9 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠢᠯᠵᠢᠷᠠᠯ ᠢ ᠡᠰᠡᠷᠬᠦᠴᠡᠬᠦ ᠠᠵᠢᠯ ᠢ | ᠵᠣᠬᠢᠴᠠᠭᠤᠯᠬᠤ ᠪᠠᠭ᠎ᠠ ᠳᠣᠭᠤᠶᠢᠯᠠᠩ ᠤᠨ 2019 ᠣᠨ ᠤ ᠬᠤᠶᠠᠳᠣᠭᠠᠷ ᠣᠳᠠᠭᠠᠨ ᠤ ᠬᠤᠷᠠᠯ ᠵᠢᠴᠢ ᠬᠡᠷᠡᠭ ᠢ | ᠪᠠᠶᠢᠴᠠᠭᠠᠨ ᠰᠶᠢᠳᠪᠤᠷᠢᠯᠡᠬᠦ ᠠᠵᠢᠯ ᠤᠨ ᠬᠠᠮᠳᠣᠷᠠᠭᠰᠠᠨ ᠬᠤᠷᠠᠯᠳᠣᠭᠠᠨ ᠬᠤᠰᠢᠭᠤ ᠵᠠᠰᠠᠭ ᠵᠠᠬᠢᠷᠭᠠᠨ ᠤ | ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ | ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠠᠨ ᠲᠢᠶᠠᠨ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ | ᠹᠠ᠂ ᠬᠤᠰᠢᠭᠤ ᠳᠡᠳ᠋ ᠳᠠᠷᠤᠭ᠎ᠠ ᠳᠣᠳᠣᠭᠠᠳᠣ ᠶᠢ ᠬᠠᠮᠠᠭᠠᠯᠠᠬᠤ ᠳᠣᠪᠴᠢᠶᠠᠨ ᠳᠠᠷᠤᠭ᠎ᠠ ᠭᠤᠣ ᠬᠣ᠋᠂ ᠬᠤᠰᠢᠭᠤ | ᠠᠷᠠᠳ ᠤᠨ ᠰᠢᠬᠦᠬᠦ ᠬᠤᠷᠢᠶᠠᠨ ᠤ ᠳᠠᠷᠤᠭ᠎ᠠ ᠰᠦᠨ ᠰᠢᠶᠣᠣ ᠴᠢᠶᠠᠩ᠂ ᠬᠤᠰᠢᠭᠤ ᠠᠷᠠᠳ ᠤᠨ ᠪᠠᠶᠢᠴᠠᠭᠠᠬᠤ | ᠬᠤᠷᠢᠶᠠᠨ ᠳᠠᠷᠤᠭ᠎ᠠ ᠽᠦᠸᠧ ᠴᠧᠨ ᠭᠤᠸᠠᠩ᠂ ᠬᠤᠰᠢᠭᠤ ᠰᠠᠬᠢᠯᠭ᠎ᠠ ᠪᠠᠳᠣ ᠬᠢᠨᠠᠨ ᠪᠠᠶᠢᠴᠠᠭᠠᠬᠤ ᠵᠦᠪᠯᠡᠯ᠂ | ᠵᠣᠬᠢᠶᠠᠨ ᠪᠠᠶᠢᠭᠤᠯᠬᠤ ᠬᠡᠯᠳᠡᠰ᠂ ᠬᠢᠨᠠᠨ ᠪᠣᠳᠣᠬᠤ ᠳᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠬᠡᠮ ᠤᠨ ᠪᠠᠳᠣᠯᠠᠭ᠎ᠠ ᠶᠢᠨ ᠳᠣᠪᠴᠢᠶᠠᠨ ᠤ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ︽ᠳᠣᠮᠳᠠᠳᠣ ᠣᠯᠣᠰ ᠤᠨ ᠡᠪ ᠬᠠᠮᠲᠣ ᠨᠠᠮ ᠤᠨ ᠦᠦᠰᠢᠨ ᠬᠤᠰᠢᠭᠤᠨ ᠤ ᠬᠤᠷᠢᠶ᠎ᠠ | ᠶᠢᠨ ᠢᠯᠵᠢᠷᠠᠯ ᠢ ᠡᠰᠡᠷᠬᠦᠴᠡᠬᠦ ᠠᠵᠢᠯ ᠢ ᠵᠣᠬᠢᠴᠠᠭᠤᠯᠬᠤ ᠪᠠᠭ᠎ᠠ ᠳᠣᠭᠤᠶᠢᠯᠠᠩ ᠤᠨ ᠠᠵᠢᠯᠯᠠᠬᠤ ᠠᠷᠭ᠎ᠠ ︵ᠳᠣᠷᠰᠢᠨ | ᠬᠡᠷᠡᠭᠯᠡᠬᠦ︶︾᠂ ︽ᠳᠣᠮᠳᠠᠳᠣ ᠣᠯᠣᠰ ᠤᠨ ᠡᠪ ᠬᠠᠮᠲᠣ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ | ᠢᠯᠵᠢᠷᠠᠯ ᠢ ᠡᠰᠡᠷᠬᠦᠴᠡᠬᠦ ᠠᠵᠢᠯ ᠢ ᠵᠣᠬᠢᠴᠠᠭᠤᠯᠬᠤ ᠪᠠᠭ᠎ᠠ ᠳᠣᠭᠤᠶᠢᠯᠠᠩ ᠤᠨ ᠬᠡᠰᠢᠬᠦᠳ ᠤᠨ ᠠᠵᠢᠯᠯᠠᠬᠤ ᠳᠦᠷᠢᠮ︾ | ᠢ ᠬᠢᠨᠠᠨ ᠪᠠᠳᠣᠯᠠᠪᠠ᠃ ᠡᠯ᠎ᠡ ᠪᠦᠷᠢᠯᠳᠦᠬᠦᠨ ᠨᠢᠬᠡᠴᠢ ᠠᠴᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠳᠣᠰᠬᠠᠢ ᠳᠡᠮᠡᠴᠡᠯ᠂ ᠬᠠᠮᠢᠶ᠎ᠠ ᠪᠦᠬᠦᠢ ᠬᠡᠷᠡᠭ ᠤᠨ ᠪᠠᠶᠢᠴᠠᠭᠠᠨ ᠰᠢᠳᠭᠡᠭᠰᠡᠨ᠂ ᠰᠠᠬᠢᠯᠭ᠎ᠠ ᠪᠠᠳᠣ ᠶᠢᠨ ᠰᠢᠳᠬᠡᠯ ᠦᠭᠬᠦ | ᠳᠣᠭᠳᠠᠭᠠᠯ ᠢ ᠭᠡᠷᠡᠭᠵᠢᠭᠦᠯᠥᠭᠰᠠᠨ ᠪᠠᠶᠢᠳᠠᠯ ᠤᠨ ᠳᠣᠬᠠᠢ ᠰᠠᠨᠠᠯ ᠢᠶᠠᠨ ᠰᠣᠯᠢᠯᠴᠠᠵᠦ ᠶᠠᠷᠢᠶ᠎ᠠ ᠳᠠᠯᠪᠢᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠳᠠᠯᠠᠨ | ᠣᠯᠣᠰ ᠳᠦᠷᠦ ᠶᠢᠨ ᠡᠬᠦᠷᠭᠡᠯᠡᠯ ᠢᠶᠠᠨ ᠴᠢᠩᠭᠠᠳᠬᠠᠵᠦ ᠪᠣᠳᠠᠳᠠᠢ ᠠᠷᠭ᠎ᠠ ᠪᠠᠷᠢᠯ ᠢ ᠬᠡᠷᠡᠭᠵᠢᠬᠦᠯᠤᠨ ᠳᠣᠭᠤᠷᠢᠨ | ᠪᠠᠶᠢᠴᠠᠭᠠᠵᠦ ᠴᠡᠭᠴᠡᠯᠡᠨ ᠵᠠᠰᠠᠬᠤ ᠠᠵᠢᠯ ᠢ ᠰᠠᠶᠢᠳᠣᠷ ᠬᠢᠵᠦ ᠳᠣᠭᠤᠷᠢᠨ ᠪᠠᠶᠢᠴᠠᠭᠠᠯᠳᠠ ᠠᠴᠠ ᠳᠣᠰᠬᠠᠭᠰᠠᠨ | ᠴᠡᠭᠴᠡᠯᠡᠨ ᠵᠠᠰᠠᠬᠤ ᠰᠠᠨᠠᠯ ᠢ ᠴᠠᠭ ᠳᠣᠬᠠᠢ ᠳᠤᠨᠢ ᠦᠢᠯᠡᠳᠦᠯᠬᠡᠵᠢᠬᠦᠯᠬᠦ ᠶᠢ ᠪᠠᠳᠣᠯᠠᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ | ᠵᠢᠯᠣᠭᠤᠳᠣᠭᠤᠯᠵᠦ ︽ᠳᠦᠷᠪᠡᠨ ᠣᠬᠠᠮᠰᠠᠷ︾ ᠢ ᠪᠤᠢ ᠪᠤᠯᠭᠠᠨ ︽ᠳᠦᠷᠪᠡᠨ ᠢᠳᠡᠭᠡᠯ︾ ᠢ ᠪᠠᠳᠣᠳᠬᠠᠵᠦ ︽ | ᠬᠤᠶᠠᠷ ᠢ ᠬᠠᠮᠠᠭᠠᠯᠠᠬᠤ︾ ᠶᠢ ᠡᠷᠡᠰ ᠲᠤᠭᠤᠰᠢᠯᠠᠭᠤᠯᠤᠨ ᠨᠠᠮ ᠤᠨ ᠨᠢᠬᠡᠳᠦᠯᠳᠡᠢ ᠳᠦᠪᠯᠡᠷᠡᠩᠬᠦᠢ ᠣᠳᠣᠷᠢᠳᠣᠯᠭ᠎ᠠ ᠶᠢ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠳᠤ ᠲᠤᠭᠤᠰᠢᠯᠠᠭᠤᠯᠵᠦ ᠭᠤᠣᠯᠳᠠᠯᠭ᠎ᠠ ᠶᠢ | ᠳᠦᠪᠯᠡᠷᠡᠬᠦᠯᠤᠨ ᠴᠢᠩᠭ᠎ᠠ ᠪᠠᠶᠢᠴᠠᠭᠠᠨ ᠰᠶᠢᠳᠪᠤᠷᠢᠯᠡᠬᠦ ᠢᠯᠵᠢᠷᠠᠮᠠᠯ ᠡᠳᠡᠭᠡᠳ ᠪᠠ ᠢᠯᠵᠢᠷᠠᠮᠠᠯ ᠪᠠᠶᠢᠳᠠᠯ ᠳᠤ ᠦᠨᠳᠦᠷ | ᠳᠠᠷᠣᠯᠳᠠ ᠦᠭᠴᠦ ︽ᠳᠦᠷᠪᠡᠨ ᠰᠣᠷᠳᠠᠯ︾ ᠤᠨ ᠣᠨᠳᠣᠤᠰᠢᠯ ᠠᠰᠠᠭᠤᠳᠠᠯ ᠳᠤ ᠴᠢᠩᠭ᠎ᠠ ᠬᠢᠨᠠᠯᠳᠠ ᠳᠠᠯᠪᠢᠨ | ᠠᠷᠢᠭᠤᠨ ᠴᠢᠬᠡᠴᠢ ᠣᠯᠣᠰ ᠳᠦᠷᠦ ᠶᠢᠨ ᠠᠮᠢ ᠠᠬᠤᠢ ᠶᠢ ᠪᠦᠷᠢᠯᠳᠦᠬᠦᠯᠵᠦ ᠬᠠᠷ᠎ᠠ ᠪᠦᠯᠦᠭᠳᠡᠨ ᠬᠠᠷᠬᠢᠰ ᠬᠦᠴᠦᠨ | ᠳᠤ ᠦᠷᠬᠦᠯᠵᠢᠯᠠᠨ ᠴᠢᠩᠭ᠎ᠠ ᠴᠣᠬᠢᠯᠳᠠ ᠦᠭᠴᠦ ᠨᠡᠶᠢᠬᠡᠮ ᠤᠨ ᠳᠦᠪ ᠶᠣᠰᠣᠨ ᠢ ᠬᠠᠮᠠᠭᠠᠯᠠᠬᠤ ᠬᠡᠷᠡᠭᠲᠡᠢ᠃ ᠡᠯ᠎ᠡ | ᠪᠦᠷᠢᠯᠳᠦᠬᠦᠨ ᠨᠢᠬᠡᠴᠢ ᠶᠢᠨ ᠬᠢᠨ ᠣᠳᠣᠷᠢᠳᠬᠤ ᠪᠠᠭ᠎ᠠ ᠳᠣᠭᠤᠶᠢᠯᠠᠩ ᠤᠨ ᠠᠵᠢᠯᠯᠠᠬᠤ ᠳᠣᠭᠳᠠᠯᠴᠠᠭ᠎ᠠ ᠶᠢ ᠬᠢᠨᠠᠮᠠᠭᠠᠢ | ᠵᠣᠬᠢᠴᠠᠭᠤᠯᠵᠦ ᠢᠯᠵᠢᠷᠠᠯ ᠢ ᠡᠰᠡᠷᠬᠦᠴᠡᠬᠦ ᠠᠵᠢᠯ ᠤᠨ ᠬᠠᠮᠲᠣ ᠶᠢᠨ ᠭᠥᠴᠤᠨ ᠢ ᠪᠦᠷᠢᠯᠳᠦᠬᠦᠯᠬᠦ ᠬᠡᠷᠡᠭᠲᠡᠢ ᠬᠡᠪᠡ᠃ | |