ᠪᠦᠬᠦ ᠬᠤᠰᠢᠭᠤᠨ ᠤ ︽ᠤᠭ ᠰᠠᠨᠠᠭ᠎ᠠ ᠪᠠᠨ ᠦᠯᠦ ᠮᠡᠷᠳᠡᠵᠣ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠤᠷᠭᠠᠨ ᠬᠥᠮᠦᠵᠢᠯ ᠪᠡᠶ᠎ᠡ ᠲᠠᠮᠢᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-09-10
     9 ᠰᠠᠷ᠎ᠠ ᠶᠢᠨ 6 ᠤ ᠡᠳᠤᠷ᠂ ᠪᠥᠬᠦ ᠬᠤᠰᠢᠭᠤᠨ ᠤ ︽ᠤᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠰᠤᠷᠭᠠᠨ ᠬᠥᠮᠦᠵᠢᠯ ᠪᠡᠶ᠎ᠡ ᠲᠠᠮᠢᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠰᠠᠭᠤᠳᠠᠯ ᠤᠨ ᠬᠤᠷᠠᠯ ᠢ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠤᠯᠤᠰ ᠲᠥᠷᠥ ᠶᠢᠨ ᠵᠥᠪᠯᠯᠡᠭᠡᠨ ᠤ ᠲᠠᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ ᠬᠤᠷᠠᠯ ᠳᠤ ᠰᠠᠭᠠᠳᠠᠵᠤ ᠬᠤᠰᠢᠭᠤ ᠲᠡᠳ᠋ ᠲᠠᠷᠤᠭ᠎ᠠ ᠯᠢᠤ ᠵᠧᠩ ᠬᠤᠷᠠᠯ ᠢ ᠡᠷᠭᠢᠯᠠᠪᠠ᠃ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶ ᠪᠣᠯᠤᠨ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠰᠢᠭᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠪᠠᠭ ᠤᠨ ᠪᠦᠷᠢᠯᠳᠦᠬᠦᠨ᠂ ᠲᠠᠰᠤᠭ ᠤᠨ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠭᠡᠤᠭᠡᠳ ᠤᠨ ᠴᠡᠴᠡᠷᠯᠢᠭ ᠤᠨ ᠳᠠᠷᠤᠭ᠎ᠠ ᠵᠢᠴᠢ ᠬᠡᠰᠡᠭ ᠠᠵᠢᠯ ᠠᠴᠠ ᠪᠠᠨ ᠠᠮᠠᠷᠠᠭᠰᠠᠨ ᠪᠠᠭᠰᠢ᠂ ᠠᠵᠢᠯ ᠤᠨ ᠪᠠᠶᠢᠷᠢᠨ ᠲᠡᠭᠡᠷ᠎ᠡ ᠪᠠᠶᠢᠭ᠎ᠠ ᠪᠠᠭᠰᠢ ᠨᠠᠷ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠪᠥᠭᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ ᠰᠤᠷᠭᠠᠭᠤᠯ᠊ ᠴᠡᠴᠡᠷᠯᠢᠭ ᠤᠨ ᠳᠠᠷᠤᠭ᠎ᠠ᠂ ᠠᠵᠢᠯ ᠠᠴᠠ ᠪᠠᠨ ᠠᠮᠠᠷᠠᠭᠰᠠᠨ ᠪᠠᠭᠰᠢ᠂ ᠠᠵᠢᠯ ᠤᠨ ᠪᠠᠶᠢᠷᠢᠨ ᠳᠤ ᠪᠠᠶᠢᠭ᠎ᠠ ᠪᠠᠭᠰᠢ ᠨᠠᠷ ᠤᠨ ᠲᠥᠯᠥᠭᠡᠯᠡᠭᠴᠢ ᠲᠣᠰ ᠲᠣᠰ ᠶᠠᠷᠢᠯᠴᠠᠬᠤ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ ᠬᠤᠰᠢᠭᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠠᠷᠠᠳ ᠲᠦᠮᠡᠨ ᠢᠶᠠᠷ ᠭᠤᠤᠯ ᠪᠤᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ ᠰᠤᠷᠭᠠᠨ ᠬᠥᠮᠦᠵᠢᠯ ᠤᠨ ᠪᠠᠯᠠ ᠣᠷᠣᠭᠤᠯᠤᠯᠲᠠ ᠶᠢ ᠨᠡᠮᠡᠭᠳᠡᠭᠦᠯᠵᠦ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠵᠦ ᠬᠡᠷᠡᠭᠯᠡᠨ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠭᠠᠯᠠᠭᠤᠲᠤ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ ᠶᠢᠨ ᠪᠠᠷᠢᠯᠭ᠎ᠠ ᠵᠡᠷᠭᠡ ᠨᠢᠭᠡ ᠪᠦᠯᠦᠭ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠥᠢᠯ ᠢ ᠭᠤᠤᠯᠳᠠᠯᠭ᠋ ᠲᠠᠢ ᠭᠡᠷᠡᠭᠵᠢᠭᠦᠯᠵᠦ ᠪᠠᠭᠰᠢ ᠨᠠᠷ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠦ ᠰᠤᠷᠭᠠᠨ ᠬᠥᠮᠦᠵᠢᠯ ᠤᠨ ᠠᠵᠢᠯ ᠤᠨ ᠲᠦᠷᠭᠡᠨ ᠳᠠᠪᠰᠢᠬᠤ ᠶᠢ ᠠᠬᠢᠭᠤᠯᠪᠠ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠰᠢᠨ᠎ᠡ ᠴᠠᠭ ᠦᠶ᠎ᠡ ᠨᠢ ᠰᠤᠷᠭᠠᠨ ᠬᠥᠮᠦᠵᠢᠯ ᠤᠨ ᠠᠵᠢᠯ ᠳᠤ ᠨᠠᠩ ᠥᠨᠳᠥᠷ ᠱᠠᠭᠠᠷᠳᠠᠯᠭ᠎ᠠ ᠳᠤᠷᠠᠳᠴᠤ ᠣᠨᠴᠠᠭᠠᠶᠢᠯᠠᠨ ᠥᠷᠭᠡᠨ ᠣᠯᠠᠨ ᠠᠷᠠᠳ ᠲᠦᠮᠡᠨ ᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠲᠤᠬᠠᠢ ᠬᠡᠷᠡᠭᠴᠡᠭᠡ ᠱᠠᠭᠠᠷᠳᠠᠯᠭ᠎ᠠ ᠨᠠᠩ ᠲᠤᠯᠭᠠᠮ᠎ᠠ ᠪᠣᠯᠪᠠ᠃ ᠣᠳᠣᠬᠠᠨ ᠤ ᠠᠵᠢᠯ ᠳᠤᠮᠳᠠ ᠣᠷᠣᠰᠢᠵᠤ ᠪᠠᠶᠢᠭ᠎ᠠ ᠰᠠᠭᠤᠷᠢ ᠣᠷᠣᠭᠤᠯᠤᠯᠲᠠ ᠬᠦᠷᠦᠯᠴᠡᠬᠦ ᠥᠬᠡᠶ᠂ ᠴᠢᠳᠠᠪᠤᠷᠢᠲᠠᠨ ᠢ ᠲᠠᠲᠠᠬᠤ ᠬᠦᠴᠦᠨ ᠴᠢᠩᠭ᠎ᠠ ᠪᠤᠰᠤ᠂ ᠣᠶᠤᠨ ᠰᠠᠨᠠᠭ᠎ᠠ ᠨᠢ ᠰᠤᠯᠠᠷᠠᠵᠦ ᠪᠠᠶᠢᠬᠤ ᠵᠡᠷᠭᠡ ᠪᠣᠳᠠᠲᠠᠢ ᠠᠰᠠᠭᠤᠳᠠᠯ ᠢ ᠵᠠᠪᠠᠯ ᠭᠥᠨᠵᠡᠭᠡᠢ ᠵᠠᠳᠠᠯᠤᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠰᠤᠷᠭᠠᠨ ᠬᠥᠮᠦᠵᠢᠯ ᠤᠨ ᠥᠢᠯᠡᠰ ᠪᠣᠯ ᠨᠢᠭᠡᠨ ᠤᠷᠲᠤ ᠬᠤᠭᠤᠴᠠᠭᠠᠨ ᠤ ᠠᠵᠢᠯ ᠮᠥᠨ᠂ ᠡᠷᠲᠡ ᠠᠴᠠ ᠲᠥᠯᠥᠪᠵᠢᠭᠦᠯᠵᠦ ᠡᠷᠳᠡ ᠠᠴᠠ ᠪᠠᠶᠢᠷᠢᠯᠠᠭᠤᠯᠤᠨ ᠡᠷᠲᠡ ᠠᠴᠠ ᠬᠥᠳᠡᠯᠦᠯᠴᠡᠬᠦ ᠬᠡᠷᠡᠭᠲᠡᠶ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠰᠤᠷᠭᠠᠭᠤᠯᠢ ᠶᠢᠨ ᠪᠠᠶᠢᠷᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠪᠣᠯᠤᠨ ᠪᠠᠭᠰᠢ ᠶᠢᠨ ᠡᠩᠨᠡᠭᠡ ᠶᠢ ᠬᠥᠮᠦᠵᠢᠭᠦᠯᠬᠦ ᠶᠢ ᠲᠥᠯᠥᠪᠯᠡᠭᠡ ᠲᠠᠢ ᠪᠠᠷ ᠠᠬᠢᠭᠤᠯᠵᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠰᠤᠷᠭᠠᠭᠤᠯᠢ ᠴᠡᠴᠡᠷᠯᠢᠭ ᠤᠨ ᠳᠠᠷᠤᠭ᠎ᠠ ᠨᠠᠷ ᠭᠤᠤᠯ ᠬᠦᠴᠦᠨ ᠢᠶᠠᠨ ᠰᠤᠷᠭᠠᠨ ᠬᠥᠮᠦᠵᠢᠯ ᠤᠨ ᠶᠠᠰᠤ ᠴᠢᠨᠠᠷ  ᠢ ᠳᠡᠭᠡᠭᠰᠢᠯᠡᠭᠦᠯᠬᠦ ᠳᠡᠭᠡᠷ᠎ᠡ ᠲᠠᠯᠪᠢᠬᠤ ᠶᠢ ᠱᠠᠭᠠᠷᠳᠠᠬᠤ ᠬᠡᠷᠡᠭᠲᠡᠶ᠃ ᠰᠤᠷᠭᠠᠨ ᠬᠥᠮᠦᠵᠢᠯ ᠤᠨ ᠠᠵᠢᠯ ᠤᠨ ᠦᠷᠭᠦᠯᠵᠢᠯᠡᠯᠲᠤ ᠴᠢᠨᠠᠷ᠂ ᠲᠣᠭᠲᠠᠪᠤᠷᠢᠲᠤ ᠴᠢᠨᠠᠷ ᠢ ᠴᠢᠩᠭᠠᠳᠬᠠᠨ ᠰᠤᠷᠭᠠᠭᠤᠯᠢ ᠴᠡᠴᠡᠷᠯᠢᠭ ᠤᠨ ᠳᠠᠷᠤᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠳᠦᠷᠢᠮ ᠤᠨ ᠬᠢᠵᠠᠭᠠᠷᠯᠠᠯ ᠢᠶᠠᠷ ᠳᠠᠮᠵᠢᠭᠤᠯᠤᠨ ᠪᠠᠭᠰᠢ ᠶᠢᠨ ᠡᠩᠨᠡᠭᠡ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠵᠦ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠲᠣᠭᠲᠠᠭᠤᠨ᠂ ᠦᠷᠭᠦᠯᠵᠢᠯᠡᠵᠦ ᠪᠣᠯᠬᠤ ᠰᠠᠶᠢᠨ ᠰᠠᠶᠢᠬᠠᠨ ᠤᠷᠴᠢᠨ ᠲᠤᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠰᠢᠨ᠎ᠡ ᠶᠢ ᠡᠭᠦᠳᠦᠨ ᠠᠷᠭ᠎ᠠ ᠪᠣᠳᠣᠯᠬᠢᠯᠠᠬᠤ ᠶᠢ ᠪᠠᠷᠢᠮᠲᠠᠯᠠᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ ᠪᠠᠷ ᠠᠵᠢᠯ ᠢᠶᠠᠨ ᠵᠢᠯᠣᠭᠤᠳᠤᠭᠤᠯᠵᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠠᠪᠰᠢᠭᠰᠠᠨ ᠭᠠᠵᠠᠷ ᠣᠷᠣᠨ ᠤ ᠲᠡᠷᠢᠬᠦᠨ ᠤ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠷᠤᠯᠴᠠᠨ ᠲᠣᠯᠢ ᠪᠣᠯᠭᠠᠵᠤ ᠤᠯᠠᠮᠵᠢᠯᠠᠯᠲᠤ ᠰᠡᠳᠬᠢᠬᠦᠶ ᠶᠢᠨ ᠬᠦᠯᠢᠶᠡᠰᠦᠯᠡᠯ ᠢ ᠡᠪᠳᠡᠨ ᠰᠢᠨ᠎ᠡ ᠶᠢ ᠡᠭᠦᠳᠬᠦ ᠲᠠᠯ᠎ᠠ ᠪᠠᠷ ᠠᠷᠭ᠎ᠠ ᠤᠬᠠᠭᠠᠨ ᠭᠠᠷᠭᠠᠵᠤ ᠰᠢᠨ᠎ᠡ ᠪᠠᠶᠢᠳᠠᠯ ᠢ ᠡᠭᠦᠳᠤᠨ ᠰᠢᠨ᠎ᠡ ᠣᠷᠣᠨ ᠵᠠᠶ ᠶᠢ ᠡᠭᠦᠳᠬᠦ ᠬᠡᠷᠡᠭᠲᠡᠶ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠤᠭ ᠰᠠᠨᠠᠭ᠎ᠠ ᠪᠠᠨ ᠪᠠᠷᠢᠮᠲᠠᠯᠠᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ ᠰᠢᠨ᠎ᠡ ᠴᠠᠭ ᠦᠶ᠎ᠡ ᠶᠢᠨ ᠥᠥᠰᠢᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠶ ᠭᠡᠵᠡᠶ᠃      ᠬᠤᠷᠠᠯ ᠠᠴᠠ ᠡᠮᠦᠨ᠎ᠡ ᠵᠤᠤ ᠹᠧᠶ ᠯᠦ ᠨᠠᠷ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠪᠠᠭᠰᠢ ᠨᠠᠷ ᠤᠨ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠵᠤ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠥᠷᠭᠡᠨ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号