| | | | | 9 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠦᠬᠦ | ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠶᠢᠰᠤᠳᠤᠭᠡᠷ ᠤᠳᠠᠭᠠᠨ ᠤ ᠠᠭᠢᠭᠤᠯᠤᠯᠳᠠ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠭᠠᠵᠠ ᠶᠢᠨ | ᠬᠤᠷᠢᠶᠠᠨ ᠤ ᠱᠦᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠤᠳᠤᠷᠢᠳᠤᠯᠭ᠎ᠠ ᠭᠤᠤ ᠬᠤ᠋ ᠪᠤᠯᠤᠨ ᠬᠤᠰᠢᠭᠤ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠶᠢᠯᠠᠩ ᠤᠨ | ᠪᠥᠭᠦ ᠪᠥᠷᠢᠯᠳᠤᠭᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | | | ᠬᠤᠷᠠᠯ ᠳᠡᠭᠡᠷ᠎ᠡ᠂ ᠡᠷᠳᠡᠨᠢᠪᠢᠯᠢᠭ ᠲᠡᠭᠡᠳᠤ ᠱᠠᠲᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠢ ᠲᠠᠮᠠᠴᠠᠯ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ | ᠃ | ᠬᠤᠷᠠᠯ ᠠᠴᠠ᠂ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ ᠤᠨ | ᠠᠵᠢᠯ ᠤᠨ ᠬᠠᠷᠢᠭᠤ ᠮᠡᠳᠡᠭᠦᠯᠥᠯᠳᠠ ᠶᠢ ᠰᠣᠨᠣᠰᠪᠠ᠃ | ᠡᠷᠳᠡᠨᠢᠪᠢᠯᠢᠭ ᠱᠠᠭᠠᠷᠳᠠᠭᠰᠠᠨ ᠨᠢ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ | ᠥᠷᠨᠢᠭᠦᠯᠬᠦ ᠦᠵᠡᠯ ᠰᠠᠨᠠᠭᠠᠨ ᠤ ᠲᠠᠨᠢᠯᠳᠠ ᠪᠣᠯᠤᠨ ᠤᠶᠢᠯᠠ ᠠᠵᠢᠯᠠᠯᠭᠠᠨ ᠤ ᠤᠬᠠᠮᠰᠠᠷ ᠢᠶᠠᠨ ᠲᠡᠭᠡᠭᠰᠢᠯᠠᠭᠦᠯᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ | ᠬᠤᠰᠢᠭᠤ ᠨᠠᠮ ᠤᠨ ᠬᠤᠷᠢᠶᠠᠨ ᠤ ᠡᠯ᠎ᠡ ᠲᠥᠷᠤᠯ ᠤᠨ ᠰᠶᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠶ ᠲᠡᠮᠡᠴᠡᠯ ᠤᠨ ᠡᠯ᠎ᠡ ᠲᠥᠷᠤᠯ ᠤᠨ ᠠᠵᠢᠯ ᠢ ᠰᠠᠶᠢᠲᠤᠷ ᠬᠢᠵᠦ ᠨᠠᠮ ᠪᠣᠯᠤᠨ ᠠᠷᠠᠳ ᠲᠦᠮᠡᠨ ᠳᠤ ᠲᠡᠭᠡᠳᠤ | ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ | ᠲᠡᠮᠡᠴᠡᠯ ᠳᠤ ᠪᠥᠬᠦ ᠬᠦᠴᠦᠨ ᠢᠶᠠᠷ ᠢᠶᠠᠨ ᠣᠷᠣᠯᠴᠠᠨ ᠲᠤᠰᠬᠠᠶ ᠲᠡᠮᠡᠴᠡᠯ ᠤᠨ ᠡᠯ᠎ᠡ ᠲᠥᠷᠤᠯ ᠤᠨ ᠠᠵᠢᠯ ᠤᠨ | ᠡᠭᠦᠷᠭᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠡᠶᠡᠯᠡᠭᠦᠯᠬᠦ ᠬᠡᠷᠡᠭᠲᠡᠶ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠠᠯ᠎ᠠ ᠪᠠᠷ | ᠣᠷᠣᠰᠢᠵᠤ ᠪᠠᠶᠢᠭ᠎ᠠ ᠠᠰᠠᠭᠤᠳᠠᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠴᠡᠭᠴᠡᠯᠡᠨ ᠰᠠᠶᠢᠵᠢᠷᠠᠭᠤᠯᠬᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠩᠭ᠎ᠠ | ᠠᠳᠬᠤᠵᠤ ᠬᠠᠤᠯᠢ ᠶᠣᠰᠣᠭᠠᠷ ᠴᠣᠬᠢᠯᠲᠠ ᠥᠭᠬᠦ ᠳᠤ ᠠᠩᠬᠠᠷᠤᠯ ᠢᠶᠠᠨ ᠲᠥᠪᠯᠡᠷᠡᠭᠦᠯᠤᠨ ᠬᠡᠷᠡᠭ ᠨᠢᠭᠡᠪᠦᠷᠢ ᠶᠢ | ᠵᠤᠭᠢᠰᠳᠠᠢ ᠰᠶᠢᠳᠪᠤᠷᠢᠯᠠᠵᠤ ᠬᠡᠷᠡᠭ ᠤᠨ ᠪᠣᠳᠠᠲᠤ ᠶᠠᠪᠤᠳᠠᠯ ᠂ ᠭᠡᠷᠡᠴᠢ ᠪᠠᠷᠢᠮᠲᠠ᠂ ᠳᠡᠰ ᠳᠠᠷᠠᠭᠠᠯᠠᠯ᠂ ᠬᠠᠤᠯᠢ ᠶᠢ | ᠭᠡᠷᠡᠭᠵᠢᠭᠦᠯᠭᠦ ᠪᠣᠭᠤᠮᠲᠠ ᠶᠢ ᠴᠢᠩᠭ᠎ᠠ ᠠᠳᠬᠤᠨ ᠬᠡᠷᠡᠭ ᠨᠢᠭᠡᠪᠦᠷᠢ ᠶᠢ ᠴᠥᠮ ᠲᠡᠤᠭᠡ ᠪᠠ ᠥᠢᠯᠡᠳᠤᠯᠭᠡ ᠶᠢᠨ | ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠭᠤᠤᠯ ᠤᠳᠤᠷᠢᠳᠤᠯᠭ᠎ᠠ ᠴᠡᠭᠴᠡᠯᠡᠨ ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠶᠢ ᠰᠠᠨᠠᠭᠠᠴᠢᠯᠭ᠎ᠠ ᠠᠴᠠ ᠪᠠᠨ ᠡᠭᠦᠷᠭᠡᠯᠡᠵᠦ ᠴᠡᠭᠴᠡᠯᠡᠨ ᠰᠠᠶᠢᠵᠢᠷᠠᠭᠤᠯᠬᠤ ᠳᠤᠮᠳᠠᠬᠢ ᠬᠠᠷᠰᠢ | ᠰᠠᠭᠠᠳ ᠢ ᠠᠷᠢᠯᠭᠠᠬᠤ ᠬᠡᠷᠡᠭᠲᠡᠶ᠃ ᠲᠡᠭᠡᠳᠤ ᠳᠣᠣᠷᠠᠳᠤ ᠱᠠᠲᠤ ᠪᠠᠷ ᠢᠶᠠᠨ ᠨᠠᠪᠳᠠᠷᠠᠯᠴᠠᠨ ᠬᠥᠳᠡᠯᠦᠯᠴᠡᠵᠦ ᠪᠦᠬᠦ | ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ | ᠴᠢᠨᠠᠭᠰᠢᠳᠠ ᠠᠬᠢᠭᠤᠯᠬᠤ ᠬᠡᠷᠡᠭᠲᠡᠶ ᠭᠡᠵᠡᠢ᠃ |