︽ᠤᠷᠳᠤᠰ ᠮᠢᠨᠦ ᠦᠯᠦᠬᠡᠢ ᠰᠠᠶᠢᠨ ᠰᠠᠶᠢᠬᠠᠨ ᠨᠤᠲᠤᠭ ᠤᠰᠤ ᠪᠠᠨ ᠰᠠᠬᠢᠨ ᠪᠠᠷᠠᠯᠠᠵᠤ ᠬᠠᠮᠲᠤ ᠪᠠᠷ ᠴᠤᠭᠴᠠᠯᠠᠶ᠎ᠠ︾ ᠬᠤᠶᠠᠳᠤᠭᠠᠷ ᠤᠳᠠᠭᠠᠨ ᠤ ᠦᠥᠰᠢᠨ ᠬᠤᠰᠢᠭᠤᠨ ᠤ ᠤᠯᠠᠨ ᠲᠦᠮᠡᠨ ︵ᠰᠤᠶᠤᠯ ᠤᠨ ᠲᠤᠭᠤᠶᠢᠯᠠᠩ︶ ᠤ ᠤᠷᠠᠨ ᠰᠠᠶᠢᠬᠠᠨ ᠤ ᠴᠤᠭᠯᠠᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2019-08-06
     ᠤᠶᠢᠷ᠎ᠠ ᠳᠤ᠂ ᠬᠤᠰᠢᠭᠤ ᠰᠤᠶᠤᠯ ᠪᠠ ᠵᠢᠭᠤᠯᠴᠢᠯᠠᠯ ᠤᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠬᠤᠰᠢᠭᠤ ᠰᠤᠶᠤᠯ ᠤᠨ ᠤᠷᠳᠤᠨ ᠠᠴᠠ ᠲᠠᠭᠠᠭᠠᠴᠢᠯᠠᠨ ᠡᠷᠬᠢᠯᠡᠭᠰᠡᠨ ︽ᠤᠷᠳᠤᠰ ᠮᠢᠨᠦ ᠦᠯᠦᠬᠡᠢ ᠰᠠᠶᠢᠨ ᠰᠠᠶᠢᠬᠠᠨ ᠨᠤᠲᠤᠭ ᠤᠰᠤ ᠪᠠᠨ ᠰᠠᠬᠢᠨ ᠪᠠᠷᠠᠯᠠᠵᠤ ᠬᠠᠮᠲᠤ ᠪᠠᠷ ᠴᠤᠭᠴᠠᠯᠠᠶ᠎ᠠ︾ ᠬᠤᠶᠠᠳᠤᠭᠠᠷ ᠤᠳᠠᠭᠠᠨ ᠤ ᠦᠥᠰᠢᠨ ᠬᠤᠰᠢᠭᠤᠨ ᠤ ᠤᠯᠠᠨ ᠲᠦᠮᠡᠨ ︵ᠰᠤᠶᠤᠯ ᠤᠨ ᠲᠤᠭᠤᠶᠢᠯᠠᠩ︶ ᠤ ᠤᠷᠠᠨ ᠰᠠᠶᠢᠬᠠᠨ ᠤ ᠴᠤᠭᠯᠠᠭᠠᠨ ᠠᠮᠵᠢᠯᠲᠠ ᠲᠠᠢ ᠶᠠᠪᠤᠭᠳᠠᠪᠠ᠃      ᠲᠤᠰ ᠤᠳᠠᠭᠠᠨ ᠤ ᠤᠷᠠᠨ ᠰᠠᠶᠢᠬᠠᠨ ᠤ ᠲᠤᠭᠯᠠᠯᠲᠠ ᠳᠤ ᠨᠡᠶᠢᠲᠡ 17 ᠰᠤᠶᠤᠯ ᠤᠨ ᠲᠤᠭᠤᠶᠢᠯᠠᠩ ᠤᠷᠤᠯᠴᠠᠵᠤ ᠬᠦᠭᠵᠢᠮᠳᠡᠬᠦ᠂ ᠲᠠᠭᠤᠯᠠᠬᠤ᠂ ᠪᠦᠵᠢᠭᠯᠡᠬᠦ ᠵᠡᠷᠭᠡ ᠦᠨᠳᠦᠰᠦᠲᠡᠨ ᠤ ᠤᠨᠴᠠᠯᠢᠭ ᠲᠠᠢ ᠲᠤᠭᠯᠠᠯᠲᠠ ᠪᠠᠷ  ᠢᠶᠠᠨ ᠮᠦᠷᠦᠶᠢᠴᠡᠯ᠎ᠡ᠃ ᠦᠥᠰᠢᠨ ᠬᠤᠰᠢᠭᠤᠨ ᠤ ︽ᠨᠤᠮᠢᠨ ᠤᠶᠠᠩᠭ᠎ᠠ︾ ᠱᠠᠨᠵᠠ ᠬᠦᠭᠵᠢᠮ ᠤᠨ ᠨᠡᠶᠢᠬᠡᠮᠯᠢᠭ ᠪᠤᠯ ᠲᠠᠷᠤᠢ ᠲᠤᠰ ᠤᠳᠠᠭᠠᠨ ᠤ ᠰᠤᠶᠤᠯ ᠤᠨ ᠲᠤᠭᠤᠶᠢᠯᠡᠩ ᠤᠷᠠᠨ ᠰᠠᠶᠢᠬᠠᠨ ᠤ ᠴᠤᠭᠯᠠᠭᠠᠨ ᠳᠤ ᠤᠷᠤᠯᠴᠠᠵᠤ ᠪᠠᠶᠢᠭ᠎ᠠ ᠨᠡᠶᠢᠬᠡᠮᠯᠢᠭ ᠤᠨ ᠨᠢᠭᠡ ᠪᠤᠯᠤᠨ᠎ᠠ᠃ 33 ᠨᠠᠰᠤᠨ ᠠᠴᠠ 70 ᠶᠢᠨ ᠲᠠᠪᠠᠭ᠎ᠠ ᠶᠢ ᠲᠠᠪᠠᠵᠤ ᠪᠠᠶᠢᠭ᠎ᠠ ᠨᠠᠰᠤᠲᠠᠨ ᠢᠶᠠᠷ ᠪᠥᠷᠢᠯᠳᠥᠭᠰᠠᠨ ᠲᠤᠰ ᠨᠠᠶᠢᠭᠡᠮᠯᠢᠭ ᠦᠨᠳᠦᠰᠦᠲᠡᠨ ᠤ ᠰᠤᠶᠤᠯ ᠤᠷᠠᠯᠢᠭ ᠢᠶᠠᠨ ᠭᠡᠭᠡᠭᠳᠡᠭᠦᠯᠵᠦ ᠤᠷᠬᠢᠭᠳᠠᠭᠤᠯᠬᠤ ᠦᠭᠡᠢ ᠪᠠᠷ ᠴᠠᠭ ᠥᠷᠭᠦᠯᠵᠢ ᠴᠢᠷᠮᠠᠶᠢᠵᠤ ᠶᠠᠪᠤᠭ᠎ᠠ ᠪᠥᠭᠡᠳ ᠡᠨᠡ ᠤᠳᠠᠭ᠎ᠠ ᠲᠡᠳᠡ ︽ᠪᠠᠷᠠᠭᠤᠨ ᠪᠤᠯᠠᠭ ᠤᠨ ᠤᠰᠤ︾᠂ ︽ᠮᠠᠭᠲᠠᠭᠠᠯ ᠲᠠᠭᠤᠤ︾᠂ ︽ᠤᠯᠠᠭᠠᠨ ᠽᠠᠨᠳᠠᠨ ᠰᠢᠷᠡᠭᠡ︾ ᠵᠡᠷᠭᠡ ᠠᠷᠠᠳ ᠤᠨ  ᠲᠠᠭᠤᠤ ᠬᠤᠭᠤᠷ ᠢᠶᠠᠷ ᠦᠵᠡᠭᠴᠢ ᠤᠯᠠᠨ ᠤ ᠬᠠᠷᠠᠭ᠎ᠠ ᠰᠤᠨᠤᠷ ᠢ ᠪᠠᠶᠠᠰᠬᠠᠯ᠎ᠠ᠃      ︽ᠨᠤᠮᠢᠨ ᠤᠶᠠᠩᠭ᠎ᠠ ᠱᠠᠨᠵᠠ ᠬᠦᠭᠵᠢᠮ︾   ᠤᠨ ᠨᠡᠶᠢᠬᠡᠮᠯᠢᠭ ᠤᠨ ᠭᠡᠰᠢᠬᠦᠨ ᠽᠠᠨᠳᠠᠨ᠄  ︽ᠪᠢ ᠪᠠᠭ᠎ᠠ  ᠠᠴᠠ ᠪᠠᠨ ᠤᠷᠠᠯᠢᠭ ᠲᠤ ᠲᠤᠷᠠᠲᠠᠢ᠃ ᠡᠨᠡ ᠰᠤᠶᠤᠯ ᠤᠨ ᠲᠤᠭᠤᠶᠢᠯᠠᠩ ᠳᠤ ᠢᠷᠡᠭᠰᠡᠨ ᠬᠤᠶᠢᠨ᠎ᠠ ᠨᠠᠶᠢᠷᠠᠯᠠᠬᠤ ᠪᠦᠵᠢᠭᠯᠡᠬᠦ ᠲᠠᠯ᠎ᠠ ᠪᠠᠷ ᠤᠯᠠᠮ ᠠᠪᠢᠶᠠᠰᠲᠠᠢ ᠪᠤᠯᠵᠤ ᠬᠤᠵᠢᠮ ᠮᠤᠩᠭᠤᠯ ᠰᠤᠶᠤᠯ ᠢᠶᠠᠨ ᠤᠯᠠᠮ ᠬᠦᠭᠵᠢᠭᠦᠯᠵᠤ ᠰᠤᠶᠤᠯ ᠤᠨ ᠲᠤᠭᠤᠶᠢᠯᠠᠩ ᠢᠶᠠᠨ ᠤᠯᠠᠮ ᠦᠨᠳᠦᠷ ᠳᠡᠰ ᠲᠤ ᠬᠦᠷᠭᠡᠶ᠎ᠡ ᠭᠡᠵᠦ ᠪᠤᠳᠤᠵᠤ ᠪᠠᠶᠢᠨ᠎ᠠ︾ ᠭᠡᠪᠡ᠃      ᠦᠵᠡᠭᠴᠢ ᠴᠠᠭᠳᠤᠷᠰᠡᠷᠡᠩ᠄ ︽ᠰᠤᠶᠤᠯ ᠤᠨ ᠲᠤᠭᠤᠶᠢᠯᠠᠩ ᠨᠢ ᠤᠯᠠᠭᠠᠨᠮᠦ᠋ᠴᠢᠷ ᠲᠠᠢ ᠠᠳᠠᠯᠢ᠂ ᠦᠨᠳᠦᠰᠦᠨ ᠱᠠᠲᠤᠨ ᠳᠤ ᠨᠠᠮ ᠤᠨ ᠴᠢᠭᠯᠡᠯ ᠲᠦᠷᠦ ᠶᠢᠨ ᠪᠤᠳᠤᠯᠭ᠎ᠠ ᠶᠢ ᠰᠢᠭᠤᠳ ᠤᠯᠠᠮᠵᠢᠯᠠᠵᠤ ᠶᠠᠪᠤᠳᠠᠭ ᠭᠠᠪᠰᠢᠭᠠᠢ ᠠᠩᠬᠢ᠃ ᠮᠦᠨ ᠴᠦ ᠦᠨᠳᠦᠰᠦᠲᠡᠨ ᠤ ᠢᠵᠠᠭᠤᠷ ᠤᠷᠠᠯᠢᠭ ᠢ ᠤᠭ ᠶᠤᠰᠤᠭᠠᠷ ᠤᠯᠠᠨ ᠲᠦᠮᠡᠨ ᠤ ᠲᠤᠮᠳᠠ ᠭᠦᠨᠵᠡᠭᠡᠶᠢᠷᠡᠵᠤ ᠰᠤᠷᠪᠤᠯᠵᠢᠯᠠᠵᠤ᠂  ᠲᠠᠬᠢᠭᠠᠳ ᠲᠠᠶᠢᠰᠠᠨ ᠤ ᠤᠷᠠᠯᠢᠭ ᠪᠤᠯᠭᠠᠭᠠᠳ ᠤᠯᠠᠨ ᠲᠦᠮᠡᠨ ᠳᠤ ᠤᠬᠠᠭᠤᠯᠵᠤ ᠶᠠᠪᠤᠵᠤ ᠪᠠᠶᠢᠬᠤ ᠨᠢ ᠶᠡᠭᠡ ᠰᠠᠶᠢᠬᠠᠨ ᠪᠠᠶᠢᠨ᠎ᠠ᠃ ᠡᠨᠡ ᠠᠵᠢᠯᠯᠠᠭ᠎ᠠ ᠨᠢ ᠮᠠᠨ ᠤ ᠨᠠᠰᠤᠲᠠᠶᠢᠴᠤᠳ ᠠᠴᠠ ᠡᠬᠢᠯᠡᠭᠡᠳ ᠵᠠᠯᠠᠭᠤᠴᠤᠳ ᠪᠤᠯᠲᠠᠯ᠎ᠠ ᠪᠠᠨ ᠪᠦᠷ ᠰᠤᠶᠤᠯ ᠤᠷᠠᠯᠢᠭ ᠢᠶᠠᠨ ᠬᠠᠶᠢᠷᠠᠯᠠᠵᠤ᠂ ᠬᠦᠨᠳᠦᠳᠬᠡᠵᠦ᠂ ᠵᠠᠯᠭᠠᠮᠵᠢᠯᠠᠵᠤ ᠬᠦᠭᠵᠢᠭᠦᠯᠵᠦ ᠶᠠᠪᠤᠵᠤ ᠪᠠᠶᠢᠬᠤ ᠨᠢ ᠶᠡᠭᠡ ᠰᠠᠶᠢᠬᠠᠨ ᠦᠵᠡᠭᠳᠡᠯ ᠭᠡᠵᠦ ᠤᠶᠢᠯᠠᠭᠠᠵᠤ ᠪᠠᠶᠢᠨ᠎ᠠ︾ ᠭᠡᠵᠤ ᠶᠠᠷᠢᠵᠤ ᠪᠠᠶᠢᠯ᠎ᠠ᠃      ᠮᠠᠨ ᠤ ᠬᠤᠰᠢᠭᠤᠨ ᠳᠤ ᠤᠳᠤ 84 ᠰᠤᠶᠤᠯ ᠤᠨ ᠲᠤᠭᠤᠶᠢᠯᠠᠩ ᠲᠠᠢ ᠪᠠᠶᠢᠵᠤ ᠭᠤᠤᠯᠳᠠᠭᠤ ᠠᠵᠢᠯ ᠠᠴᠠ ᠠᠮᠠᠷᠠᠭᠰᠠᠨ ᠺᠠᠳ᠋ᠷ᠂ ᠮᠠᠯᠴᠢᠨ ᠲᠠᠷᠢᠶᠠᠴᠢᠨ᠂ ᠤᠷᠠᠯᠢᠭ ᠲᠤ ᠪᠠᠭ᠋ᠠᠲᠠᠢ ᠬᠦᠮᠦᠰ ᠢᠶᠠᠷ ᠪᠦᠷᠢᠯᠳᠤᠵᠤ ᠤᠯᠠᠨ ᠨᠠᠶᠢᠳᠠ  ᠶᠢᠨ ᠰᠤᠶᠤᠯ ᠤᠨ ᠠᠵᠢᠯᠯᠠᠭᠠᠨ ᠳᠤ ᠢᠳᠡᠪᠭᠢᠯᠠᠨ ᠤᠷᠤᠯᠴᠠᠵᠤ ᠦᠨᠳᠦᠰᠦᠨ ᠱᠠᠲᠤᠨ ᠤ ᠭᠠᠴᠠᠭ᠎ᠠ ᠲᠤᠰᠬᠤᠨ ᠤᠯᠠᠨ ᠲᠦᠮᠡᠨ ᠤ ᠲᠤᠮᠳᠠ ᠰᠤᠶᠤᠯ ᠤᠷᠠᠯᠢᠭ ᠤᠨ ᠲᠤᠭᠯᠠᠯᠲᠠ ᠭᠠᠷᠭᠠᠵᠤ ᠰᠤᠶᠤᠯ ᠤᠨ ᠦᠢᠯᠡᠴᠢᠯᠡᠭᠡ ᠬᠠᠩᠭᠠᠳᠠᠭ ᠪᠠᠶᠢᠨ᠎ᠠ ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号