︽ᠤᠨᠢᠰᠣᠭᠠᠯᠢᠭ ᠰᠢᠷᠬᠤᠰᠣ︾ ᠭᠡᠭᠦ ᠺᠢᠨᠣ᠋ ᠦᠵᠡᠭᠴᠢ ᠲᠦᠮᠡᠨ ᠲᠠᠢ ᠪᠠᠨ ᠠᠩᠬ᠎ᠠ ᠵᠤᠯᠭᠠᠯ᠎ᠠ
ᠨᠡᠶᠢᠲᠡᠯᠡᠭᠰᠡᠨ ᠴᠠᠭ᠄
2019-09-10
     ᠣᠶᠢᠷ᠎ᠠ ᠶᠢᠨ ᠡᠳᠦᠷ᠂ ︽ᠤᠨᠢᠰᠣᠭᠠᠯᠢᠭ ᠰᠢᠷᠬᠤᠰᠣ︾ ᠭᠡᠭᠦ ᠺᠢᠨᠣ᠋ ᠦᠥᠰᠢᠨ ᠬᠤᠰᠢᠭᠤᠨ ᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠳᠤ ᠦᠵᠡᠭᠴᠢ ᠲᠦᠮᠡᠨ ᠲᠠᠢ ᠪᠠᠨ ᠠᠩᠬ᠎ᠠ ᠵᠤᠯᠭᠠᠯ᠎ᠠ᠃ ᠣᠷᠳᠣᠰ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠴᠧᠨ ᠰᠢ᠂ ᠬᠤᠰᠢᠭᠤ ᠣᠯᠣᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ ᠯᠢᠦ ᠵᠧᠩ᠂ ᠬᠤᠰᠢᠭᠤ ᠣᠳᠣᠷᠢᠳᠣᠯᠭ᠎ᠠ ᠤᠶᠤᠨᠪᠢᠯᠢᠭ᠌ ᠪᠤᠯᠤᠨ ᠺᠢᠨᠤ᠋ ᠦᠢᠯᠡᠳᠦᠭᠴᠢ᠂ ᠺᠢᠨᠣ᠋ ᠤᠳᠤᠷᠢᠳᠤᠭᠠᠴᠢ ᠨᠠᠷ ᠠᠵᠢᠯᠯᠠᠭᠠᠨ ᠳᠤ ᠣᠷᠣᠯᠴᠠᠪᠠ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠶᠠᠷᠢᠶᠠᠨ ᠳᠠᠭᠠᠨ᠂ ᠳᠡᠯᠡᠬᠡᠶ ᠳ᠋ᠠᠬᠢᠨ ᠳᠤ ᠠᠯᠳᠠᠷᠰᠢᠭᠰᠠᠨ ᠪᠣᠷᠣᠲᠣᠬᠤᠶ ᠬᠥᠮᠦᠨ ︵ᠣᠷᠳᠣᠰ ᠬᠥᠮᠦᠨ︶  ᠤ ︽ᠡᠬᠡ ᠨᠤᠲᠤᠭ︾᠂ ᠭᠡᠷᠡᠯ ᠰᠠᠴᠤᠷᠠᠩᠭᠤᠶ ᠰᠢᠷᠬᠤᠰᠣ ᠶᠢᠨ ᠰᠣᠶᠣᠯ ᠨᠢ ᠬᠥᠮᠦᠨ ᠲᠥᠷᠥᠯᠬᠢᠲᠡᠨ ᠤ ᠪᠣᠯᠪᠠᠰᠤᠨ ᠳᠤ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠦᠯᠢᠭᠡᠷ ᠦᠯᠡᠳᠡᠭᠡᠪᠡ᠃ ︽ᠤᠨᠢᠰᠣᠭᠠᠯᠢᠭ ᠰᠢᠷᠬᠤᠰᠣ︾ ᠬᠡᠬᠦ ᠺᠢᠨᠣ᠋ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠳᠤ ᠮᠠᠨ ᠤ ᠬᠤᠰᠢᠭᠤᠨ ᠤ ᠳᠡᠪᠰᠢᠬᠦᠯᠦᠭᠰᠡᠨ ᠪᠡᠯᠡᠭ᠂ ᠥᠪᠡᠷᠲᠡᠭᠡᠨ ᠵᠠᠰᠠᠬᠤ ᠣᠷᠣᠨ ᠤ ᠪᠦ᠋ ᠰᠢᠶᠣᠤ ᠯᠢᠨ ᠲᠡᠷᠢᠭᠦᠯᠡᠭᠴᠢ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠃ ᠰᠢᠷᠬᠤᠰᠣ ᠰᠣᠶᠣᠯ ᠤᠨ ᠪᠠᠭᠤᠷᠢ ᠶᠢ ᠬᠠᠮᠠᠭᠠᠯᠠᠬᠤ᠂ ᠤᠬᠠᠭᠤᠯᠬᠤ ᠪᠠ ᠲᠠᠨᠢᠯᠴᠠᠭᠤᠯᠬᠤ ᠠᠵᠢᠯ ᠢ ᠴᠢᠩᠭᠠᠳᠬᠠᠬᠤ᠂ ᠦᠨᠳᠦᠰᠦᠲᠡᠨ ᠤ ᠰᠣᠶᠣᠯ ᠤᠨ ᠠᠭᠤᠯᠬᠤᠨ ᠢ ᠭᠦᠢᠴᠡᠳ ᠠᠭᠤᠳᠠᠯᠵᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠭᠦᠨᠵᠡᠭᠡᠶ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠵᠤ  ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠪᠥᠳᠥᠴᠠ ᠶᠢ ᠪᠥᠷᠢᠯᠳᠤᠭᠦᠯᠭᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠪᠠᠶᠢᠵᠤ ᠰᠢᠷᠬᠤᠰᠣ ᠰᠣᠶᠣᠯ ᠤᠨ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠪᠤᠢ ᠪᠣᠯᠭᠠᠬᠤ᠂ ᠰᠢᠷᠬᠤᠰᠣ ᠰᠣᠶᠣᠯ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠲᠥᠯᠥᠪᠯᠠᠬᠦ᠂ ᠰᠢᠷᠬᠤᠰᠣ ᠤᠯᠤᠰ ᠤᠨ 5 A ᠲᠡᠰ ᠤᠨ ᠦᠵᠡᠮᠵᠢ ᠶᠢᠨ ᠣᠷᠣᠨ ᠤ ᠡᠭᠦᠳᠦᠨ ᠪᠠᠶᠢᠭᠤᠯᠤᠯᠲᠠ ᠶᠢ ᠡᠬᠢᠯᠡᠭᠦᠯᠬᠦ᠂ ᠳᠡᠯᠡᠬᠡᠶ ᠶᠢᠨ ᠰᠣᠶᠣᠯ ᠬᠢᠭᠡᠳ ᠪᠠᠶᠢᠭᠠᠯᠢ ᠶᠢᠨ ︽ᠬᠤᠣᠰ ᠥᠪ︾ ᠢ ᠭᠤᠶᠤᠴᠢᠯᠠᠨ ᠮᠡᠳᠡᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ ᠭᠡᠵᠡᠢ᠃
     ᠤᠳᠤᠷᠢᠳᠤᠭᠠᠴᠢ ᠭᠤᠤ ᠯᠢ ᠴᠢᠶᠠᠩ ᠶᠠᠷᠢᠶᠠᠨ ᠳᠠᠭᠠᠨ᠂ ᠦᠥᠰᠢᠨ ᠬᠤᠰᠢᠭᠤ ᠪᠣᠯ ᠡᠷᠲᠡᠨ ᠤ ᠭᠠᠶᠢᠬᠠᠮᠰᠢᠭᠲᠤ ᠨᠤᠲᠤᠭ ᠳᠡᠪᠢᠰᠬᠡᠷ ᠮᠥᠨ᠂ ᠬᠥᠮᠥᠨ ᠲᠥᠷᠥᠯᠬᠢᠲᠡᠨ ᠤ ᠪᠣᠯᠪᠠᠰᠤᠨ ᠤ ᠥᠯᠥᠭᠡᠶ᠂ ᠠᠳᠡ ᠳᠡᠯᠡᠬᠡᠢ ᠳᠤ ᠠᠯᠳᠠᠷᠲᠠᠶ ᠰᠢᠷᠬᠤᠰᠣ ᠶᠢᠨ ᠰᠣᠶᠣᠯ ᠪᠣᠶ᠃ ︽ᠤᠨᠢᠰᠣᠭᠠᠯᠢᠭ ᠰᠢᠷᠬᠤᠰᠣ︾ ᠭᠡᠬᠦ ᠺᠢᠨᠣ᠋ ᠶᠢ ᠦᠥᠰᠢᠨ ᠬᠤᠰᠢᠭᠤᠨ ᠳᠤ ᠰᠣᠩᠭᠤᠨ ᠰᠡᠭᠦᠳᠡᠷᠯᠡᠭᠰᠡᠨ ᠤ ᠤᠴᠢᠷ ᠭᠡᠪᠡᠯ ᠠᠳᠡ ᠭᠦᠨ ᠵᠤᠵᠠᠭᠠᠨ ᠰᠣᠶᠣᠯ ᠤᠨ ᠬᠤᠷᠠᠮᠳᠤᠯ᠂ ᠮᠠᠰᠢ ᠣᠯᠠᠨ ᠰᠣᠶᠣᠯ ᠢᠷᠭᠡᠨᠰᠢᠯ ᠤᠨ ᠰᠡᠳᠬᠢᠯᠭᠡ ᠲᠠᠢ ᠪᠠᠶᠢᠵᠤ ᠺᠢᠨᠣ᠋ ᠵᠣᠬᠢᠶᠠᠨ ᠪᠦᠲᠦᠭᠡᠬᠦ ᠳᠤ ᠰᠠᠶᠢᠨ ᠰᠠᠭᠤᠷᠢ ᠶᠢ ᠬᠠᠩᠭᠠᠭᠰᠠᠨ ᠪᠠᠶᠢᠨ᠎ᠠ᠃ ᠵᠦᠴᠦᠭᠡ ᠶᠢᠨ ᠵᠣᠬᠢᠶᠠᠯ ᠪᠣᠯ ᠰᠢᠷᠬᠤᠰᠣ ᠶᠢᠨ ᠲᠠᠣᠬᠡ   ᠶᠢ ᠦᠨᠳᠦᠰᠦᠯᠡᠵᠦ ᠪᠢᠴᠢᠭᠰᠡᠨ ᠶᠤᠮ ᠭᠡᠪᠡ᠃      ᠣᠶᠢᠯᠠᠭᠠᠭᠰᠠᠨ ᠢᠶᠠᠷ᠂ ︽ᠤᠨᠢᠰᠣᠭᠠᠯᠢᠭ ᠰᠢᠷᠬᠤᠰᠣ︾ ᠭᠡᠭᠦ ᠺᠢᠨᠣ᠋ ᠶᠢ ᠭᠤᠷᠪᠠᠨ ᠵᠢᠯ ᠤᠨ ᠴᠠᠭ ᠵᠠᠷᠣᠴᠠᠭᠤᠯᠣᠨ  ᠰᠡᠭᠦᠳᠡᠷᠯᠡᠨ ᠦᠢᠯᠡᠳᠴᠡᠢ᠃ ᠲᠣᠰ ᠺᠢᠨᠣ᠋ ᠨᠢ ᠰᠢᠷᠬᠤᠰᠣᠨ ᠭᠤᠣᠯ ᠢᠶᠠᠷ ᠺᠢᠨᠤ᠋ ᠶᠢᠨ ᠠᠷᠣ ᠦᠵᠡᠭᠳᠡᠯ ᠪᠤᠯᠭᠠᠵᠤ ᠭᠠᠵᠠᠷ ᠤᠨ ᠵᠢᠷᠤᠭ ᠰᠡᠶᠢᠯᠦᠭᠰᠡᠨ ᠡᠷᠲᠠᠨ ᠤ ᠬᠤᠪᠤᠷ ᠨᠠᠨᠳᠢᠨ ᠴᠢᠯᠠᠭᠤᠵᠢᠮᠠᠯ ᠡᠷᠢᠭᠦ ᠤᠶᠢᠯᠡ ᠶᠠᠪᠤᠳᠠᠯ ᠢᠶᠠᠷ ᠲᠠᠮᠵᠢᠭᠤᠯᠤᠨ ᠦᠤᠰᠢᠨ ᠨᠤᠳᠤᠭ ᠤᠨ ᠰᠤᠶᠤᠯ ᠪᠤᠯᠪᠠᠰᠣᠨ᠂ ᠥᠨᠢ ᠤᠳᠠᠭᠠᠨ ᠲᠡᠤᠭᠡ ᠰᠤᠶᠤᠯ᠂ ᠠᠷᠠᠳ ᠢᠷᠭᠡᠳ ᠤᠨ ᠵᠠᠩ ᠦᠢᠯᠡ᠂ ᠦᠢᠯᠡᠳᠪᠤᠷᠢᠯᠡᠯ ᠠᠮᠢᠳᠤᠷᠠᠯ ᠪᠤᠯᠤᠨ ᠭᠤᠶᠢᠳᠠ ᠰᠠᠶᠢᠬᠠᠨ ᠥᠩᠭᠡ ᠦᠵᠡᠮᠵᠢ ᠂ ᠡᠭᠡᠯ ᠪᠣᠷᠣᠭᠵᠢᠭᠤᠨ ᠠᠷᠠᠳ ᠤᠨ ᠵᠠᠩ ᠰᠤᠷᠲᠠᠯ᠂ ᠪᠠᠶᠢᠭᠠᠯᠢ ᠤᠷᠴᠢᠨ ᠤ ᠡᠶ᠎ᠡ ᠵᠤᠬᠢᠴᠠᠯ  ᠢ ᠠᠮᠢᠳᠤᠯᠢᠭ ᠢᠶᠠᠷ ᠲᠡᠯᠭᠡᠨ ᠦᠵᠡᠭᠦᠯᠵᠦ ᠨᠤᠮᠢᠨ ᠲᠠᠩᠰᠤᠭ ᠦᠤᠰᠢᠨ ᠤ ᠨᠡᠷ᠎ᠡ ᠠᠯᠳᠠᠷ ᠢ ᠲᠡᠭᠡᠭᠰᠢᠯᠡᠭᠦᠯᠤᠨ ᠦᠤᠰᠢᠨ ᠨᠣᠳᠤᠭ ᠤᠨ ᠴᠢᠨᠠᠷ ᠰᠠᠶᠢᠳᠡᠢ ᠬᠦᠭᠵᠢᠯᠳᠡ ᠶᠢ ᠠᠬᠢᠭᠤᠯᠵᠤ ᠪᠤᠬᠢᠷᠳᠡᠯ ᠦᠭᠡᠢ ᠬᠦᠭᠵᠢᠯᠳᠡ ᠶᠢ ᠪᠠᠶᠠᠯᠡᠭᠦᠯᠭᠦ ᠶᠢ ᠤᠷᠢᠶᠠᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号