ᠠᠷᠪᠠᠨ ᠬᠤᠶᠠᠳᠤᠭᠠᠷ ᠬᠤᠭᠤᠴᠠᠭᠠᠨ ᠤ ᠣᠷᠳᠣᠰ ᠮᠣᠩᠭᠤᠯᠴᠤᠳ ᠤᠨ ᠶᠣᠰᠣ ᠰᠤᠷᠲᠠᠬᠤᠨ ᠵᠠᠩ ᠦᠢᠯᠡ ᠎ ᠶᠢᠨ ᠵᠢᠭᠤᠯᠴᠢᠯᠠᠯ ᠤᠨ ᠨᠠᠶᠢᠷ ᠠᠷᠪᠠᠨ ᠭᠤᠷᠪᠠᠳᠤᠭᠠᠷ ᠬᠤᠭᠤᠴᠠᠭᠠᠨ ᠤ ᠴᠠᠭᠠᠨ ᠰᠦᠯᠳᠡ ᠶᠢᠨ ᠨᠠᠭᠠᠳᠤᠮ ᠵᠢᠴᠢ ᠠᠩᠬᠠᠳᠤᠭᠠᠷ ᠬᠤᠭᠤᠴᠠᠭᠠᠨ ᠤ ︽ᠦᠦᠰᠢᠨ ᠠᠳᠤᠭᠤ︾ ᠮᠣᠷᠢᠨ ᠤᠷᠤᠯᠳᠤᠭᠠᠨ ᠠᠮᠵᠢᠯᠲᠠ ᠲᠠᠢ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2019-08-07
     8 ᠰᠠᠷ᠎ᠠ ᠶᠢᠨ 3᠎ ᠤ ᠡᠳᠦᠷ ᠠᠴᠠ 5᠎ ᠤ ᠡᠳᠦᠷ ᠪᠤᠯᠳᠠᠯ᠎ᠠ᠂ ᠠᠷᠪᠠᠨ ᠬᠤᠶᠠᠳᠤᠭᠠᠷ ᠬᠤᠭᠤᠴᠠᠭᠠᠨ ᠤ ᠣᠷᠳᠣᠰ ᠮᠣᠩᠭᠤᠯᠴᠤᠳ ᠤᠨ ᠶᠣᠰᠣ ᠰᠤᠷᠲᠠᠬᠤᠨ ᠵᠠᠩ ᠦᠢᠯᠡ ᠶᠢᠨ ᠵᠢᠭᠤᠯᠴᠢᠯᠠᠯ ᠤᠨ ᠨᠠᠶᠢᠷ᠂ ᠠᠷᠪᠠᠨ ᠭᠤᠷᠪᠠᠳᠤᠭᠠᠷ ᠬᠤᠭᠤᠴᠠᠭᠠᠨ ᠤ ᠴᠠᠭᠠᠨ ᠰᠦᠯᠳᠡ ᠶᠢᠨ ᠨᠠᠭᠠᠳᠤᠮ ᠵᠢᠴᠢ ᠠᠩᠬᠠᠳᠤᠭᠠᠷ ᠬᠤᠭᠤᠴᠠᠭᠠᠨ ᠤ ︽ᠦᠦᠰᠢᠨ ᠠᠳᠤᠭᠤ︾ ᠮᠣᠷᠢᠨ ᠤᠷᠤᠯᠳᠤᠭᠠᠨ ᠴᠠᠭᠠᠨ ᠰᠦᠯᠳᠡ ᠨᠡᠭᠦᠳᠡᠯ ᠮᠠᠯᠵᠢᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠳᠤ ᠶᠠᠪᠤᠭᠳᠠᠭᠰᠠᠨ ᠪᠠᠶᠢᠨ᠎ᠠ᠃ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠵᠣᠤ ᠽᠢ ᠢ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠦ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠬᠤᠣ ᠸᠧᠢ ᠵᠡᠷᠭᠡ ᠬᠡᠰᠡᠭ ᠬᠤᠰᠢᠭᠤ ᠳᠦᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠬᠦᠨ ᠠᠵᠢᠯᠯᠠᠭᠠᠨ ᠳᠤ ᠣᠷᠣᠯᠴᠠᠪᠠ᠃ ᠠᠵᠢᠯᠯᠠᠭᠠᠨ ᠳᠤ ᠬᠤᠰᠢᠭᠤ ᠤᠯᠠᠭᠠᠨᠮᠥ᠋ᠴᠢᠷ᠂ ᠮᠣᠷᠢᠨ ᠬᠤᠭᠤᠷ ᠤᠨ ᠰᠢᠮᠫᠣᠨᠢ ᠨᠠᠶᠢᠷᠠᠯ ᠬᠥᠭᠵᠢᠮ ᠤᠨ ᠪᠦᠯᠬᠦᠮ᠂ ᠥᠪᠤᠷ ᠮᠣᠩᠭᠤᠯ ᠱᠠᠨᠰᠢ ᠨᠢᠩᠰᠢᠶᠠ ᠶᠢᠨ ᠮᠠᠨᠵᠤ ᠳᠡᠪᠡᠯ ᠤᠨ ᠦᠵᠡᠭᠦᠯᠤᠯᠭᠡ ᠶᠢᠨ ᠪᠦᠯᠬᠦᠮ ᠵᠡᠷᠭᠡ ᠠᠴᠠ ᠭᠤᠶᠢᠲᠠ ᠰᠠᠶᠢᠬᠠᠨ ᠲᠣᠭᠯᠠᠯᠲᠠ ᠭᠠᠷᠭᠠᠵᠤ ᠬᠦᠷᠦᠯᠴᠡᠨ ᠢᠷᠡᠭᠰᠡᠨ ᠵᠤᠭᠠᠴᠠᠭᠴᠢ ᠣᠯᠠᠨ ᠤ ᠬᠠᠷᠠᠭ᠎ᠠ ᠰᠣᠨᠣᠷ ᠢ ᠮᠢᠯᠢᠶᠠᠭᠰᠠᠨ ᠤ ᠬᠠᠮᠲᠤ ᠲᠠᠯ᠎ᠠ ᠨᠤᠲᠤᠭ ᠤᠨ ᠥᠬᠢᠳ ᠬᠦᠪᠡᠭᠦᠳ ᠤᠨ ᠡᠬᠡ ᠤᠯᠤᠰ ᠡᠬᠡ ᠣᠷᠣᠨ ᠳᠠᠭᠠᠨ ᠬᠢᠵᠠᠭᠠᠯᠠᠰᠢ ᠦᠭᠡᠢ ᠬᠠᠶᠢᠷᠠᠲᠠᠢ ᠪᠠᠶᠢᠭ᠎ᠠ ᠰᠡᠳᠬᠢᠯᠭᠡ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃
     ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠠᠵᠢᠯᠯᠠᠭ᠎ᠠ ᠡᠬᠢᠯᠡᠭᠰᠡᠨ ᠢ ᠵᠠᠷᠯᠠᠵᠦ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠦ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠶᠠᠷᠢᠶ᠎ᠠ ᠲᠠᠯᠪᠢᠪᠠ᠃ ᠲᠡᠷᠡ ᠵᠢᠭᠠᠬᠤ ᠳᠠᠭᠠᠨ᠂ ᠣᠷᠳᠣᠰ ᠮᠣᠩᠭᠤᠯᠴᠤᠳ ᠤᠨ ᠶᠣᠰᠣ ᠰᠤᠷᠲᠠᠬᠤᠨ ᠵᠠᠩ ᠦᠢᠯᠡ ᠵᠢᠭᠤᠯᠴᠢᠯᠠᠯ ᠤᠨ ᠨᠠᠶᠢᠷ ᠪᠣᠯᠣᠨ ᠨᠠᠭᠠᠳᠤᠮ ᠤᠨ ᠶᠡᠭᠡ ᠬᠤᠷᠠᠯ ᠢ ᠮᠠᠨ ᠤ ᠬᠤᠰᠢᠭᠤᠨ ᠤ ᠎ ᠬᠢᠨ ᠣᠯᠠᠨ ᠵᠢᠯ ᠥᠷᠨᠢᠭᠦᠯᠦᠭᠰᠡᠭᠡᠷ ᠢᠷᠡᠭᠰᠡᠨ ᠪᠠᠶᠢᠨ᠎ᠠ᠃ ᠡᠨᠡ ᠨᠢ ᠮᠠᠨ ᠤ ᠦᠦᠰᠢᠨ ᠬᠥᠮᠦᠰ ᠤᠨ ᠬᠠᠯᠠᠭᠤᠮᠰᠤᠭ ᠰᠡᠳᠬᠢᠯᠭᠡ ᠪᠠ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠬᠠᠷᠠᠭᠤᠯᠵᠤ ᠪᠠᠶᠢᠬᠤ ᠪᠥᠭᠡᠳ ᠦᠨᠳᠦᠰᠦᠲᠡᠨ ᠣᠯᠠᠨ ᠲᠦᠮᠡᠨ ᠤ ᠰᠡᠳᠬᠢᠯ ᠨᠢᠭᠡᠳᠦᠨ ᠬᠠᠷᠢᠯᠴᠠᠨ ᠬᠠᠪᠰᠤᠷᠤᠯᠴᠠᠵᠤ ᠰᠠᠶᠢᠨ ᠰᠠᠶᠢᠬᠠᠨ ᠭᠡᠷ ᠣᠷᠣᠨ ᠎ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠴᠢᠩ ᠦᠨᠡᠨᠴᠢ ᠬᠦᠰᠡᠯ ᠡᠷᠡᠮᠡᠯᠵᠡᠯ ᠢ ᠬᠠᠷᠠᠭᠤᠯᠵᠤ ᠪᠠᠶᠢᠭ᠎ᠠ ᠶᠤᠮ᠃ ᠦᠦᠰᠢᠨ ᠠᠳᠤᠭᠤ ᠪᠣᠯ ᠮᠣᠩᠭᠤᠯ ᠮᠣᠷᠢᠨ ᠤ ᠨᠢᠭᠡᠨ ᠰᠢᠯᠢᠳᠡᠭ ᠲᠥᠷᠥᠯ ᠪᠣᠯᠤᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠴᠢᠬᠤᠯᠠ ᠠᠭᠤᠯᠭ᠎ᠠ ᠶᠢᠨ ᠨᠢᠭᠡ ᠪᠣᠯᠤᠭᠰᠠᠨ ᠎ ᠤ ᠬᠤᠪᠢ ᠳᠤ ᠲᠣᠰ ᠤᠳᠠᠭᠠᠨ ᠤ ᠰᠢᠷᠢᠰ ᠠᠵᠢᠯᠯᠠᠭ᠎ᠠ ᠨᠢ ︽ᠦᠨᠳᠦᠰᠦᠲᠡᠨ ᠤ ᠵᠠᠩ ᠦᠢᠯᠡ᠂ ᠦᠤᠰᠢᠨ ᠠᠳᠤᠭᠤᠨ ᠤ ᠵᠣᠷᠢᠭ ᠰᠠᠨᠠᠭ᠎ᠠ ᠶᠢ ᠣᠶᠢᠯᠠᠭᠠᠬᠤ︾᠎ ᠪᠠᠷ ᠭᠤᠣᠯ ᠰᠡᠳᠦᠪ ᠪᠣᠯᠭᠠᠵᠤ᠂ ᠡᠷ᠎ᠡ ᠶᠢᠨ ᠭᠤᠷᠪᠠᠨ ᠨᠠᠭᠠᠳᠤᠮ ᠂ ᠠᠮᠲᠠᠲᠤ ᠢᠳᠡᠭᠡᠨ᠂ ᠤᠷᠠᠨ ᠰᠠᠶᠢᠬᠠᠨ ᠤ ᠦᠵᠡᠭᠦᠯᠦᠯᠭᠡ᠂ ᠠᠷᠠᠯᠵᠢᠶ᠎ᠠ ᠬᠤᠳᠠᠯᠳᠤᠭᠠᠨ ᠤ ᠳᠡᠯᠭᠡᠨ ᠪᠣᠷᠣᠯᠠᠭᠤᠯᠭ᠎ᠠ ᠵᠡᠷᠭᠡ ᠤᠯᠠᠮᠵᠢᠯᠠᠯᠲᠤ ᠠᠭᠤᠯᠭ᠎ᠠ ᠶᠢ ᠲᠣᠬᠢᠷᠠᠭᠤᠯᠤᠭᠰᠠᠨ ᠰᠠᠭᠤᠷᠢᠨ ᠳᠡᠭᠡᠷ᠎ᠡ  ᠠᠩᠬᠠᠳᠤᠭᠠᠷ ᠬᠤᠭᠤᠴᠠᠭᠠᠨ ᠤ ︽ᠦᠦᠰᠢᠨ ᠠᠳᠤᠭᠤ︾ ᠮᠣᠷᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠵᠤ ᠠᠳᠤᠭᠤᠨ ᠰᠣᠶᠣᠯ ᠤᠨ ᠠᠭᠤᠯᠤᠭᠳᠠᠬᠤᠨ ᠢ ᠠᠭᠤᠲᠠᠯᠠᠨ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠲᠡᠷᠡᠴᠢᠯᠡᠨ ᠬᠡᠦᠬᠡᠳ ᠪᠠᠭᠠᠴᠤᠳ ᠲᠤ ︽ᠦᠦᠰᠢᠨ ᠠᠳᠤᠭᠤ︾᠎ ᠶᠢᠨ ᠵᠣᠷᠢᠭ ᠰᠠᠨᠠᠭ᠎ᠠ ᠶᠢ ᠤᠯᠠᠮᠵᠢᠯᠠᠵᠦ ᠵᠠᠯᠭᠠᠮᠵᠢᠯᠠᠨ ᠲᠦᠮᠡᠨ ᠣᠯᠠᠨ ᠢᠶᠠᠷ ᠢᠶᠠᠨ ᠪᠦᠯᠬᠦᠮᠳᠡᠨ ᠨᠢᠭᠲᠠᠷᠠᠵᠤ ᠡᠷᠡᠯᠬᠡᠭᠯᠡᠨ ᠲᠡᠮᠡᠴᠡᠵᠦ ᠦᠶᠯᠡᠰ ᠪᠣᠰᠬᠠᠬᠤ ᠰᠠᠶᠢᠨ ᠰᠠᠢᠬᠠᠨ ᠣᠶᠤᠨ ᠰᠠᠨᠠᠭᠠᠨ ᠤ ᠲᠦᠷᠢ ᠶᠢ ᠳᠡᠯᠭᠡᠨ ᠦᠵᠡᠭᠦᠯᠵᠦ ᠡᠬᠡ ᠤᠯᠤᠰ ᠤᠨ 70 ᠵᠢᠯ ᠤᠨ ᠤᠢ ᠳᠤ ᠪᠠᠶᠠᠷ ᠬᠥᠷ ᠲᠠᠢ᠂ ᠬᠥᠷ ᠬᠥᠭᠵᠢᠶᠡᠨ ᠲᠠᠢ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ ᠭᠡᠵᠡᠢ᠃
     ᠲᠤᠰ ᠤᠳᠠᠭᠠᠨ ᠤ ᠨᠠᠭᠠᠳᠤᠮ ᠨᠢ ᠦᠨᠳᠦᠰᠦᠲᠡᠨ ᠤ ᠰᠣᠶᠣᠯ ᠢ ᠵᠤᠭᠠᠴᠠᠯ ᠲᠠᠢ ᠤᠶᠠᠯᠳᠤᠭᠤᠯᠤᠨ ᠬᠥᠭᠵᠢᠭᠦᠯᠬᠦ ᠶᠢ ᠣᠨᠴᠠᠭᠠᠶᠢᠯᠠᠨ ᠴᠢᠬᠤᠯᠠᠴᠢᠯᠠᠵᠤ ᠡᠷ᠎ᠡ ᠶᠢᠨ ᠭᠤᠷᠪᠠᠨ ᠨᠠᠭᠠᠳᠤᠮ᠂ ᠣᠯᠠᠨ ᠤᠯᠤᠰ ᠤᠨ ᠰᠢᠷᠠᠭᠰᠠᠨ ᠦᠬᠡᠷ ᠤᠨ ᠮᠢᠬ᠎ᠠ ᠠᠮᠲᠠᠯᠠᠬᠤ ᠪᠣᠯᠣᠨ ᠳᠡᠯᠭᠡᠨ ᠦᠵᠡᠭᠦᠯᠬᠦ᠂ ᠠᠷᠠᠯᠵᠢᠶ᠎ᠠ ᠬᠤᠳᠠᠯᠳᠤᠭᠠᠨ ᠤ ᠳᠡᠯᠭᠡᠨ ᠪᠣᠷᠣᠯᠠᠭᠤᠯᠭ᠎ᠠ ᠂ ᠳᠠᠭᠤᠤ ᠬᠥᠭᠵᠢᠮ ᠤᠨ ᠲᠣᠭᠯᠠᠯᠲᠠ ᠵᠡᠷᠭᠡ ᠪᠠᠶᠠᠯᠢᠭ ᠠᠭᠤᠯᠭ᠎ᠠ ᠪᠠᠷ ᠭᠤᠷᠪᠠᠨ ᠡᠳᠦᠷ ᠤᠨ ᠬᠤᠭᠤᠴᠠᠭ᠎ᠠ ᠲᠠᠢ ᠦᠷᠭᠦᠯᠵᠢᠯᠡᠵᠦ 4.5 ᠲᠦᠮᠡᠨ ᠬᠥᠮᠥᠨ ᠤᠳᠠᠭᠠᠨ ᠤ ᠵᠤᠭᠠᠴᠠᠭᠰᠠᠳ ᠢ ᠬᠦᠯᠢᠶᠡᠨ ᠠᠪᠴᠤ 1300 ᠲᠦᠮᠡᠨ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠡᠭᠦᠳᠦᠭᠰᠡᠨ ᠪᠠᠶᠢᠨ᠎ᠠ᠃ᠣᠶᠢᠷ᠎ᠠ ᠶᠢᠨ ᠵᠢᠯ ᠳᠤ ᠮᠠᠨ ᠤ ᠬᠤᠰᠢᠭᠤ ᠭᠦᠨ ᠵᠤᠵᠠᠭᠠᠨ ᠲᠡᠤᠬᠡ ᠰᠣᠶᠣᠯ ᠤᠨ ᠠᠭᠤᠯᠬᠤᠨ ᠪᠠ ᠥᠪᠡᠷᠮᠢᠴᠡ ᠲᠠᠯ᠎ᠠ ᠨᠤᠲᠤᠭ ᠤᠨ ᠰᠣᠶᠣᠯ ᠢᠷᠭᠡᠨᠰᠢᠯ ᠤᠨ ᠳᠠᠪᠠᠭᠤᠯᠢᠭ ᠲᠠᠭᠠᠨ ᠲᠦᠰᠢᠭᠯᠡᠨ ᠥᠷᠭᠡᠨ ᠣᠯᠠᠨ ᠵᠤᠭᠠᠴᠠᠭᠰᠠᠳ ᠤᠨ ᠴᠢᠨᠠᠷ ᠰᠠᠶᠢᠲᠠᠶ ᠵᠢᠭᠤᠯᠴᠢᠯᠠᠯ ᠤᠨ ᠪᠦᠲᠦᠭᠡᠭᠳᠡᠬᠦᠨ ᠤ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ᠂ ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ᠂ ᠲᠥᠷᠥᠯ ᠵᠦᠢᠯ ᠢᠶᠠᠷ ᠬᠥᠳᠤᠯᠤᠨ ᠳᠠᠭᠠᠭᠤᠯᠬᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ  ᠣᠨᠴᠠᠯᠢᠭᠲᠤ ᠰᠣᠶᠣᠯ ᠬᠢᠭᠡᠳ ᠴᠢᠨᠠᠷ ᠰᠠᠶᠢᠲᠠᠶ ᠵᠢᠭᠤᠯᠴᠢᠯᠠᠯ ᠤᠨ ᠡᠬᠢ ᠪᠠᠶᠠᠯᠢᠭ ᠢ ᠬᠦᠨ ᠠᠭᠤᠰᠤᠯᠴᠠᠭᠤᠯᠵᠦ ᠵᠤᠭᠠᠴᠠᠯ ᠤᠨ ᠰᠠᠭᠤᠷᠢ ᠴᠢᠳᠠᠪᠬᠢ ᠶᠢ ᠬᠦᠴᠦᠯᠡᠨ ᠲᠡᠭᠦᠯᠳᠡᠷᠵᠢᠭᠦᠯᠵᠦ ᠵᠤᠭᠠᠴᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠥᠷᠭᠡᠨ ᠳᠡᠯᠭᠡᠷ ᠥᠷᠨᠢᠭᠦᠯᠤᠨ ︽ᠲᠡᠤᠬᠡ ᠰᠣᠶᠣᠯ ᠤᠨ ᠮᠥᠷᠳᠡᠯ᠂ ᠦᠨᠳᠦᠰᠦᠲᠡᠨ ᠤ ᠵᠠᠩ ᠦᠢᠯᠡ ᠶᠢ ᠣᠶᠢᠯᠠᠭᠠᠬᠤ᠂ ᠡᠯᠡᠰᠦᠨ ᠬᠠᠪᠴᠢᠯ ᠤᠨ ᠨᠠᠷᠢᠨ ᠨᠢᠭᠤᠴᠠ ᠶᠢ ᠬᠠᠶᠢᠬᠤ᠂ ᠠᠮᠢ ᠠᠬᠤᠢ ᠶᠢᠨ ᠲᠠᠯ᠎ᠠ ᠨᠤᠲᠤᠭ ᠢ ᠲᠣᠭᠤᠷᠢᠨ ᠦᠵᠡᠬᠦ︾ ᠳᠥᠷᠪᠡᠨ ᠶᠡᠭᠡ ᠭᠤᠣᠯ ᠰᠡᠳᠦᠪᠲᠦ ᠪᠦᠲᠦᠭᠡᠭᠳᠡᠬᠦᠨ ᠢ ᠭᠤᠣᠯᠳᠠᠯᠭ᠎ᠠ ᠲᠠᠢ ᠨᠡᠭᠡᠭᠡᠵᠦ ᠵᠤᠭᠠᠴᠠᠯ ᠤᠨ ᠲᠠᠲᠠᠬᠤ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ ᠦᠦᠰᠢᠨ ᠤ ᠨᠡᠷ᠎ᠡ ᠠᠯᠳᠠᠷᠰᠢᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ 2018 ᠣᠨ ᠳᠤ ᠮᠠᠨ ᠤ ᠬᠤᠰᠢᠭᠤᠨ ᠤ ᠵᠤᠭᠠᠴᠠᠭᠰᠠᠳ ᠤᠨ ᠲᠤᠭ᠎ᠠ 113 ᠲᠦᠮᠡᠨ ᠬᠥᠮᠦᠨ ᠤᠳᠠᠭ᠎ᠠ ᠶᠢ ᠳᠠᠪᠠᠨ ᠰᠠᠶᠢᠨ ᠰᠠᠶᠢᠬᠠᠨ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠣᠷᠴᠢᠨ ᠨᠦᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号