9 ᠰᠠᠷ᠎ᠠ ᠶᠢᠨ 5 ᠤ ᠡᠳᠦᠷ ᠬᠤᠰᠢᠭᠤ ᠠᠵᠢᠯᠴᠢᠨ ᠤ ᠶᠡᠷᠦᠩᠬᠡᠢ ᠡᠪᠯᠡᠯ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠠᠴᠠ ᠬᠠᠮᠲᠤᠷᠠᠨ ᠡᠷᠬᠢᠯᠡᠭᠰᠡᠨ 2019 ᠣᠨ ᠤ | ᠠᠩᠬᠠᠳᠤᠭᠠᠷ ᠬᠤᠭᠤᠴᠠᠭᠠᠨ ᠤ ︽ᠦᠦᠰᠢᠨ ᠦᠢᠯᠡᠰ ᠤᠨ ᠳᠠᠷᠬᠠᠳ︾ ᠢ ᠱᠠᠩᠨᠠᠨ ᠬᠦᠬᠢᠬᠦᠯᠬᠦ ᠬᠤᠷᠠᠯ ᠬᠤᠰᠢᠭᠤ | ᠰᠣᠶᠣᠯ ᠤᠨ ᠠᠵᠢᠯᠯᠠᠭᠠᠨ ᠤ ᠲᠥᠪ ᠲᠤ ᠶᠠᠪᠤᠭᠳᠠᠵᠤ ᠪᠦᠬᠦ ᠬᠤᠰᠢᠭᠤᠨ ᠤ ᠡᠯ᠎ᠡ ᠠᠵᠢᠯ ᠦᠢᠯᠡᠰ ᠤᠨ 12 ᠨᠡᠷ᠎ᠡ | ᠰᠢᠯᠢᠳᠡᠭ ᠳᠠᠷᠬᠠᠴᠤᠳ ᠢ ᠬᠥᠬᠢᠭᠦᠯᠦᠨ ᠱᠠᠩᠨᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠰᠦ᠋ ᠰᠢᠨ ᠹᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ | ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ | ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ᠂ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠵᠠᠯᠠᠭᠤᠴᠣᠳ ᠤᠨ ᠡᠪᠯᠡᠯ ᠵᠡᠷᠭᠡ | ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠪᠣᠯᠤᠨ ︽ᠦᠦᠰᠢᠨ ᠦᠢᠯᠡᠰ ᠤᠨ ᠳᠠᠷᠬᠠᠳ︾ | ᠱᠠᠩᠨᠡᠨ ᠬᠦᠬᠢᠬᠦᠯᠬᠦ ᠬᠤᠷᠠᠯ ᠳᠤ ᠣᠷᠣᠯᠴᠠᠪᠠ᠃ | | | | | | | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠣᠯᠣᠨ ᠶᠡᠭᠡ ᠬᠤᠷᠠᠯ ᠳᠤ ᠣᠷᠣᠯᠴᠠᠭᠰᠠᠨ | ᠤᠳᠤᠷᠢᠳᠤᠯᠭ᠎ᠠ ᠨᠠᠷ ︽ᠦᠦᠰᠢᠨ ᠦᠢᠯᠡᠰ ᠤᠨ ᠳᠠᠷᠬᠠᠳ︾ ᠲᠤ ᠱᠠᠩᠨᠠᠯ ᠭᠠᠷᠳᠠᠭᠤᠯᠵᠠᠢ᠃ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ ᠬᠤᠰᠢᠭᠤᠨ | ᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠶᠡᠭᠡ ᠬᠤᠷᠠᠯ ᠳᠤ ᠣᠷᠣᠯᠴᠠᠭᠰᠠᠨ ᠤᠳᠤᠷᠢᠳᠤᠯᠭ᠎ᠠ᠂ ︽ | ᠦᠢᠯᠡᠰ ᠤᠨ ᠳᠠᠷᠬᠠᠳ︾ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠦᠬᠦ ᠬᠤᠰᠢᠭᠤᠨ ᠤ ᠡᠯ᠎ᠡ ᠠᠵᠢᠯ | ᠲᠥᠷᠥᠯ ᠤᠨ ᠦᠶᠯᠡᠳᠪᠦᠷᠢᠯᠡᠯ ᠤᠨ ᠹᠷᠣᠨᠲ ᠲᠤ ᠠᠵᠢᠯᠯᠠᠵᠤ ᠪᠠᠶᠢᠭ᠎ᠠ ᠥᠷᠭᠡᠨ ᠣᠯᠠᠨ ᠺᠠᠳ᠋ᠷ ᠠᠵᠢᠯᠲᠠᠳ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠭᠰᠡᠨ ᠪᠠᠶᠢᠨ᠎ᠠ᠃ | | | | | | | | | | ᠰᠤᠷᠭᠠᠯᠲᠤ ᠶᠠᠷᠢᠶᠠᠨ ᠳᠤ ᠪᠠᠨ᠂ ᠣᠶᠢᠷ᠎ᠠ ᠶᠢᠨ ᠵᠢᠯ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠮᠡᠷᠭᠡᠵᠢᠯ ᠤᠨ ᠴᠢᠳᠠᠪᠤᠷᠢᠲᠠᠨ ᠬᠦᠮᠦᠵᠢᠬᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠠᠯᠢ ᠣᠯᠠᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠵᠦ ︽ᠦᠢᠯᠡᠰ ᠤᠨ ᠳᠠᠷᠬᠠᠨ︾ ᠤ ᠵᠣᠷᠢᠭ ᠰᠠᠨᠠᠭ᠎ᠠ ᠶᠢ ᠶᠡᠬᠡᠪᠡᠷ | ᠪᠤᠢ ᠪᠤᠯᠭᠠᠵᠦ ᠡᠯ᠎ᠡ ᠲᠥᠷᠥᠯ ᠤᠨ ᠣᠷᠣᠨ ᠨᠤᠲᠤᠭ ᠤᠨ ᠴᠢᠳᠠᠪᠤᠷᠢᠲᠠᠨ ᠪᠠ ᠳᠡᠭᠡᠳᠦ ᠮᠡᠷᠭᠡᠵᠢᠯ ᠤᠨ ᠴᠢᠳᠠᠪᠤᠷᠢᠲᠠᠨ | ᠢ ᠲᠡᠳᠬᠦᠵᠡᠶ᠃ ᠡᠯ᠎ᠡ ᠠᠵᠢᠯ ᠲᠥᠷᠥᠯ ᠤᠨ ᠺᠠᠳ᠋ᠷ ᠠᠵᠢᠯᠲᠠᠨ᠂ ᠮᠡᠷᠭᠡᠵᠢᠯᠲᠡᠳ ᠠᠵᠢᠯ ᠤᠨ ᠪᠠᠶᠢᠷᠢ ᠪᠠᠨ | ᠬᠠᠶᠢᠷᠠᠯᠠᠵᠤ ᠦᠶᠯᠡᠰ ᠢᠶᠠᠨ ᠳᠡᠭᠡᠳᠦᠯᠡᠬᠦ ︽ᠦᠢᠯᠡᠰ ᠤᠨ ᠳᠠᠷᠬᠠᠨ︾ ᠤ ᠵᠣᠷᠢᠭ ᠰᠠᠨᠠᠭ᠎ᠠ ᠶᠢ ᠵᠠᠯᠭᠠᠮᠵᠢᠯᠠᠵᠤ | ᠬᠦᠴᠢᠷ ᠢ ᠳᠠᠪᠠᠵᠦ ᠤᠷᠤᠭᠰᠢᠯᠠᠨ ᠲᠡᠮᠡᠴᠡᠬᠦ ᠵᠣᠷᠢᠭ ᠰᠠᠨᠠᠭ᠎ᠠ ᠪᠠᠷ ᠦᠦᠰᠢᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ ᠱᠠᠩᠨᠠᠯ | ᠬᠦᠷᠲᠡᠭᠰᠡᠨ ︽ᠦᠦᠰᠢᠨ ᠦᠢᠯᠡᠰ ᠤᠨ ᠳᠠᠷᠬᠠᠳ︾ ᠢᠷᠠᠭᠤ ᠠᠯᠳᠠᠷ ᠢᠶᠠᠨ ᠨᠠᠨᠳᠢᠩᠨᠠᠵᠤ ᠢᠮᠠᠭᠲᠠ ᠦᠢᠯᠡᠰ ᠤᠨ | ᠳᠠᠷᠬᠠᠳ ᠤᠨ ᠦᠢᠯᠡᠰ ᠢᠶᠠᠨ ᠳᠡᠭᠡᠲᠤᠯᠡᠬᠦ ᠡᠷᠬᠢᠮ ᠳᠡᠭᠡᠲᠤ ᠰᠡᠳᠬᠢᠯᠬᠡ ᠶᠢ ᠡᠪᠦᠷᠯᠡᠨ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ ᠰᠢᠨ᠎ᠡ ᠬᠥᠭᠵᠢᠯᠲᠡ ᠶᠢ ᠡᠷᠢᠯᠬᠢᠯᠡᠨ ᠰᠢᠨ᠎ᠡ | ᠠᠮᠵᠢᠯᠲᠠ ᠪᠦᠲᠦᠮᠵᠢ ᠭᠠᠷᠭᠠᠨ ︽ᠦᠢᠯᠡᠰ ᠤᠨ ᠳᠠᠷᠬᠠᠳ︾ ᠤᠨ ᠵᠣᠷᠢᠭ ᠰᠠᠨᠠᠭ᠎ᠠ ᠶᠢ ᠦᠦᠰᠢᠨ ᠲᠦᠮᠡᠨ ᠤ | ᠳᠤᠮᠳᠠ ᠦᠨᠡᠨᠬᠦ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠶᠢ ᠬᠦᠰᠡᠵᠦ ᠪᠠᠶᠢᠨ᠎ᠠ᠃ ᠪᠦᠬᠦ | ᠬᠤᠰᠢᠭᠤᠨ ᠤ ᠥᠷᠭᠡᠨ ᠣᠯᠠᠨ ᠲᠦᠮᠡᠨ ᠡᠳᠡᠭᠡᠷ ᠵᠢᠱᠢᠶᠡᠴᠢ ᠠᠴᠠ ᠢᠳᠡᠪᠬᠢᠲᠡᠶ ᠰᠤᠷᠤᠯᠴᠠᠵᠤ ︽ᠦᠦᠰᠢᠨ | ᠦᠢᠯᠡᠰ ᠤᠨ ᠳᠠᠷᠬᠠᠨ︾ ᠤ ᠵᠣᠷᠢᠭ ᠰᠠᠨᠠᠭᠠᠨ ᠤ ᠦᠶᠯᠡᠳᠦᠯᠭᠡᠵᠢᠭᠦᠯᠦᠭᠴᠢ᠂ ᠵᠠᠯᠭᠠᠮᠵᠢᠯᠠᠭᠴᠢ ᠪᠣᠯᠬᠤ ᠪᠠᠷ | ᠴᠢᠷᠮᠠᠶᠢᠬᠤ ᠬᠡᠷᠡᠭᠲᠡᠶ᠃ ᠪᠦᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠨᠡᠨᠬᠦ | ᠴᠢᠬᠤᠯᠠᠴᠢᠯᠠᠨ ᠦᠵᠡᠵᠦ᠂ ᠬᠠᠯᠠᠮᠵᠢᠯᠠᠨ ᠬᠠᠶᠢᠷᠠᠯᠠᠵᠤ᠂ ᠬᠥᠳᠡᠯᠮᠦᠷᠢ ᠶᠢ ᠬᠦᠨᠳᠦᠳᠬᠡᠬᠦ᠂ ᠮᠡᠷᠭᠡᠵᠢᠯ ᠢ ᠬᠦᠨᠳᠦᠳᠬᠡᠬᠦ | ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠡᠢ᠃ | | | | | | | | | ᠱᠠᠩᠨᠠᠯ ᠣᠯᠭᠤᠬᠤ ᠶᠡᠭᠡ ᠬᠤᠷᠠᠯ ᠳᠡᠭᠡᠷ᠎ᠡ ᠤᠷᠠᠯᠢᠭᠴᠢᠳ ᠠᠴᠠ ᠪᠠᠰᠠ ᠮᠣᠷᠢᠨ ᠬᠤᠭᠤᠷ ᠤᠨ ᠬᠥᠭᠵᠢᠮ᠂ | ᠳᠠᠭᠤᠤ ᠪᠥᠵᠢᠭ᠂ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠭᠤᠶᠢᠳᠠ ᠰᠠᠶᠢᠬᠠᠨ ᠲᠣᠭᠯᠠᠯᠲᠠ ᠭᠠᠷᠭᠠᠵᠤ ︽ | ᠦᠦᠰᠢᠨ ᠦᠢᠯᠡᠰ ᠤᠨ ᠳᠠᠷᠬᠠᠴᠤᠳ︾ ᠲᠠᠭᠠᠨ ᠪᠠᠶᠠᠷ ᠬᠦᠷᠭᠡᠪᠡ᠃ | ᠣᠶᠢᠯᠠᠭᠠᠭᠰᠠᠨ ᠢᠶᠠᠷ᠂ 2019 ᠣᠨ ᠤ ︽ᠦᠦᠰᠢᠨ ᠦᠢᠯᠡᠰ ᠤᠨ ᠳᠠᠷᠬᠠᠳ︾ ᠤᠨ ᠲᠠᠨᠢᠯᠴᠠᠭᠤᠯᠤᠨ | ᠰᠢᠯᠭᠠᠷᠠᠭᠤᠯᠬᠤ ᠠᠵᠢᠯᠯᠠᠭ᠎ᠠ ᠡᠨᠡ ᠵᠢᠯ ᠤᠨ 6 ᠰᠠᠷ᠎ᠠ ᠳᠤ ᠡᠬᠢᠯᠡᠭᠰᠡᠨ ᠠᠴᠠ ᠨᠠᠰᠢ ᠡᠯ᠎ᠡ ᠱᠠᠲᠤᠨ ᠤ ᠠᠵᠢᠯᠴᠢᠨ ᠤ | ᠡᠪᠯᠡᠯ ᠱᠠᠲᠤ ᠱᠠᠲᠤ ᠪᠠᠷ ᠵᠣᠬᠢᠶᠠᠨ ᠪᠠᠶᠢᠭᠤᠯᠤᠨ ᠰᠣᠩᠭᠤᠵᠤ ᠵᠣᠬᠢᠶᠠᠨ ᠪᠠᠶᠢᠭᠤᠯᠬᠤ ᠺᠣᠮᠢᠰ ᠤᠨ ᠠᠯᠪᠠᠨ ᠭᠡᠷ | ᠮᠠᠲ᠋ᠧᠷᠢᠶᠠᠯ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠬᠤ᠂ ᠥᠷᠭᠡᠨ ᠢᠶᠠᠷ ᠰᠠᠨᠠᠯ ᠬᠤᠷᠢᠶᠠᠬᠤ᠂ ᠳᠠᠬᠢᠨ ᠳᠠᠪᠲᠠᠨ | ᠬᠠᠷᠢᠴᠠᠭᠤᠯᠬᠤ ᠪᠠᠷ ᠳᠠᠮᠵᠢᠨ 22 ᠵᠢᠱᠢᠭᠳᠡᠭᠴᠢ ᠶᠢ ᠰᠣᠩᠭᠤᠨ ᠭᠠᠷᠭᠠᠵᠤ ᠬᠤᠯᠪᠣᠭᠳᠠᠯ ᠪᠦᠬᠦᠢ ᠠᠵᠢᠯ | ᠲᠥᠷᠥᠯ ᠤᠨ ᠨᠡᠷᠡᠲᠦ ᠲᠤᠰᠬᠠᠶ ᠮᠡᠷᠭᠡᠵᠢᠯᠲᠡᠨ᠂ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ ᠵᠡᠷᠭᠡ ᠪᠠᠷ | ᠪᠦᠷᠢᠯᠳᠦᠭᠰᠡᠨ ᠲᠤᠰᠬᠠᠶ ᠮᠡᠷᠭᠡᠵᠢᠯᠲᠡᠨ ᠤ ᠰᠢᠯᠭᠠᠷᠠᠭᠤᠯᠬᠤ ᠺᠣᠮᠢᠰ ᠨᠢ ᠴᠢᠩᠭ᠎ᠠ ᠬᠢᠨᠠᠨ ᠲᠣᠭᠲᠠᠭᠠᠯᠲᠠ ᠪᠠᠷ ᠳᠠᠮᠵᠢᠨ | ᠵᠢᠱᠢᠭᠳᠡᠭᠰᠡᠳ ᠤᠨ ᠳᠣᠲᠣᠷ᠎ᠠ ᠠᠴᠠ 2019 ᠣᠨ ᠤ ︽ᠦᠦᠰᠢᠨ ᠦᠢᠯᠡᠰ ᠤᠨ ᠳᠠᠷᠬᠠᠳ︾ 12 ᠬᠥᠮᠦᠨ ᠢ | ᠰᠢᠯᠭᠠᠷᠠᠭᠤᠯᠤᠨ ᠭᠠᠷᠭᠠᠵᠤ ᠱᠠᠩᠨᠠᠨ ᠬᠥᠬᠢᠭᠦᠯᠦᠨ ᠰᠢᠨ᠎ᠡ ᠴᠠᠭ ᠦᠶ᠎ᠡ ᠶᠢᠨ ᠮᠡᠳᠡᠯᠭᠡᠵᠢᠭᠰᠡᠨ᠂ ᠴᠢᠳᠠᠪᠤᠷᠢᠵᠢᠭᠰᠠᠨ᠂ | ᠰᠢᠨ᠎ᠡ ᠶᠢ ᠡᠭᠦᠳᠦᠭᠰᠡᠨ ︽ᠦᠢᠯᠡᠰ ᠤᠨ ᠳᠠᠷᠬᠠᠴᠤᠳ︾ ᠢᠶᠠᠷ ᠳᠠᠭᠤᠷᠢᠶᠠᠯ ᠪᠣᠯᠭᠠᠨ ᠰᠤᠷᠤᠯᠴᠠᠬᠤ ᠶᠢ | ᠤᠷᠢᠶᠠᠯᠠᠭᠰᠠᠨ ᠪᠠᠶᠢᠨ᠎ᠠ᠃ | | | | | | | | | | | | |