢᠭᠤᠨ ᠤ ︽ᠪᠡᠶ᠎ᠡ ᠳᠠᠮᠢᠷ ᠤᠨ ᠱᠠᠩᠨᠠᠯᠳᠣ ᠰᠣᠭᠤᠯᠤᠭ᠎ᠠ︾ ᠨᠡᠷᠡᠮᠵᠢᠲᠦ ᠢᠳᠡᠷᠴᠤᠳ ᠨᠠᠰᠣᠳᠠᠶᠢᠴᠣᠳ ᠤᠨ ᠡᠬᠦᠳᠡᠨ ᠪᠦᠮᠪᠦᠬᠡᠨ ᠣᠷᠣᠯᠳᠣᠭᠠᠨ ᠶᠠᠪᠤᠭᠳᠠᠪᠠ
ᠨᠡᠶᠢᠲᠡᠯᠡᠭᠰᠡᠨ ᠴᠠᠭ᠄
2019-08-29
      8 ᠰᠠᠷ᠎ᠠ ᠶᠢᠨ 28 ᠤ ᠡᠳᠦᠷ ᠠᠴᠠ 29 ᠤ ᠡᠳᠦᠷ ᠪᠤᠯᠲᠠᠯ᠎ᠠ᠂ ᠬᠤᠰᠢᠭᠤ ᠰᠣᠷᠭᠠᠨ ᠬᠦᠮᠦᠵᠢᠯ ᠪᠡᠶ᠎ᠡ ᠳᠠᠮᠢᠷ ᠤᠨ ᠳᠣᠪᠴᠢᠶ᠎ᠠ ᠠᠴᠠ ᠭᠤᠤᠯᠯᠠᠨ ᠡᠷᠬᠢᠯᠡᠵᠤ ᠬᠤᠰᠢᠭᠤ ᠡᠬᠦᠳᠡᠨ ᠪᠦᠮᠪᠦᠬᠡᠨ ᠤ ᠨᠡᠶᠢᠬᠡᠮᠯᠢᠭ ᠠᠴᠠ ᠳᠠᠭᠠᠭᠠᠴᠢᠯᠠᠨ ᠡᠷᠬᠢᠯᠡᠭᠰᠡᠨ 2019 ᠣᠨ ᠤ ᠪᠦᠬᠦ ᠬᠤᠰᠢᠭᠤᠨ ᠤ ︽ᠪᠡᠶ᠎ᠡ ᠳᠠᠮᠢᠷ ᠤᠨ ᠱᠠᠩᠨᠠᠯᠳᠣ ᠰᠣᠭᠤᠯᠤᠭ᠎ᠠ︾ ᠨᠡᠷᠡᠮᠵᠢᠲᠦ ᠢᠳᠡᠷᠴᠤᠳ ᠨᠠᠰᠣᠳᠠᠶᠢᠴᠣᠳ ᠤᠨ ᠡᠬᠦᠳᠡᠨ ᠪᠦᠮᠪᠦᠬᠡᠨ ᠣᠷᠣᠯᠳᠣᠭᠠᠨ ᠰᠢᠷᠬᠤᠰᠣ ᠪᠡᠶ᠎ᠡ ᠳᠠᠮᠢᠷ ᠤᠨ ᠴᠡᠴᠡᠷᠯᠢᠭ ᠲᠤ ᠶᠠᠪᠤᠭᠳᠠᠵᠤ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠪᠡᠶ᠎ᠡ ᠳᠠᠮᠢᠷ ᠤᠨ ᠦᠢᠯᠡᠰ ᠢ ᠬᠦᠭᠵᠢᠬᠦᠯᠬᠦ ᠳᠦᠪ᠂ ᠢᠳᠡᠷᠴᠤᠳ ᠨᠠᠰᠣᠳᠠᠶᠢᠴᠣᠳ ᠤᠨ ᠪᠡᠶ᠎ᠡ ᠳᠠᠮᠢᠷ  ᠤᠨ ᠨᠡᠶᠢᠬᠡᠮᠯᠢᠭ᠂ ᠭᠠᠯᠠᠭᠤᠲᠣ ᠪᠠᠯᠭᠠᠰᠣ᠂ ᠣᠯᠠᠭᠠᠨᠳᠣᠯᠣᠭᠠᠢ ᠪᠠᠯᠭᠠᠰᠣ᠂ ᠰᠦᠯᠳᠡ ᠰᠣᠮᠣ᠂ ᠰᠢᠷᠬᠤᠰᠤᠨ ᠪᠠᠯᠭᠠᠰᠣ ᠂ ᠬᠤᠰᠢᠭᠤ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ᠂ ᠬᠤᠷᠠᠬᠤ ᠨᠡᠶᠢᠬᠡᠮ ᠳᠣᠭᠤᠷᠢᠭ᠂  ᠨᠠᠨᠳᠢᠨ ᠨᠡᠶᠢᠬᠡᠮ ᠳᠣᠭᠤᠷᠢᠭ ᠤᠨ ᠨᠢᠬᠡᠳᠦᠬᠡᠷ ᠳᠣᠭᠤᠶᠢᠯᠠᠩ᠂ ᠬᠤᠶᠠᠳᠣᠭᠠᠷ ᠳᠣᠭᠤᠶᠢᠯᠠᠩ ᠤᠨ ᠳᠦᠯᠦᠬᠡᠯᠡᠭᠴᠢ ᠶᠢᠨ ᠪᠦᠯᠬᠦᠮ ᠵᠡᠷᠭᠡ ᠠᠷᠪᠠᠨ ᠨᠢᠬᠡᠨ ᠳᠦᠯᠦᠬᠡᠯᠡᠭᠴᠢ ᠶᠢᠨ ᠪᠦᠯᠬᠦᠮ ᠤᠨ ᠵᠠᠭᠤᠭᠠᠳ ᠳᠠᠮᠢᠷᠴᠢᠨ ᠢᠳᠡᠪᠬᠢᠯᠠᠨ ᠣᠷᠣᠯᠴᠠᠵᠦ ᠣᠷ᠎ᠠ ᠮᠡᠷᠭᠡᠵᠢᠯ ᠢᠶᠠᠨ ᠰᠣᠷᠢᠯᠴᠠᠭᠰᠠᠨ ᠪᠠᠶᠢᠨ᠎ᠠ᠃      ᠣᠷᠣᠯᠳᠣᠭᠠᠨ ᠨᠢ ᠳᠠᠪᠣᠨ ᠬᠦᠮᠦᠨ ᠤ ᠲᠦᠷᠢᠮᠲᠦ ᠬᠠᠮᠲᠣ ᠶᠢᠨ ᠣᠷᠣᠯᠳᠣᠭᠠᠨ ᠤ ᠭᠡᠯᠪᠡᠷᠢ ᠪᠠᠷ ᠶᠠᠪᠣᠭᠳᠠᠵᠦ ᠣᠷᠣᠯᠳᠣᠭᠠᠨ ᠢᠶᠠᠷ ᠲᠠᠮᠵᠢᠨ ᠢᠳᠡᠷᠴᠤᠳ ᠨᠠᠰᠤᠲᠠᠶᠢᠴᠤᠳ ᠤᠨ ᠪᠡᠶ᠎ᠡ ᠮᠠᠬᠠᠪᠣᠳ ᠢ ᠴᠢᠬᠢᠷᠠᠭᠵᠢᠭᠤᠯᠵᠦ ᠰᠤᠶᠤᠯ  ᠤᠨ ᠠᠮᠢᠳᠤᠷᠠᠯ ᠢ ᠨᠢ ᠪᠠᠶᠠᠯᠢᠭᠵᠢᠭᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号