9 ᠳ᠋ᠦ᠋ᠭᠡᠷ ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ | ᠳᠠᠷᠤᠭ᠎ᠠ ᠵᠤᠤ ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ 2019 ᠣᠨ ᠤ 7 ᠳ᠋ᠤᠭᠠᠷ ᠤᠳᠠᠭᠠᠨ | ᠤ ᠪᠠᠶᠢᠩᠭᠤ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ ᠮᠠᠨ ᠤ ᠬᠤᠰᠢᠭᠤᠨ ᠤ ᠭᠤᠴᠢᠨ ᠲᠠᠪᠤᠳᠠᠬᠢ | ᠳᠠᠬᠢ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠡᠮᠦᠨᠡᠬᠢ | ᠬᠤᠭᠤᠴᠠᠭᠠᠨ ᠤ ᠪᠡᠯᠡᠳᠬᠡᠯ ᠠᠵᠢᠯ᠂ ᠰᠢᠷᠬᠤᠰᠤᠨ ᠪᠠᠯᠭᠠᠰᠤᠨ ᠤ ᠾᠧ ᠶᠤᠸᠠᠨ ᠨᠡᠶᠢᠭᠡᠮ ᠲᠣᠭᠤᠷᠢᠭ ᠤᠨ ᠲᠥᠷᠥᠯ | ᠵᠥᠢᠯ ᠤᠨ ᠪᠦᠲᠦᠭᠡᠨ ᠪᠠᠶᠢᠭᠤᠯᠤᠯᠲᠠ᠂ ᠰᠢᠷᠬᠤᠰᠤ ᠶᠢᠨ ᠪᠠᠭᠤᠷᠢ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠵᠤ | ᠪᠥᠬᠦ ᠬᠤᠰᠢᠭᠤᠨ ᠤ ᠠᠶᠤᠯᠭᠦᠶ ᠦᠢᠯᠡᠳᠪᠤᠷᠢᠯᠡᠯ ᠵᠡᠷᠭᠡ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠬᠤᠷᠠᠯ ᠡᠷᠭᠢᠯᠠᠭᠦ ᠶᠢᠨ | ᠬᠠᠮᠳᠤ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ | ᠯᠢ ᠵᠥᠩ ᠯᠢᠨ᠂ ᠬᠤᠰᠢᠭᠤ ᠲᠡᠳ᠋ ᠲᠠᠷᠤᠭ᠎ᠠ ᠭᠤᠤ ᠬᠤ᠋᠂ ᠵᠸᠤ ᠱᠤᠸᠠᠢ᠂ ᠪᠠᠶᠠᠠᠴᠡᠩᠭᠡᠯ᠂ ᠯᠢᠦ ᠵᠧᠩ ᠬᠤᠷᠠᠯ ᠳᠤ | ᠤᠷᠤᠯᠴᠠᠵᠤ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠰᠤᠯᠠ | ᠤᠷᠤᠯᠴᠠᠪᠠ᠃ | ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠪᠠᠭᠰᠢ ᠨᠠᠷ ᠡᠷᠳᠡᠮ ᠮᠡᠳᠡᠯᠭᠡ ᠵᠢᠭᠠᠵᠦ ᠬᠦᠮᠦᠵᠢᠬᠦᠯᠬᠦ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠬᠦ ᠪᠠᠷ ᠪᠠᠷᠠᠬᠤ ᠦᠭᠡᠢ ᠬᠥᠮᠦᠨ ᠲᠥᠷᠥᠯᠬᠢᠲᠡᠨ ᠤ ᠣᠶᠤᠨ ᠤ ᠪᠣᠯᠪᠠᠰᠤᠨ ᠢ | ᠤᠯᠠᠮᠵᠢᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠂ ᠪᠦᠬᠦ ᠬᠤᠰᠢᠭᠤ ᠪᠠᠷ ᠢᠶᠠᠨ ᠪᠠᠭᠰᠢ ᠶᠢ | ᠭᠥᠨᠳᠤᠳᠭᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠥᠷᠢᠯᠳᠤᠭᠦᠯᠵᠤ | ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯᠲᠠᠳ ᠢ ᠦᠨᠡᠨᠬᠦ ᠬᠠᠶᠢᠷᠠᠯᠠᠨ ᠬᠠᠯᠠᠮᠵᠢᠯᠠᠬᠤ ᠬᠡᠷᠡᠭᠲᠡᠶ᠃ | ᠬᠤᠰᠢᠭᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠡᠷᠬᠡ ᠲᠡᠭᠰᠢ᠂ ᠲᠥᠪ ᠭᠤᠤᠯᠴᠢ᠂ ᠢᠯᠠ ᠲᠣᠳᠣ | ᠪᠠᠶᠢᠬᠤ ᠵᠠᠷᠴᠢᠮ ᠢ ᠪᠠᠷᠢᠮᠳᠠᠯᠠᠨ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠹᠷᠣᠨᠲ ᠲᠡᠭᠡᠷ᠎ᠠ ᠴᠤᠯᠭᠤᠷᠠᠭᠰᠠᠨ | ᠲᠡᠷᠢᠭᠦᠨ ᠤ ᠬᠠᠮᠲᠤ ᠨᠡᠶᠢᠲᠡ᠂ ᠲᠡᠷᠢᠭᠦᠨ ᠤ ᠬᠥᠮᠦᠰ ᠢ ᠬᠥᠬᠢᠭᠦᠯᠦᠨ ᠰᠠᠶᠢᠰᠢᠶᠠᠵᠤ ᠪᠦᠬᠦ ᠬᠤᠰᠢᠭᠤᠨ ᠤ ᠥᠷᠭᠡᠨ | ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠤᠯᠠᠮ ᠨᠢᠭᠡ | ᠠᠯᠬᠤᠮ ᠵᠣᠷᠢᠭᠵᠢᠭᠤᠯᠵᠤ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ ᠪᠦᠬᠦ | ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ | ᠬᠥᠮᠦᠵᠢᠭᠦᠯᠬᠦ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠠᠭᠦᠯᠤᠨ ᠪᠦᠬᠦ ᠬᠤᠰᠢᠭᠤᠨ ᠤ ᠰᠤᠷᠭᠠᠨ ᠬᠥᠮᠦᠵᠢᠯ ᠢ | ᠠᠷᠠᠳ ᠲᠥᠮᠡᠨ ᠬᠠᠨᠤᠮᠵᠢᠳᠠᠢ ᠰᠤᠷᠭᠠᠨ ᠬᠥᠮᠦᠵᠢᠯ ᠪᠣᠯᠭᠠᠨ ᠡᠷᠬᠢᠯᠡᠬᠦ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ | ᠵᠤᠭᠠᠴᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠪᠤᠯᠤᠨ ᠪᠣᠬᠢᠷᠲᠤᠯ ᠦᠭᠡᠢ ᠠᠮᠢ ᠠᠬᠤᠢ ᠶᠢᠨ | ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠠᠵᠢᠯ ᠢ ᠴᠢᠩᠭ᠎ᠠ ᠠᠳᠬᠤᠵᠤ ᠰᠢᠷᠬᠤᠰᠤ ᠶᠢᠨ ᠪᠠᠭᠤᠷᠢ | ᠵᠢᠴᠢ ᠰᠣᠶᠣᠯ ᠤᠨ ᠡᠬᠢ ᠪᠠᠶᠠᠯᠢᠭ ᠢ ᠭᠥᠢᠴᠠᠳ ᠠᠭᠤᠳᠠᠯᠠᠨ ᠵᠤᠭᠠᠴᠠᠯ ᠤᠨ ᠰᠣᠳᠣᠨ ᠴᠡᠭ ᠪᠠ ᠵᠠᠮ ᠱᠤᠭᠤᠮ ᠢ | ᠪᠣᠶ ᠪᠤᠯᠭᠠᠨ ᠤᠬᠠᠭᠤᠯᠤᠨ ᠲᠠᠨᠢᠯᠴᠠᠭᠤᠯᠬᠤ ᠠᠵᠢᠯ ᠢ ᠥᠷᠨᠢᠭᠦᠯᠵᠦ ᠥᠪᠡᠷᠮᠢᠴᠡ ᠣᠨᠴᠠᠯᠢᠭ ᠲᠠᠢ ᠵᠤᠭᠠᠴᠠᠯ ᠤᠨ | ᠲᠥᠷᠥᠯ ᠲᠡᠮᠳᠡᠭ ᠢ ᠡᠭᠦᠳᠦᠨ ᠰᠣᠶᠣᠯ ᠵᠤᠭᠠᠴᠠᠯ ᠤᠨ ᠡᠬᠢ ᠪᠠᠶᠠᠯᠢᠭ ᠭᠦᠨᠵᠡᠭᠡᠶ ᠠᠭᠤᠰᠤᠯᠴᠠᠨ ᠬᠥᠭᠵᠢᠬᠦ ᠶᠢ | ᠠᠬᠢᠭᠤᠯᠬᠤ ᠬᠡᠷᠡᠭᠲᠡᠶ ᠭᠡᠵᠡᠢ᠃ | ᠵᠤᠤ ᠹᠧᠶ ᠯᠦ ᠴᠢᠬᠤᠯᠠᠴᠢᠯᠠᠬᠤ ᠳᠤ ᠪᠠᠨ᠂ ᠵᠠᠰᠠᠭ ᠤᠨ ᠣᠷᠳᠣᠨ ᠤ ᠡᠯ᠎ᠡ ᠤᠳᠤᠷᠢᠳᠬᠤ ᠪᠠᠭ ᠤᠨ | ᠪᠦᠷᠢᠯᠳᠦᠬᠦᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽ᠤᠭ ᠰᠠᠨᠠᠭ᠎ᠠ ᠪᠠᠨ ᠦᠯᠦ | ᠮᠠᠷᠲᠠᠵᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ | ᠤᠯᠤᠰ ᠲᠥᠷᠦ ᠶᠢᠨ ᠣᠨᠣᠯ ᠪᠣᠯᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ | ᠥᠪᠡᠷ ᠤᠨ ᠡᠭᠦᠷᠭᠡ ᠲᠤᠰᠢᠶᠠᠯ ᠢᠶᠠᠨ ᠭᠥᠢᠴᠡᠳᠭᠡᠭᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠶ᠃ ᠲᠥᠷᠦ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ ᠤᠳᠠᠭ᠎ᠠ ᠶᠢᠨ ᠶᠡᠭᠡ | ᠱᠠᠭᠠᠷᠳᠠᠨ ᠪᠠᠶᠢᠴᠠᠭᠠᠯᠳᠠ ᠶᠢᠨ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠬᠠᠮᠢᠶ᠎ᠠ ᠪᠦᠬᠦᠢ ᠲᠥᠷᠦ ᠶᠢᠨ | ᠪᠣᠳᠣᠯᠭ᠎ᠠ ᠶᠢ ᠴᠠᠭ ᠲᠤᠬᠠᠶ ᠳᠤᠨᠢ ᠤᠶᠢᠯᠠᠭᠠᠨ ᠪᠠᠶᠢᠴᠠᠭᠠᠯᠲᠠ ᠶᠢ ᠤᠭᠲᠤᠬᠤ ᠡᠯ᠎ᠡ ᠲᠥᠷᠤᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ ᠡᠭᠦᠷᠭᠡ ᠪᠠᠨ ᠨᠠᠷᠢᠨ ᠵᠠᠳᠠᠯᠤᠨ ᠠᠵᠢᠯ ᠤᠨ ᠰᠡᠳᠬᠢᠴᠡ ᠪᠠᠨ ᠰᠢᠨᠠᠴᠢᠯᠠᠵᠦ ᠪᠦᠬᠦ ᠵᠢᠯ ᠤᠨ ᠡᠯ᠎ᠡ | ᠲᠥᠷᠤᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠠᠶᠤᠯᠭᠦᠶ | ᠥᠢᠯᠡᠳᠪᠤᠷᠢᠯᠠᠯ᠂ ᠢᠳᠡᠭᠡᠨ ᠡᠮ ᠤᠨ ᠵᠥᠢᠯ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ | ᠬᠠᠮᠠᠭᠠᠯᠠᠬᠤ ᠵᠡᠷᠭᠡ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ | ᠭᠤᠤᠯᠳᠠᠯᠭ᠎ᠠ ᠲᠠᠢ ᠠᠵᠢᠯ ᠲᠥᠷᠥᠯ ᠳᠤ ᠲᠤᠰᠬᠠᠶ ᠪᠠᠶᠢᠴᠠᠭᠠᠯᠲᠠ ᠥᠷᠨᠢᠭᠦᠯᠤᠨ ᠢᠯᠠᠩᠭᠤᠶ᠎ᠠ ᠬᠢᠮᠢ ᠶᠢᠨ ᠠᠵᠤ | ᠦᠢᠯᠡᠳᠪᠤᠷᠢ᠂ ᠨᠡᠭᠦᠷᠡᠰᠦᠨ ᠠᠭᠤᠷᠬᠠᠶ᠂ ᠠᠷᠠᠯᠵᠢᠶ᠎ᠠ ᠬᠤᠳᠠᠯᠳᠤᠭ᠎ᠠ᠂ ᠰᠤᠷᠭᠠᠭᠤᠯᠢ ᠶᠢᠨ ᠬᠦᠷᠢᠶ᠎ᠡ᠂ ᠵᠠᠮ | ᠬᠠᠷᠢᠯᠴᠠᠭ᠎ᠠ ᠵᠢᠴᠢ ᠭᠠᠯ ᠤᠨᠲᠠᠷᠠᠭᠠᠬᠤ ᠵᠡᠷᠭᠡ ᠲᠠᠯ᠎ᠠ ᠳᠤ ᠬᠡᠮ ᠰᠣᠭᠤᠭ ᠢ ᠪᠠᠶᠢᠴᠠᠭᠠᠵᠦ ᠴᠡᠭᠴᠡᠯᠡᠨ ᠵᠠᠰᠠᠬᠤ | ᠠᠵᠢᠯ ᠢ ᠴᠢᠩᠭ᠎ᠠ ᠠᠳᠬᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠶᠢᠳᠪᠤᠷᠢᠯᠠᠭᠦ ᠠᠵᠢᠯ ᠢ ᠰᠠᠶᠢᠲᠤᠷ ᠬᠢᠵᠦ | ᠤᠯᠤᠰ ᠪᠠᠢᠭᠤᠯᠤᠭᠳᠠᠭᠰᠠᠨ 70 ᠵᠢᠯ ᠤᠨ ᠣᠢ ᠶᠢᠨ ᠪᠠᠶᠠᠷ ᠤᠨ ᠬᠤᠭᠤᠴᠠᠭᠠᠨ ᠳᠤ ᠮᠠᠨ ᠤ ᠬᠤᠰᠢᠭᠤᠨ ᠤ ᠠᠮᠤᠷ | ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃ |