ᠤᠯᠠᠭᠠᠨᠲᠣᠯᠤᠭᠠᠢ ᠪᠠᠯᠭᠠᠰᠤᠨ ᠤ ᠮᠠᠯᠴᠢᠨ ᠲᠠᠷᠢᠶᠠᠴᠢᠨ ᠰᠤᠪᠢᠯᠠᠯᠲᠠ ᠶᠢᠨ ᠬᠦᠷᠢᠶᠡᠯᠡᠩ ᠲᠠᠢ ᠪᠣᠯᠤᠯ᠎ᠠ
ᠨᠡᠶᠢᠲᠡᠯᠡᠭᠰᠡᠨ ᠴᠠᠭ᠄
2019-08-07
     ᠤᠯᠭᠠᠨᠲᠣᠯᠣᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠮᠠᠯᠴᠢᠨ ᠰᠤᠪᠤᠳᠭᠤᠸ᠎ᠠ ᠶᠢᠨ ᠪᠠᠶᠢᠭᠤᠯᠤᠭᠰᠠᠨ ᠬᠤᠩ ᠹᠦ᠋ ᠶᠦᠨ ᠰᠤᠪᠢᠯᠠᠯ ᠤᠨ ᠬᠦᠷᠢᠶᠡᠯᠡᠩ ᠠᠰᠢᠭᠯᠠᠯᠲᠠ ᠳᠤ ᠣᠷᠣᠵᠤ ᠮᠠᠯᠴᠢᠨ ᠲᠠᠷᠢᠶᠠᠴᠢᠨ ᠭᠡᠷ ᠤᠨ ᠢᠶᠠᠨ ᠡᠭᠦᠳᠡᠨ ᠳᠡᠭᠡᠷ᠎ᠡ ᠡᠮ ᠡᠮᠨᠡᠯᠭᠡ᠂ ᠠᠰᠠᠷᠠᠯᠲᠠ ᠰᠤᠪᠢᠯᠠᠯ ᠤᠨ ᠦᠢᠯᠡᠴᠢᠯᠡᠭᠡ ᠬᠦᠷᠲᠡᠬᠦ ᠪᠣᠯᠪᠠ᠃      ᠣᠶᠢᠷ᠎ᠠ ᠶᠢᠨ ᠡᠳᠦᠷ᠂ ᠬᠤᠩ ᠹᠦ᠋ ᠶᠦᠨ ᠰᠤᠪᠢᠯᠠᠯ ᠤᠨ ᠬᠦᠷᠢᠶᠡᠯᠡᠩ ᠳᠤ ᠥᠪᠥᠷ ᠮᠣᠩᠭᠤᠯ ᠤᠨ ᠡᠮᠨᠡᠯᠭᠡ  ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠥᠪᠥᠷ ᠮᠣᠩᠭᠤᠯ ᠤᠨ ᠡᠬᠡ ᠨᠢᠯᠬᠠᠰ  ᠤᠨ ᠡᠷᠡᠭᠦᠯᠵᠢᠯ ᠤᠨ ᠲᠦᠪ ᠵᠡᠷᠭᠡ ᠬᠠᠮᠢᠶ᠎ᠠ ᠪᠦᠬᠦᠢ ᠭᠠᠵᠠᠷ ᠠᠴᠠ ᠠᠷᠪᠠ ᠭᠠᠷᠤᠢ ᠮᠡᠷᠭᠡᠵᠢᠯᠲᠡᠨ ᠢ ᠤᠷᠢᠵᠤ ᠮᠠᠯᠴᠢᠨ ᠲᠠᠷᠢᠶᠠᠴᠢᠨ ᠳᠤ ᠦᠨ᠎ᠡ ᠲᠥᠯᠥᠪᠦᠷᠢ ᠦᠭᠡᠢ ᠡᠮᠴᠢᠯᠡᠭᠡ ᠬᠢᠯᠭᠡᠭᠰᠡᠨ ᠪᠠᠶᠢᠨ᠎ᠠ᠃      ᠬᠤᠩ ᠹᠦ᠋ ᠶᠦᠨ ᠪᠡᠶ᠎ᠡ ᠰᠤᠪᠢᠯᠠᠬᠤ ᠬᠦᠷᠢᠶᠡᠯᠡᠩ ᠢ 2018 ᠤᠨ  ᠳᠤ ᠪᠠᠶᠢᠭᠤᠯᠵᠤ ᠣᠳᠣᠬᠠᠨ ᠳᠤ ᠡᠮᠴᠢ ᠶᠢᠨ ᠥᠷᠦᠭᠡ᠂ ᠨᠠᠰᠤᠲᠠᠶᠢᠴᠤᠳ ᠤᠨ ᠪᠠᠶᠢᠷᠢ᠂ ᠶᠠᠷᠢᠯᠴᠠᠵᠤ ᠰᠠᠭᠤᠬᠤ ᠠᠭᠤᠳᠠᠮ ᠲᠠᠯᠠᠪᠠᠢ᠂ ᠬᠤᠭᠤᠯᠠᠨ ᠭᠡᠷ ᠂ ᠪᠡᠶ᠎ᠡ ᠴᠢᠭᠢᠷᠠᠭᠵᠢᠭᠤᠯᠬᠤ ᠭᠠᠵᠠᠷ᠂ ᠲᠠᠪᠤᠨ ᠵᠠᠰᠠᠯ ᠤᠨ ᠭᠡᠷ ᠵᠡᠷᠭᠡ ᠨᠡᠶᠢᠲᠡ ᠭᠤᠴᠢ ᠭᠠᠷᠤᠢ ᠮᠤ᠋ ᠭᠠᠵᠠᠷ ᠤᠨ ᠪᠠᠷᠢᠯᠭ᠎ᠠ ᠲᠠᠢ ᠪᠠᠶᠢᠵᠤ ᠰᠤᠪᠢᠯᠠᠯᠲᠠ ᠶᠢᠨ ᠬᠦᠷᠢᠶᠡᠯᠡᠩ ᠨᠢ ᠪᠦᠬᠦ ᠨᠡᠶᠢᠬᠡᠮ ᠳᠤ ᠬᠠᠨᠳᠤᠭᠤᠯᠤᠨ ᠦᠷ᠎ᠡ ᠬᠡᠤᠬᠡᠳ ᠨᠢ ᠬᠠᠵᠠᠭᠤ ᠳᠤᠨᠢ ᠦᠬᠡᠢ ᠪᠤᠶᠤ ᠪᠡᠶ᠎ᠠ ᠪᠠᠨ ᠲᠠᠭᠠᠭᠠᠬᠤ ᠴᠢᠳᠠᠪᠤᠷᠢ ᠪᠠᠷ ᠪᠠᠭᠤᠷᠠᠢ ᠨᠠᠰᠤᠲᠠᠨ ᠵᠡᠷᠭᠡ ᠠᠰᠠᠷᠠᠨ ᠰᠤᠪᠢᠯᠠᠬᠤ ᠴᠢᠬᠤᠯᠠᠲᠠᠢ ᠮᠠᠯᠴᠢᠨ ᠲᠠᠷᠢᠶᠠᠴᠢᠨ ᠳᠤ ᠦᠢᠯᠡᠴᠢᠯᠡᠭᠡ ᠬᠠᠩᠭᠠᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号