ᠤᠯᠤᠰ ᠤᠨ ᠲᠡᠷᠢᠬᠦᠯᠡᠭᠴᠢ ᠰᠢ ᠶᠢᠨ ᠫᠢᠩ 28 ᠤ ᠡᠳᠤᠷ ᠠᠷᠠᠳ ᠤᠨ ᠶᠡᠭᠡ ᠬᠤᠷᠡᠯ ᠤᠨ ᠲᠠᠩᠬᠢᠮ ᠳᠤ | ᠦᠽᠪᠧᠺᠰᠲ᠋ᠠᠨ ᠤ ᠶᠡᠷᠤᠩᠬᠡᠢ ᠰᠠᠶᠢᠳ ᠠᠯᠢᠪᠦ᠋ᠸᠧᠹ ᠲᠠᠢ ᠠᠭᠤᠯᠵᠠᠪᠠ᠃ | ᠰᠢ ᠶᠢᠨ ᠫᠢᠩ ᠡᠩ ᠲᠠᠷᠢᠬᠦᠨ ᠳᠤ ᠶᠡᠷᠤᠩᠬᠡᠶᠢᠯᠡᠭᠴᠢ ᠮᠢᠷᠵᠢᠶᠤᠶᠧᠹ ᠲᠤ ᠴᠢᠩ ᠰᠡᠳᠬᠢᠯ ᠤᠨ ᠮᠡᠨᠳᠤᠴᠢᠯᠡᠯ | ᠬᠦᠷᠬᠡᠵᠥ ᠪᠠᠶᠢᠬᠤ ᠶᠢ ᠲᠠᠮᠵᠢᠭᠤᠯᠬᠤ ᠪᠤᠯᠳᠤᠭᠠᠢ ᠭᠡᠵᠤ ᠠᠯᠢᠪᠦ᠋ᠸᠧᠹ ᠲᠤ ᠨᠠᠶᠢᠳᠠᠪᠠ᠃ ᠰᠢ ᠶᠢᠨ ᠫᠢᠩ᠂ ᠲᠤᠮᠳᠠᠳᠤ | ᠦᠽᠪᠧᠺᠰᠲ᠋ᠠᠨ ᠤ ᠬᠠᠷᠢᠯᠴᠠᠭ᠎ᠠ ᠳᠤ ᠲᠠᠰᠤᠷᠠᠯᠳᠠ ᠦᠬᠡᠢ ᠲᠠᠪᠠᠯᠳᠠᠳᠤ ᠬᠦᠭᠵᠢᠯᠳᠡ ᠶᠢ ᠪᠡᠶᠡᠯᠡᠬᠦᠯᠵᠥ ᠪᠠᠶᠢᠬᠤ ᠶᠢᠨ | ᠵᠠᠩᠬᠢᠯᠠᠭ᠎ᠠ ᠨᠢ ᠬᠤᠶᠠᠷ ᠲᠠᠯ᠎ᠠ ᠪᠠᠷ ᠢᠶᠠᠨ ᠡᠶᠡᠯᠳᠡᠭ ᠬᠦᠷᠰᠢ ᠡᠶ᠎ᠡ ᠨᠦᠬᠦᠷᠰᠡᠭ ᠪᠠᠶᠢᠬᠤ᠂ ᠬᠠᠷᠢᠯᠴᠠᠨ ᠠᠰᠢᠬᠳᠠᠢ | ᠬᠠᠷᠢᠯᠴᠠᠨ ᠲᠤᠰᠠᠯᠠᠯᠴᠠᠬᠤ ᠵᠤᠷᠢᠭ ᠰᠠᠨᠠᠭ᠎ᠠ ᠶᠢ ᠢᠮᠠᠬᠳᠠ ᠵᠢᠷᠤᠮᠯᠠᠵᠥ᠂ ᠬᠠᠷᠢᠯᠴᠠᠨ ᠬᠦᠨᠳᠦᠳᠬᠡᠬᠦ᠂ ᠡᠷᠬᠡ ᠲᠡᠭᠰᠢ | ᠬᠠᠷᠢᠯᠴᠠᠨ ᠠᠰᠢᠬᠳᠠᠢ ᠪᠠᠶᠢᠬᠤ ᠵᠠᠷᠴᠢᠮ ᠢ ᠢᠮᠠᠬᠳᠠ ᠪᠠᠷᠢᠮᠳᠠᠯᠠᠨ᠂ ᠦᠶ᠎ᠡ ᠶᠢᠨ ᠦᠶ᠎ᠡ ᠳᠤ ᠨᠦᠬᠦᠷᠰᠡᠭ ᠪᠠᠶᠢᠬᠤ᠂ | ᠬᠠᠮᠳᠤ ᠪᠠᠷ ᠬᠦᠭᠵᠢᠬᠦ ᠤᠶᠢᠯᠠᠭᠠᠬᠳᠠᠬᠤᠨ ᠢ ᠢᠮᠠᠬᠳᠠ ᠬᠡᠷᠡᠭᠵᠢᠬᠦᠯᠵᠥ ᠪᠠᠶᠢᠬᠤ ᠳᠤ ᠪᠠᠶᠢᠨ᠎ᠠ᠃ ᠲᠤᠮᠳᠠᠳᠤ | ᠦᠽᠪᠧᠺᠰᠲ᠋ᠠᠨ ᠤ ᠪᠦᠬᠦ ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠬᠦᠭᠵᠢᠬᠦᠯᠬᠦ ᠨᠢ | ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠬ ᠲᠤᠰᠠ ᠲᠠᠢ ᠨᠡᠶᠢᠴᠡᠨ᠎ᠡ᠂ | ᠡᠬᠦᠨ ᠢ ᠪᠢ ᠲᠡᠬᠡᠳᠤ ᠬᠡᠮᠵᠢᠶ᠎ᠡ ᠪᠠᠷ ᠦᠨᠡᠯᠡᠵᠥ ᠪᠠᠶᠢᠨ᠎ᠠ᠃ ᠲᠠᠨ ᠤ ᠡᠨᠡ ᠤᠳᠠᠭ᠎ᠠ ᠲᠤᠮᠳᠠᠳᠤ ᠤᠯᠤᠰ ᠲᠤ ᠢᠷᠡᠵᠥ | ᠲᠤᠮᠳᠠᠳᠤ ᠦᠽᠪᠧᠺᠰᠲ᠋ᠠᠨ ᠤ ᠵᠠᠰᠠᠭ ᠤᠨ ᠤᠷᠳᠤᠨ ᠤ ᠬᠤᠭᠤᠷᠤᠨᠳᠤᠬᠢ ᠬᠠᠮᠳᠤᠷᠠᠯᠴᠠᠭᠠᠨ ᠤ ᠵᠦᠪᠯᠡᠯ ᠤᠨ | ᠲᠠᠪᠤᠳᠤᠭᠠᠷ ᠬᠤᠷᠡᠯ ᠢ ᠬᠠᠮᠳᠤ ᠪᠠᠷ ᠡᠷᠬᠢᠯᠡᠨ ᠬᠤᠷᠡᠯᠳᠤᠭᠤᠯᠵᠥ ᠢᠳᠡᠪᠬᠢ ᠦᠷ᠎ᠡ ᠪᠦᠳᠦᠬᠡᠯ ᠤᠯᠤᠭᠰᠠᠠ ᠢ | ᠰᠤᠨᠤᠰᠤᠭᠠᠳ ᠮᠠᠰᠢ ᠪᠠᠶᠠᠷᠯᠠᠵᠥ ᠪᠠᠶᠢᠨ᠎ᠠ᠃ ᠬᠤᠶᠠᠷ ᠤᠯᠤᠰ ᠤᠨ ᠬᠠᠷᠢᠯᠴᠠᠭ᠎ᠠ ᠶᠢᠨ ᠵᠦᠪ ᠵᠠᠮ ᠢᠶᠠᠷ ᠵᠠᠮᠨᠠᠬᠤ ᠶᠢ | ᠪᠠᠳᠤᠯᠠᠬᠤ ᠳᠤ ᠯᠡ ᠬᠦᠷᠪᠡᠯ ᠬᠤᠶᠠᠷ ᠲᠠᠯ᠎ᠠ ᠶᠢᠨ ᠲᠤᠭᠳᠠᠭᠠᠭᠰᠠᠠ ᠡᠯ᠎ᠡ ᠵᠦᠢᠯ ᠤᠨ ᠬᠠᠮᠳᠤᠷᠠᠯᠴᠠᠭᠠᠨ ᠤ ᠬᠠᠷᠠᠯᠳᠠ | ᠯᠠᠪᠳᠠᠢ ᠪᠡᠶᠡᠯᠡᠭᠳᠡᠬᠦ ᠶᠤᠮ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠲᠤᠮᠳᠠᠳᠤ ᠦᠽᠪᠧᠺᠰᠲ᠋ᠠᠨ ᠬᠤᠶᠠᠷ ᠲᠠᠯ᠎ᠠ ︽ᠨᠢᠬᠡ ᠪᠦᠰᠡ ᠨᠢᠬᠡ ᠵᠠᠮ︾ ᠢ ᠴᠢᠨᠠᠷ | ᠰᠠᠶᠢᠳᠠᠢ ᠪᠠᠷ ᠬᠠᠮᠳᠤ ᠪᠠᠷ ᠪᠦᠳᠦᠬᠡᠨ ᠪᠠᠶᠢᠭᠤᠯᠬᠤ ᠶᠢ ᠦᠷᠬᠦᠯᠵᠢᠯᠡᠨ ᠠᠬᠢᠭᠤᠯᠵᠥ᠂ ᠤᠯᠤᠰ ᠤᠨ ᠬᠦᠭᠵᠢᠯᠳᠡ ᠶᠢᠨ | ᠪᠠᠶᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠶᠢ ᠴᠢᠩᠭᠠᠳᠬᠠᠨ᠂ ᠬᠢᠯᠢ ᠠᠯᠤᠰᠯᠠᠬᠰᠠᠠ ᠵᠠᠰᠠᠮᠠᠯ ᠵᠠᠮ ᠪᠤᠯᠤᠨ ᠲᠡᠮᠤᠷ | ᠵᠠᠮ ᠢ ᠰᠠᠶᠢᠳᠤᠷ ᠠᠰᠢᠬᠯᠠᠵᠥ᠂ ᠬᠤᠯᠪᠤᠯᠳᠤᠨ ᠨᠡᠪᠳᠡᠷᠡᠯᠴᠡᠬᠦ ᠪᠠᠨ ᠨᠢᠬᠳᠠᠷᠠᠭᠤᠯᠤᠨ᠂ ᠠᠵᠥ ᠠᠬᠤᠢ ᠠᠷᠠᠯᠵᠢᠶ᠎ᠠ᠂ | ᠪᠡᠯᠡ ᠤᠷᠤᠭᠤᠯᠤᠯᠳᠠ᠂ ᠲᠡᠬᠡᠳᠤ ᠰᠢᠨ᠎ᠡ ᠮᠡᠷᠬᠡᠵᠢᠯ᠂ ᠡᠨᠧᠷᠬᠢ ᠵᠡᠷᠬᠡ ᠬᠦᠷᠢᠶᠡᠨ ᠤ ᠬᠠᠮᠳᠤᠷᠠᠯᠴᠠᠭ᠎ᠠ ᠪᠠᠨ | ᠦᠷᠬᠡᠳᠬᠡᠵᠥ᠂ ᠰᠤᠶᠤᠯ ᠢᠷᠬᠡᠨᠰᠢᠯ ᠤᠨ ᠬᠦᠷᠢᠶᠡᠨ ᠤ ᠰᠢᠨ᠎ᠡ ᠬᠢᠯᠠᠰ ᠴᠡᠭ ᠢ ᠡᠬᠦᠳᠦᠶ᠎ᠡ᠃ ᠲᠤᠮᠳᠠᠳᠤ ᠤᠯᠤᠰ | ᠲᠤᠷᠠᠳᠠᠶ᠎ᠠ ᠦᠽᠪᠧᠺᠰᠲ᠋ᠠᠨ ᠠᠴᠠ ᠴᠢᠨᠠᠷ ᠰᠠᠶᠢᠳᠠᠢ ᠲᠠᠷᠢᠶᠠᠯᠠᠩ ᠤᠨ ᠪᠦᠳᠦᠬᠡᠭᠳᠡᠬᠦᠨ ᠢ ᠤᠷᠤᠭᠤᠯᠬᠤ ᠪᠠᠨ | ᠦᠷᠬᠡᠳᠬᠡᠵᠥ᠂ ᠦᠽᠪᠧᠺᠰᠲ᠋ᠠᠨ ᠤ ᠭᠤᠤᠯ ᠵᠤᠴᠢᠨ ᠤᠯᠤᠰ ᠤᠨ ᠬᠤᠪᠢ ᠪᠠᠷ ᠬᠤᠶᠠᠳᠤᠭᠠᠷ ᠬᠤᠭᠤᠴᠠᠭᠠᠨ ᠤ | ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠭᠯᠠᠭᠠᠨ ᠳᠤ | ᠤᠷᠤᠯᠴᠠᠬᠤ ᠶᠢ ᠤᠬᠳᠤᠵᠥ ᠪᠠᠶᠢᠨ᠎ᠠ᠃ ᠬᠤᠶᠠᠷ ᠲᠠᠯ᠎ᠠ ᠪᠠᠷ ᠢᠶᠠᠨ ︽ᠭᠤᠷᠪᠠᠨ ᠵᠦᠢᠯ ᠤᠨ ᠬᠦᠴᠦᠨ︾ ᠪᠤᠯᠤᠨ | ᠬᠤᠤᠷᠳᠤ ᠡᠳ᠋ ᠫᠠᠨᠽᠠᠯᠠᠬᠤ ᠵᠡᠷᠬᠡ ᠤᠯᠤᠰ ᠠᠯᠤᠰᠯᠠᠬᠰᠠᠠ ᠵᠤᠬᠢᠶᠠᠨ ᠪᠠᠶᠢᠭᠤᠯᠤᠯᠳᠠ ᠲᠠᠢ ᠶᠠᠯᠠᠳᠤ ᠠᠵᠢᠯᠯᠠᠭ᠎ᠠ ᠳᠤ | ᠬᠠᠮᠳᠤ ᠪᠠᠷ ᠴᠤᠬᠢᠯᠳᠠ ᠦᠭᠴᠦ᠂ ᠭᠠᠵᠠᠷ ᠤᠷᠤᠨ ᠤ ᠠᠮᠤᠷ ᠲᠦᠪᠰᠢᠨ ᠪᠤᠯᠤᠨ ᠬᠤᠶᠠᠷ ᠤᠯᠤᠰ ᠤᠨ | ᠬᠦᠭᠵᠢᠯᠳᠡ ᠳᠤ ᠪᠠᠳᠤᠯᠠᠭ᠎ᠠ ᠬᠠᠩᠭᠠᠶ᠎ᠠ ᠬᠡᠵᠥ ᠴᠢᠬᠤᠯᠠᠴᠢᠯᠠᠪᠠ᠃ | ᠰᠢ ᠶᠢᠨ ᠫᠢᠩ᠂ ᠲᠤᠮᠳᠠᠳᠤ ᠤᠯᠤᠰ ᠲᠡᠤᠬᠡᠨ ᠲᠡᠭᠡᠷᠡᠬᠢ ᠪᠤᠰᠤᠳ ᠤᠯᠤᠰ ᠤᠨ ᠬᠢ ᠲᠠᠢ ᠠᠳᠠᠯᠢ ᠪᠠᠷ ᠤᠯᠤᠰ | ᠬᠦᠴᠦᠷᠬᠡᠭᠵᠢᠪᠡᠯ ᠵᠠᠪᠠᠯ ᠡᠵᠡᠷᠬᠡᠭᠴᠢ ᠪᠤᠯᠬᠤ ᠬᠠᠭᠤᠴᠢᠨ ᠵᠠᠮ ᠢᠶᠠᠷ ᠶᠠᠭᠠᠬᠢᠭᠰᠠᠠ ᠴᠦ ᠵᠠᠮᠨᠠᠬᠤ ᠦᠬᠡᠢ᠂ | ᠲᠤᠮᠳᠠᠳᠤ ᠶᠢᠨ ᠦᠨᠳᠦᠰᠦᠳᠡᠨ ᠤ ᠰᠡᠷᠬᠦᠨ ᠮᠠᠨᠳᠤᠯᠳᠠ ᠪᠤᠯ ᠲᠤᠮᠳᠠᠳᠤ ᠤᠯᠤᠰ ᠤᠨ ᠠᠷᠠᠳ ᠲᠦᠮᠡᠨ ᠳᠤ ᠵᠤᠯ | ᠵᠢᠷᠭᠠᠯ ᠡᠳ᠋ᠯᠡᠬᠦᠯᠬᠦ ᠶᠢᠨ ᠲᠦᠯᠥᠬᠡ ᠪᠦᠬᠡᠳ ᠪᠠᠰᠠ ᠴᠦ ᠲᠡᠯᠡᠬᠡᠢ ᠶᠢᠨ ᠡᠩᠬᠡ ᠲᠠᠶᠢᠪᠤᠩ ᠪᠤᠯᠤᠨ ᠬᠦᠮᠥᠨ | ᠲᠦᠷᠦᠯᠬᠢᠳᠡᠨ ᠤ ᠲᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠶᠢᠨ ᠲᠦᠯᠥᠬᠡ ᠶᠤᠮ᠃ ᠲᠤᠮᠳᠠᠳᠤ | ᠤᠯᠤᠰ ᠲᠤᠷᠠᠳᠠᠶ᠎ᠠ ᠦᠽᠪᠧᠺᠰᠲ᠋ᠠᠨ ᠯᠦᠭᠡ ᠲᠡᠯᠡᠬᠡᠢ ᠶᠢᠨ ᠬᠡᠷᠡᠭ ᠶᠠᠪᠤᠳᠠᠯ ᠳᠠᠬᠢ ᠵᠤᠬᠢᠴᠠᠭᠤᠯᠭ᠎ᠠ ᠬᠠᠮᠵᠢᠯᠴᠠᠭ᠎ᠠ ᠪᠠᠨ | ᠴᠢᠩᠭᠠᠳᠬᠠᠵᠥ᠂ ᠬᠤᠶᠠᠷ ᠤᠯᠤᠰ ᠤᠨ ᠬᠠᠮᠳᠤ ᠶᠢᠨ ᠠᠰᠢᠬ ᠲᠤᠰᠠ ᠶᠢ ᠬᠠᠮᠠᠭᠠᠯᠠᠨ᠂ ᠤᠯᠠᠨ ᠲᠠᠯᠠᠳᠤ ᠦᠵᠡᠯ ᠢ | ᠬᠠᠮᠠᠭᠠᠯᠠᠵᠥ᠂ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠢ ᠠᠬᠢᠭᠤᠯᠤᠨ᠎ᠠ᠃ ᠲᠤᠮᠳᠠᠳᠤ ᠦᠽᠪᠧᠺᠰᠲ᠋ᠠᠨ | ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠪᠤᠰᠤᠳ ᠪᠦᠷᠢᠯᠳᠦᠬᠦᠨ ᠤᠯᠤᠰ ᠲᠠᠢ ᠬᠠᠮᠳᠤ ᠪᠠᠷ | ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠤᠬᠠᠮᠰᠠᠷ ᠢᠶᠠᠨ ᠴᠢᠩᠭᠠᠷᠠᠭᠤᠯᠵᠥ᠂ ᠡᠯ᠎ᠡ ᠬᠦᠷᠢᠶᠡᠨ ᠤ | ᠬᠠᠮᠳᠤᠷᠠᠯᠴᠠᠭᠠᠨ ᠤ ᠲᠦᠪᠰᠢᠨ ᠢᠶᠠᠨ ᠲᠡᠭᠡᠭᠰᠢᠯᠡᠬᠦᠯᠵᠥ᠂ ᠲᠤᠰ ᠵᠤᠬᠢᠶᠠᠨ ᠪᠠᠶᠢᠭᠤᠯᠤᠯᠳᠠ ᠶᠢᠨ ᠴᠢᠨᠠᠬᠰᠢᠳᠠ ᠶᠢᠨ | ᠬᠦᠭᠵᠢᠯᠳᠡ ᠶᠢ ᠠᠬᠢᠭᠤᠯᠵᠥ᠂ ᠭᠠᠵᠠᠷ ᠤᠷᠤᠨ ᠤ ᠡᠯ᠎ᠡ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠶ᠎ᠡ | ᠬᠡᠵᠥ ᠴᠢᠬᠤᠯᠠᠴᠢᠯᠠᠪᠠ᠃ | ᠠᠯᠢᠪᠦ᠋ᠸᠧᠹ ᠶᠡᠷᠤᠩᠬᠡᠶᠢᠯᠡᠭᠴᠢ ᠮᠢᠷᠵᠢᠶᠤᠶᠧᠹ ᠤᠨ ᠲᠡᠷᠢᠬᠦᠯᠡᠭᠴᠢ ᠰᠢ ᠶᠢᠨ ᠫᠢᠩ ᠳᠤ ᠴᠢᠩ ᠰᠡᠳᠬᠢᠯ ᠤᠨ | ᠡᠷᠬᠢᠮ ᠲᠡᠬᠡᠳᠤ ᠮᠡᠨᠳᠤᠴᠢᠯᠡᠯ ᠬᠦᠷᠬᠡᠵᠥ ᠪᠠᠶᠢᠬᠤ ᠶᠢ ᠲᠠᠮᠵᠢᠭᠤᠯᠪᠠ᠃ ᠶᠡᠷᠤᠩᠬᠡᠶᠢᠯᠡᠭᠴᠢ ᠮᠢᠷᠵᠢᠶᠤᠶᠧᠹ ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠭᠰᠠᠠ 70 ᠵᠢᠯ ᠤᠨ ᠤᠢ ᠶᠢ ᠪᠠᠶᠠᠷᠯᠠᠨ ᠪᠡᠯᠬᠡᠯᠡᠵᠥ᠂ | ᠲᠡᠷᠢᠬᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠲᠤᠤᠷ᠎ᠡ ᠲᠤᠮᠳᠠᠳᠤ ᠤᠯᠤᠰ ᠤᠯᠠᠮ ᠬᠦᠭᠵᠢᠨ ᠴᠡᠴᠡᠭᠯᠡᠵᠥ | ᠪᠠᠶᠠᠵᠢᠨ ᠬᠦᠴᠦᠷᠬᠡᠭᠵᠢᠵᠥ᠂ ᠡᠷᠳᠡ ᠨᠢᠬᠡᠨ ᠡᠳᠤᠷ ᠦᠨᠳᠦᠰᠦᠳᠡᠨ ᠤ ᠰᠡᠷᠬᠦᠨ ᠮᠠᠨᠳᠤᠯᠳᠠ ᠶᠢᠨ ᠠᠭᠤᠤ ᠶᠡᠭᠡ | ᠦᠢᠯᠡᠰ ᠢᠶᠠᠨ ᠪᠡᠶᠡᠯᠡᠬᠦᠯᠬᠦ ᠶᠢ ᠬᠦᠰᠡᠨ ᠵᠦᠩᠨᠡᠵᠦ ᠪᠠᠶᠢᠨ᠎ᠠ᠃ | ᠠᠯᠢᠪᠦ᠋ᠸᠧᠹ᠂ ᠲᠤᠮᠳᠠᠳᠤ ᠤᠯᠤᠰ ᠪᠤᠯ ᠦᠽᠪᠧᠺᠰᠲ᠋ᠠᠨ ᠤ ᠬᠠᠮᠤᠭ ᠤᠨ ᠲᠤᠳᠤᠨᠤ ᠪᠦᠬᠡᠳ ᠬᠠᠮᠤᠭ ᠤᠨ | ᠨᠠᠶᠢᠳᠠᠪᠤᠷᠢᠳᠡᠢ ᠬᠦᠷᠰᠢ ᠪᠠ ᠬᠠᠨᠢᠳᠠᠨ ᠪᠤᠯᠤᠨ᠎ᠠ᠃ ᠦᠽᠪᠧᠺᠰᠲ᠋ᠠᠨ ᠤ ᠬᠢᠨ ᠲᠤᠮᠳᠠᠳᠤ ᠤᠯᠤᠰ ᠲᠠᠢ ᠬᠠᠮᠳᠤ ᠪᠠᠷ | ᠬᠤᠶᠠᠷ ᠤᠯᠤᠰ ᠤᠨ ᠲᠡᠷᠢᠬᠦᠨ ᠤ ᠲᠤᠬᠢᠷᠠᠯᠴᠠᠭᠰᠠᠠ ᠴᠢᠬᠤᠯᠠ ᠬᠠᠮᠳᠤ ᠶᠢᠨ ᠲᠠᠨᠢᠯᠳᠠ ᠶᠢ ᠡᠷᠡᠰ | ᠨᠠᠶᠢᠳᠠᠪᠤᠷᠢᠵᠢᠭᠤᠯᠤᠨ᠎ᠠ᠃ ᠶᠡᠷᠤᠩᠬᠡᠶᠢᠯᠡᠭᠴᠢ ᠮᠢᠷᠵᠢᠶᠤᠶᠧᠹ ᠤᠨ ᠵᠢᠭᠠᠪᠤᠷᠢ ᠪᠠᠷ ᠦᠽᠪᠧᠺᠰᠲ᠋ᠠᠨ ᠤ ᠬᠢᠨ ᠲᠤᠰᠬᠠᠢ | ᠪᠠᠶᠢᠭᠤᠯᠤᠮᠵᠢ ᠪᠠᠶᠢᠭᠤᠯᠵᠥ᠂ ᠲᠤᠮᠳᠠᠳᠤ ᠤᠯᠤᠰ ᠯᠤᠭ᠎ᠠ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠨ | ᠵᠤᠯᠭᠠᠭᠤᠯᠤᠨ᠂ ︽ᠨᠢᠬᠡ ᠪᠦᠰᠡ ᠨᠢᠬᠡ ᠵᠠᠮ︾ ᠤᠨ ᠬᠠᠮᠳᠤᠷᠠᠯᠴᠠᠭ᠎ᠠ ᠶᠢ ᠢᠳᠡᠪᠬᠢᠳᠡᠢ ᠠᠬᠢᠭᠤᠯᠵᠥ᠂ ᠠᠷᠠᠳ ᠤᠨ | ᠪᠠ ᠰᠤᠶᠤᠯ ᠢᠷᠬᠡᠨᠰᠢᠯ ᠤᠨ ᠰᠤᠯᠢᠯᠴᠠᠭ᠎ᠠ ᠪᠠᠨ ᠦᠷᠬᠡᠳᠬᠡᠨ᠂ ᠬᠤᠶᠠᠷ ᠤᠯᠤᠰ ᠤᠨ ᠤᠯᠠᠮᠵᠢᠯᠠᠯᠳᠤ ᠨᠦᠬᠦᠷᠯᠡᠯ ᠢ | ᠬᠦᠨᠵᠡᠬᠡᠶᠢᠷᠡᠬᠦᠯᠵᠥ ᠪᠠᠶᠢᠨ᠎ᠠ᠃ ᠦᠽᠪᠧᠺᠰᠲ᠋ᠠᠨ ᠤ ᠲᠠᠯ᠎ᠠ ᠶᠢᠨ ᠬᠢᠨ ᠲᠤᠮᠳᠠᠳᠤ ᠤᠯᠤᠰ ᠤᠨ ᠤᠯᠤᠰ ᠤᠨ ᠡᠷᠬᠡ | ᠮᠡᠳᠡᠯ᠂ ᠠᠮᠤᠷ ᠲᠦᠪᠰᠢᠨ ᠪᠤᠯᠤᠨ ᠨᠢᠬᠡᠳᠤᠯ ᠢᠶᠠᠨ ᠬᠠᠮᠠᠭᠠᠯᠠᠬᠤ ᠶᠢ ᠡᠷᠡᠰ ᠲᠡᠮᠵᠢᠵᠥ᠂ ᠲᠤᠷᠠᠳᠠᠶ᠎ᠠ ᠲᠤᠮᠳᠠᠳᠤ | ᠤᠯᠤᠰ ᠲᠠᠢ ᠢᠳᠡᠪᠬᠢᠳᠡᠢ ᠬᠠᠮᠵᠢᠯᠴᠠᠵᠥ ᠪᠠᠶᠢᠭᠠᠳ ︽ᠭᠤᠷᠪᠠᠨ ᠵᠦᠢᠯ ᠤᠨ ᠬᠦᠴᠦᠨ︾ ᠳᠤ ᠴᠤᠬᠢᠯᠳᠠ ᠦᠭᠬᠦᠨ᠎ᠡ | ᠬᠡᠵᠥ ᠢᠯᠡᠳᠬᠡᠪᠡ᠃ | ᠶᠠᠩ ᠵᠢᠶᠧ ᠤᠤᠢ᠂ ᠸᠠᠩ ᠢ᠂ ᠾᠧ ᠯᠢ ᠹᠧᠩ ᠨᠠᠷ ᠠᠭᠤᠯᠵᠠᠯᠳᠡ ᠳᠤ ᠤᠷᠤᠯᠴᠠᠵᠠᠢ᠃ | |