| | | | | 8 ᠰᠠᠷ᠎ᠠ ᠶᠢᠨ 3 ᠤ ᠡᠳᠦᠷ ᠠᠴᠠ 5 ᠤ ᠡᠳᠦᠷ ᠪᠤᠯᠳᠠᠯ᠎ᠠ᠂ ᠠᠷᠪᠠᠨ ᠬᠤᠶᠠᠳᠤᠭᠠᠷ ᠤᠳᠠᠭᠠᠨ ᠤ ᠣᠷᠳᠣᠰ | ᠮᠣᠩᠭᠤᠯᠴᠤᠳ ᠤᠨ ᠶᠣᠰᠣ ᠰᠤᠷᠲᠠᠬᠤᠨ ᠵᠠᠩ ᠦᠢᠯᠡ ᠶᠢᠨ ᠵᠢᠭᠤᠯᠴᠢᠯᠠᠯ ᠤᠨ ᠨᠠᠶᠢᠷ᠂ ᠠᠷᠪᠠᠨ ᠭᠤᠷᠪᠠᠳᠤᠭᠠᠷ | ᠬᠤᠭᠤᠴᠠᠭᠠᠨ ᠤ ᠴᠠᠭᠠᠨ ᠰᠦᠯᠳᠡ ᠶᠢᠨ ᠨᠠᠭᠠᠳᠤᠮ ᠵᠢᠴᠢ ᠠᠩᠬᠠᠳᠤᠭᠠᠷ ᠬᠤᠭᠤᠴᠠᠭᠠᠨ ᠤ ︽ᠦᠦᠰᠢᠨ ᠠᠳᠤᠭᠤ︾ | ᠮᠣᠷᠢᠨ ᠤᠷᠤᠯᠳᠤᠭᠠᠨ ᠴᠠᠭᠠᠨ ᠰᠦᠯᠳᠡ ᠨᠡᠭᠦᠳᠡᠯ ᠮᠠᠯᠵᠢᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠳᠤ | ᠶᠠᠪᠤᠭᠳᠠᠭᠰᠠᠨ ᠪᠠᠶᠢᠨ᠎ᠠ᠃ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠵᠣᠤ ᠽᠢ | ᠢ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠣᠣ ᠹᠧᠢ ᠯᠦ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ | ᠬᠤᠣ ᠸᠧᠢ ᠵᠡᠷᠭᠡ ᠬᠡᠰᠡᠭ ᠬᠤᠰᠢᠭᠤ ᠳᠦᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠬᠦᠨ ᠠᠵᠢᠯᠯᠠᠭᠠᠨ ᠳᠤ | ᠣᠷᠣᠯᠴᠠᠪᠠ᠃ ᠠᠵᠢᠯᠯᠠᠭᠠᠨ ᠳᠤ ᠬᠤᠰᠢᠭᠤ ᠤᠯᠠᠭᠠᠨᠮᠥ᠋ᠴᠢᠷ᠂ ᠮᠣᠷᠢᠨ ᠬᠤᠭᠤᠷ ᠤᠨ ᠰᠢᠮᠫᠣᠨᠢ ᠨᠠᠶᠢᠷᠠᠯ | ᠬᠥᠭᠵᠢᠮ ᠤᠨ ᠪᠦᠯᠬᠦᠮ᠂ ᠥᠪᠤᠷ ᠮᠣᠩᠭᠤᠯ ᠱᠠᠨᠰᠢ ᠨᠢᠩᠰᠢᠶᠠ ᠶᠢᠨ ᠮᠠᠨᠵᠤ ᠳᠡᠪᠡᠯ ᠤᠨ ᠦᠵᠡᠭᠦᠯᠤᠯᠭᠡ ᠶᠢᠨ | ᠪᠦᠯᠬᠦᠮ ᠵᠡᠷᠭᠡ ᠠᠴᠠ ᠭᠤᠶᠢᠲᠠ ᠰᠠᠶᠢᠬᠠᠨ ᠲᠣᠭᠯᠠᠯᠲᠠ ᠭᠠᠷᠭᠠᠵᠤ ᠬᠦᠷᠦᠯᠴᠡᠨ ᠢᠷᠡᠭᠰᠡᠨ ᠵᠤᠭᠠᠴᠠᠭᠴᠢ ᠣᠯᠠᠨ ᠤ | ᠬᠠᠷᠠᠭ᠎ᠠ ᠰᠣᠨᠣᠷ ᠢ ᠮᠢᠯᠢᠶᠠᠭᠰᠠᠨ ᠤ ᠬᠠᠮᠲᠤ ᠲᠠᠯ᠎ᠠ ᠨᠤᠲᠤᠭ ᠤᠨ ᠥᠬᠢᠳ ᠬᠦᠪᠡᠭᠦᠳ ᠤᠨ ᠡᠬᠡ ᠤᠯᠤᠰ ᠡᠬᠡ | ᠣᠷᠣᠨ ᠳᠠᠭᠠᠨ ᠬᠢᠵᠠᠭᠠᠯᠠᠰᠢ ᠦᠭᠡᠢ ᠬᠠᠶᠢᠷᠠᠲᠠᠢ ᠪᠠᠶᠢᠭ᠎ᠠ ᠰᠡᠳᠬᠢᠯᠭᠡ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ | | | | | | | | | | | | | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠠᠵᠢᠯᠯᠠᠭ᠎ᠠ ᠡᠬᠢᠯᠡᠭᠰᠡᠨ ᠢ ᠵᠠᠷᠯᠠᠵᠦ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠦ ᠬᠤᠰᠢᠭᠤ ᠨᠠᠮ ᠤᠨ ᠬᠤᠷᠢᠶ᠎ᠠ ᠵᠠᠰᠠᠭ ᠤᠨ | ᠣᠷᠳᠣᠨ ᠢ ᠲᠥᠯᠥᠭᠡᠯᠡᠨ ᠶᠠᠷᠢᠶ᠎ᠠ ᠲᠠᠯᠪᠢᠪᠠ᠃ ᠲᠡᠷᠡ ᠵᠢᠭᠠᠬᠤ ᠳᠠᠭᠠᠨ᠂ ᠣᠷᠳᠣᠰ ᠮᠣᠩᠭᠤᠯᠴᠤᠳ ᠤᠨ ᠶᠣᠰᠣ | ᠰᠤᠷᠲᠠᠬᠤᠨ ᠵᠠᠩ ᠦᠢᠯᠡ ᠶᠢᠨ ᠵᠢᠭᠤᠯᠴᠢᠯᠠᠯ ᠤᠨ ᠨᠠᠶᠢᠷ ᠪᠣᠯᠣᠨ ᠨᠠᠭᠠᠳᠤᠮ ᠤᠨ ᠶᠡᠭᠡ ᠬᠤᠷᠠᠯ ᠢ ᠮᠠᠨ ᠤ | ᠬᠤᠰᠢᠭᠤᠨ ᠤ ᠬᠢᠨ ᠣᠯᠠᠨ ᠵᠢᠯ ᠥᠷᠨᠢᠭᠦᠯᠦᠭᠰᠡᠭᠡᠷ ᠢᠷᠡᠭᠰᠡᠨ ᠪᠠᠶᠢᠨ᠎ᠠ᠃ ᠡᠨᠡ ᠨᠢ ᠮᠠᠨ ᠤ ᠦᠦᠰᠢᠨ ᠬᠥᠮᠦᠰ ᠤᠨ | ᠬᠠᠯᠠᠭᠤᠮᠰᠤᠭ ᠰᠡᠳᠬᠢᠯᠭᠡ ᠪᠠ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠬᠠᠷᠠᠭᠤᠯᠵᠤ | ᠪᠠᠶᠢᠬᠤ ᠪᠥᠭᠡᠳ ᠦᠨᠳᠦᠰᠦᠲᠡᠨ ᠣᠯᠠᠨ ᠲᠦᠮᠡᠨ ᠤ ᠰᠡᠳᠬᠢᠯ ᠨᠢᠭᠡᠳᠦᠨ ᠬᠠᠷᠢᠯᠴᠠᠨ ᠬᠠᠪᠰᠤᠷᠤᠯᠴᠠᠵᠤ ᠰᠠᠶᠢᠨ | ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠴᠢᠩ ᠦᠨᠡᠨᠴᠢ ᠬᠦᠰᠡᠯ ᠡᠷᠡᠮᠡᠯᠵᠡᠯ ᠢ | ᠬᠠᠷᠠᠭᠤᠯᠵᠤ ᠪᠠᠶᠢᠭ᠎ᠠ ᠶᠤᠮ᠃ ᠦᠦᠰᠢᠨ ᠠᠳᠤᠭᠤ ᠪᠣᠯ ᠮᠣᠩᠭᠤᠯ ᠮᠣᠷᠢᠨ ᠤ ᠨᠢᠭᠡᠨ ᠰᠢᠯᠢᠳᠡᠭ ᠲᠥᠷᠥᠯ ᠪᠣᠯᠤᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠴᠢᠬᠤᠯᠠ | ᠠᠭᠤᠯᠭ᠎ᠠ ᠶᠢᠨ ᠨᠢᠭᠡ ᠪᠣᠯᠤᠭᠰᠠᠨ ᠤ ᠬᠤᠪᠢ ᠳᠤ ᠲᠣᠰ ᠤᠳᠠᠭᠠᠨ ᠤ ᠰᠢᠷᠢᠰ ᠠᠵᠢᠯᠯᠠᠭ᠎ᠠ ᠨᠢ ︽ᠦᠨᠳᠦᠰᠦᠲᠡᠨ ᠤ | ᠵᠠᠩ ᠦᠢᠯᠡ᠂ ᠦᠤᠰᠢᠨ ᠠᠳᠤᠭᠤᠨ ᠤ ᠵᠣᠷᠢᠭ ᠰᠠᠨᠠᠭ᠎ᠠ ᠶᠢ ᠣᠶᠢᠯᠠᠭᠠᠬᠤ︾ ᠪᠠᠷ ᠭᠤᠣᠯ ᠰᠡᠳᠦᠪ ᠪᠣᠯᠭᠠᠵᠤ᠂ | ᠡᠷ᠎ᠡ ᠶᠢᠨ ᠭᠤᠷᠪᠠᠨ ᠨᠠᠭᠠᠳᠤᠮ᠂ ᠠᠮᠲᠠᠲᠤ ᠢᠳᠡᠭᠡᠨ᠂ ᠤᠷᠠᠨ ᠰᠠᠶᠢᠬᠠᠨ ᠤ ᠦᠵᠡᠭᠦᠯᠦᠯᠭᠡ᠂ ᠠᠷᠠᠯᠵᠢᠶ᠎ᠠ | ᠬᠤᠳᠠᠯᠳᠤᠭᠠᠨ ᠤ ᠳᠡᠯᠭᠡᠨ ᠪᠣᠷᠣᠯᠠᠭᠤᠯᠭ᠎ᠠ ᠵᠡᠷᠭᠡ ᠤᠯᠠᠮᠵᠢᠯᠠᠯᠲᠤ ᠠᠭᠤᠯᠭ᠎ᠠ ᠶᠢ ᠲᠣᠬᠢᠷᠠᠭᠤᠯᠤᠭᠰᠠᠨ ᠰᠠᠭᠤᠷᠢᠨ | ᠳᠡᠭᠡᠷ᠎ᠡ ᠠᠩᠬᠠᠳᠤᠭᠠᠷ ᠬᠤᠭᠤᠴᠠᠭᠠᠨ ᠤ ︽ᠦᠦᠰᠢᠨ ᠠᠳᠤᠭᠤ︾ ᠮᠣᠷᠢᠨ ᠤᠷᠤᠯᠳᠤᠭᠠᠨ ᠢ ᠡᠷᠬᠢᠯᠡᠨ | ᠶᠠᠪᠤᠭᠳᠠᠭᠤᠯᠵᠤ ᠠᠳᠤᠭᠤᠨ ᠰᠣᠶᠣᠯ ᠤᠨ ᠠᠭᠤᠯᠤᠭᠳᠠᠬᠤᠨ ᠢ ᠠᠭᠤᠲᠠᠯᠠᠨ ᠠᠳᠤᠭᠤᠨ ᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ ᠲᠡᠷᠡᠴᠢᠯᠡᠨ ᠬᠡᠦᠬᠡᠳ ᠪᠠᠭᠠᠴᠤᠳ ᠲᠤ ︽ᠦᠦᠰᠢᠨ ᠠᠳᠤᠭᠤ︾ ᠶᠢᠨ ᠵᠣᠷᠢᠭ | ᠰᠠᠨᠠᠭ᠎ᠠ ᠶᠢ ᠤᠯᠠᠮᠵᠢᠯᠠᠵᠦ ᠵᠠᠯᠭᠠᠮᠵᠢᠯᠠᠨ ᠲᠦᠮᠡᠨ ᠣᠯᠠᠨ ᠢᠶᠠᠷ ᠢᠶᠠᠨ ᠪᠦᠯᠬᠦᠮᠳᠡᠨ ᠨᠢᠭᠲᠠᠷᠠᠵᠤ ᠡᠷᠡᠯᠬᠡᠭᠯᠡᠨ ᠲᠡᠮᠡᠴᠡᠵᠦ | ᠦᠶᠯᠡᠰ ᠪᠣᠰᠬᠠᠬᠤ ᠰᠠᠶᠢᠨ ᠰᠠᠢᠬᠠᠨ ᠣᠶᠤᠨ ᠰᠠᠨᠠᠭᠠᠨ ᠤ ᠲᠦᠷᠢ ᠶᠢ ᠳᠡᠯᠭᠡᠨ ᠦᠵᠡᠭᠦᠯᠵᠦ ᠡᠬᠡ ᠤᠯᠤᠰ ᠤᠨ 70 | ᠵᠢᠯ ᠤᠨ ᠤᠢ ᠳᠤ ᠪᠠᠶᠠᠷ ᠬᠥᠷ ᠲᠠᠢ᠂ ᠬᠥᠷ ᠬᠥᠭᠵᠢᠶᠡᠨ ᠲᠠᠢ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ | ᠭᠡᠵᠡᠢ᠃ | | | | | | | | | | | | | | | | ᠲᠤᠰ ᠤᠳᠠᠭᠠᠨ ᠤ ᠨᠠᠭᠠᠳᠤᠮ ᠨᠢ ᠦᠨᠳᠦᠰᠦᠲᠡᠨ ᠤ ᠰᠣᠶᠣᠯ ᠢ ᠵᠤᠭᠠᠴᠠᠯ ᠲᠠᠢ ᠤᠶᠠᠯᠳᠤᠭᠤᠯᠤᠨ | ᠬᠥᠭᠵᠢᠭᠦᠯᠬᠦ ᠶᠢ ᠣᠨᠴᠠᠭᠠᠶᠢᠯᠠᠨ ᠴᠢᠬᠤᠯᠠᠴᠢᠯᠠᠵᠤ ᠡᠷ᠎ᠡ ᠶᠢᠨ ᠭᠤᠷᠪᠠᠨ ᠨᠠᠭᠠᠳᠤᠮ᠂ ᠣᠯᠠᠨ ᠤᠯᠤᠰ ᠤᠨ ᠰᠢᠷᠠᠭᠰᠠᠨ | ᠦᠬᠡᠷ ᠤᠨ ᠮᠢᠬ᠎ᠠ ᠠᠮᠲᠠᠯᠠᠬᠤ ᠪᠣᠯᠣᠨ ᠳᠡᠯᠭᠡᠨ ᠦᠵᠡᠭᠦᠯᠬᠦ᠂ ᠠᠷᠠᠯᠵᠢᠶ᠎ᠠ ᠬᠤᠳᠠᠯᠳᠤᠭᠠᠨ ᠤ ᠳᠡᠯᠭᠡᠨ ᠪᠣᠷᠣᠯᠠᠭᠤᠯᠭ᠎ᠠ | ᠂ ᠳᠠᠭᠤᠤ ᠬᠥᠭᠵᠢᠮ ᠤᠨ ᠲᠣᠭᠯᠠᠯᠲᠠ ᠵᠡᠷᠭᠡ ᠪᠠᠶᠠᠯᠢᠭ ᠠᠭᠤᠯᠭ᠎ᠠ ᠪᠠᠷ ᠭᠤᠷᠪᠠᠨ ᠡᠳᠦᠷ ᠤᠨ ᠬᠤᠭᠤᠴᠠᠭ᠎ᠠ ᠲᠠᠢ | ᠦᠷᠭᠦᠯᠵᠢᠯᠡᠵᠦ 4.5 ᠲᠦᠮᠡᠨ ᠬᠥᠮᠥᠨ ᠤᠳᠠᠭᠠᠨ ᠤ ᠵᠤᠭᠠᠴᠠᠭᠰᠠᠳ ᠢ ᠬᠦᠯᠢᠶᠡᠨ ᠠᠪᠴᠤ 1300 ᠲᠦᠮᠡᠨ | ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠡᠭᠦᠳᠦᠭᠰᠡᠨ ᠪᠠᠶᠢᠨ᠎ᠠ᠃ | ᠣᠶᠢᠷ᠎ᠠ ᠶᠢᠨ ᠵᠢᠯ ᠳᠤ ᠮᠠᠨ ᠤ ᠬᠤᠰᠢᠭᠤ ᠭᠦᠨ ᠵᠤᠵᠠᠭᠠᠨ ᠲᠡᠤᠬᠡ ᠰᠣᠶᠣᠯ ᠤᠨ ᠠᠭᠤᠯᠬᠤᠨ ᠪᠠ ᠥᠪᠡᠷᠮᠢᠴᠡ | ᠲᠠᠯ᠎ᠠ ᠨᠤᠲᠤᠭ ᠤᠨ ᠰᠣᠶᠣᠯ ᠢᠷᠭᠡᠨᠰᠢᠯ ᠤᠨ ᠳᠠᠪᠠᠭᠤᠯᠢᠭ ᠲᠠᠭᠠᠨ ᠲᠦᠰᠢᠭᠯᠡᠨ ᠥᠷᠭᠡᠨ ᠣᠯᠠᠨ ᠵᠤᠭᠠᠴᠠᠭᠰᠠᠳ ᠤᠨ | ᠴᠢᠨᠠᠷ ᠰᠠᠶᠢᠲᠠᠶ ᠵᠢᠭᠤᠯᠴᠢᠯᠠᠯ ᠤᠨ ᠪᠦᠲᠦᠭᠡᠭᠳᠡᠬᠦᠨ ᠤ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ | ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ᠂ ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ᠂ | ᠲᠥᠷᠥᠯ ᠵᠦᠢᠯ ᠢᠶᠠᠷ ᠬᠥᠳᠤᠯᠤᠨ ᠳᠠᠭᠠᠭᠤᠯᠬᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠣᠨᠴᠠᠯᠢᠭᠲᠤ ᠰᠣᠶᠣᠯ ᠬᠢᠭᠡᠳ ᠴᠢᠨᠠᠷ ᠰᠠᠶᠢᠲᠠᠶ ᠵᠢᠭᠤᠯᠴᠢᠯᠠᠯ ᠤᠨ ᠡᠬᠢ | ᠪᠠᠶᠠᠯᠢᠭ ᠢ ᠬᠦᠨ ᠠᠭᠤᠰᠤᠯᠴᠠᠭᠤᠯᠵᠦ ᠵᠤᠭᠠᠴᠠᠯ ᠤᠨ ᠰᠠᠭᠤᠷᠢ ᠴᠢᠳᠠᠪᠬᠢ ᠶᠢ ᠬᠦᠴᠦᠯᠡᠨ ᠲᠡᠭᠦᠯᠳᠡᠷᠵᠢᠭᠦᠯᠵᠦ | ᠵᠤᠭᠠᠴᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠥᠷᠭᠡᠨ ᠳᠡᠯᠭᠡᠷ ᠥᠷᠨᠢᠭᠦᠯᠤᠨ ︽ᠲᠡᠤᠬᠡ ᠰᠣᠶᠣᠯ ᠤᠨ ᠮᠥᠷᠳᠡᠯ᠂ | ᠦᠨᠳᠦᠰᠦᠲᠡᠨ ᠤ ᠵᠠᠩ ᠦᠢᠯᠡ ᠶᠢ ᠣᠶᠢᠯᠠᠭᠠᠬᠤ᠂ ᠡᠯᠡᠰᠦᠨ ᠬᠠᠪᠴᠢᠯ ᠤᠨ ᠨᠠᠷᠢᠨ ᠨᠢᠭᠤᠴᠠ ᠶᠢ ᠬᠠᠶᠢᠬᠤ᠂ ᠠᠮᠢ | ᠠᠬᠤᠢ ᠶᠢᠨ ᠲᠠᠯ᠎ᠠ ᠨᠤᠲᠤᠭ ᠢ ᠲᠣᠭᠤᠷᠢᠨ ᠦᠵᠡᠬᠦ︾ ᠳᠥᠷᠪᠡᠨ ᠶᠡᠭᠡ ᠭᠤᠣᠯ ᠰᠡᠳᠦᠪᠲᠦ ᠪᠦᠲᠦᠭᠡᠭᠳᠡᠬᠦᠨ ᠢ | ᠭᠤᠣᠯᠳᠠᠯᠭ᠎ᠠ ᠲᠠᠢ ᠨᠡᠭᠡᠭᠡᠵᠦ ᠵᠤᠭᠠᠴᠠᠯ ᠤᠨ ᠲᠠᠲᠠᠬᠤ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ ᠦᠦᠰᠢᠨ ᠤ | ᠨᠡᠷ᠎ᠡ ᠠᠯᠳᠠᠷᠰᠢᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ 2018 ᠣᠨ ᠳᠤ ᠮᠠᠨ ᠤ ᠬᠤᠰᠢᠭᠤᠨ ᠤ | ᠵᠤᠭᠠᠴᠠᠭᠰᠠᠳ ᠤᠨ ᠲᠤᠭ᠎ᠠ 113 ᠲᠦᠮᠡᠨ ᠬᠥᠮᠦᠨ ᠤᠳᠠᠭ᠎ᠠ ᠶᠢ ᠳᠠᠪᠠᠨ ᠰᠠᠶᠢᠨ ᠰᠠᠶᠢᠬᠠᠨ ᠠᠵᠤ ᠠᠬᠤᠢ ᠶᠢᠨ | ᠦᠷ᠎ᠡ ᠠᠰᠢᠭ ᠪᠠ ᠨᠡᠶᠢᠭᠡᠮ ᠤᠨ ᠣᠷᠴᠢᠨ ᠨᠦᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ | | | | | | | | | | |